ᠳᠤᠮᠳᠠᠳᠤ᠎ᠶᠢᠨ ᠥᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠤ ᠴᠤᠬᠴᠠᠯᠠᠬᠤ ᠪᠡᠷ ᠭᠤᠤᠯ ᠰᠢᠵᠢᠮ ᠪᠤᠯᠭᠠᠵᠦ ᠵᠢᠱ᠌ᠢᠶᠡᠴᠢ ᠦᠪᠡᠷᠳᠡᠬᠡᠨ ᠵᠠᠰᠠᠬᠤ ᠤᠷᠤᠨ᠎ᠢ ᠪᠦᠲᠦᠬᠡᠨ ᠪᠠᠢᠭᠤᠯᠬᠤ ᠪᠤᠯ ᠦᠪᠡᠷᠳᠡᠬᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠳᠠ ᠵᠢᠨ 《1》 ᠵᠢᠨ ᠠᠭᠤᠯᠭ᠎ᠠ ᠮᠦᠨ᠃ ᠮᠦᠨ ᠴᠤ᠌ ᠪᠢᠳᠡᠨ᠎ᠤ ᠵᠢᠭᠠᠨ ᠰᠤᠷᠭᠠᠯᠲᠠ ᠵᠢᠨ ᠶᠠᠪᠤᠴᠠ᠎ᠳᠤ ᠵᠠᠪᠠᠯ ᠬᠢᠵᠦ ᠪᠡᠶᠡᠯᠡᠬᠦᠯᠬᠦ ᠴᠢᠬᠤᠯᠠ ᠲᠠᠢ ᠠᠭᠤᠯᠭ᠎ᠠ ᠪᠤᠯᠤᠨ᠎ᠠ᠃ ᠵᠠᠯᠠᠭᠤᠴᠤᠳ ᠪᠠᠭᠠᠴᠤᠳ᠂ ᠢᠯᠠᠩᠭᠤᠶ᠎ᠠ ᠦᠨᠳᠦᠷ ᠳᠤᠮᠳᠠᠳᠤ᠎ᠶᠢᠨ ᠰᠤᠷᠤᠭ᠍ᠴᠢᠳ ᠲᠦ᠍ ᠠᠪᠴᠤ ᠬᠡᠯᠡᠪᠡᠯ᠂ ᠲᠡᠳᠡ ᠶᠠᠭ ᠶᠢᠷᠲᠢᠨᠴᠦ᠎ᠶᠢᠨ ᠦᠵᠡᠯᠲᠡ᠂ ᠠᠮᠢᠳᠤᠷᠠᠬᠤᠢ᠎ᠶᠢᠨ ᠦᠵᠡᠯᠲᠡ᠂ ᠦᠷᠲᠡᠭ᠎ᠦᠨ ᠦᠵᠡᠯᠲᠡ ᠪᠦᠷᠢᠯᠳᠦᠵᠦ ᠪᠠᠢᠭ᠎ᠠ ᠵᠠᠩᠭᠢᠯᠠᠭ᠎ᠠ᠎ᠶᠢᠨ ᠬᠤᠭᠤᠴᠠᠭᠠᠨ ᠳ᠋ᠠᠭᠠᠨ ᠪᠠᠢᠵᠦ᠂ ᠵᠢᠭᠠᠨ ᠰᠤᠷᠭᠠᠯᠲᠠ ᠳᠤᠮᠳᠠ ᠳᠤᠮᠳᠠᠳᠤ᠎ᠶᠢᠨ ᠥᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠤᠢ ᠪᠤᠯᠭᠠᠬᠤ ᠨᠢ ᠮᠠᠰᠢ ᠴᠢᠬᠤᠯᠠ ᠠᠴᠢ ᠬᠣᠯᠪᠤᠭᠳᠠᠯ ᠲᠠᠢ᠃
ᠲᠡᠭᠡᠪᠡᠯ᠂ ᠪᠤᠳᠠᠳᠠᠢ ᠵᠢᠭᠠᠨ ᠰᠤᠷᠭᠠᠯᠳᠠ ᠳ᠋ᠤ ᠶᠠᠭᠠᠬᠢᠵᠦ ᠬᠢᠪᠡᠯ ᠵᠤᠬᠢᠬᠤ ᠪᠤᠢ ?
ᠲᠡᠤᠬᠡ ᠪᠡᠷ ᠲᠤᠯᠢ ᠪᠤᠯᠭᠠᠵᠦ᠂ ᠦᠵᠡᠯ ᠰᠠᠨᠠᠭᠠᠨ᠎ᠤ ᠰᠠᠭᠤᠷᠢ ᠵᠢ ᠪᠠᠳᠤᠳᠬᠠᠵᠦ ᠪᠤᠯᠤᠨ᠎ᠠ᠃ ᠡᠷᠲᠡᠨ᠎ᠦ ᠦᠯᠢᠭᠡᠷ ᠲᠡᠦᠬᠡ ᠵᠢ ᠶᠠᠷᠢᠬᠤ ᠪᠡᠷ ᠲᠠᠮᠵᠢᠵᠦ ᠰᠤᠷᠤᠭ᠍ᠴᠢᠳ᠎ᠤᠨ ᠲᠤᠮᠳᠠᠳᠤ ᠵᠢᠨ ᠦᠨᠳᠦᠰᠦᠳᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠤ ᠴᠤᠬᠴᠠᠯᠠᠬᠤ ᠪᠤᠯ ᠨᠡᠯᠢᠶᠡᠳ ᠪᠦᠲᠦᠮᠵᠢᠳᠡᠢ ᠠᠷᠭ᠎ᠠ ᠬᠡᠯᠪᠡᠷᠢ ᠶᠤᠮ᠃ ᠡᠳᠦᠷ ᠳᠣᠲᠣᠮ᠎ᠤᠨ ᠵᠢᠭᠠᠨ ᠰᠤᠷᠭᠠᠯᠲᠠ ᠳᠤᠮᠳᠠ ᠰᠤᠷᠤᠭ᠍ᠴᠢᠳ᠎ᠲᠤ ᠳᠤᠮᠳᠠᠳᠤ᠎ᠶᠢᠨ ᠥᠨᠳᠦᠰᠦᠲᠡᠨ᠎ᠦ ᠲᠠᠪᠤᠨ ᠮᠢᠩᠭᠠᠨ ᠵᠢᠯ᠎ᠦᠨ ᠲᠡᠦᠬᠡ ᠪᠣᠯᠪᠠᠰᠤᠨ᠎ᠢ ᠡᠯ᠎ᠡ ᠦᠨᠳᠦᠰᠦᠲᠡᠨ ᠬᠠᠮᠲᠤ᠎ᠪᠠᠷ ᠴᠣᠭᠴᠠᠯᠠᠨ ᠪᠦᠲᠦᠭᠡᠭᠰᠡᠨ ᠮᠦᠷᠲᠡᠭᠡᠨ ᠲᠠᠪᠢᠨ ᠵᠢᠷᠭᠣᠭᠠᠨ ᠥᠨᠳᠦᠰᠦᠲᠡᠨ ᠬᠡᠨ ᠠᠯᠢᠨ᠎ᠠᠴᠠ᠎ᠪᠠᠨ ᠰᠠᠯᠵᠤ ᠳᠡᠢᠯᠬᠦ ᠦᠭᠡᠢ ᠵᠢᠭᠠᠰᠤ ᠤᠰᠤᠨ᠎ᠤ ᠬᠠᠷᠢᠴᠠᠭ᠎ᠠ ᠲᠠᠢ ᠭᠡᠳᠡᠭ᠎ᠢ ᠮᠡᠳᠡᠷᠡᠭᠦᠯᠦᠨ᠎ᠡ᠃ ᠵᠢᠱ᠌ᠢᠶᠡᠯᠡᠪᠠᠯ᠄ ᠬᠠᠨ ᠤᠯᠤᠰ᠎ᠤᠨ ᠦᠶ᠎ᠡ ᠳ᠋ᠦ᠍ ᠸᠠᠩ ᠵᠣᠣ ᠵᠢᠶᠦ᠋ᠨ ᠾᠦᠩᠨᠤ᠎ᠳᠤ ᠮᠣᠷᠳᠠᠭᠰᠠᠨ᠂ ᠲᠠᠩ ᠤᠯᠤᠰ᠎ᠤᠨ ᠦᠶ᠎ᠡ᠎ᠳᠦ ᠸᠸᠨ ᠴᠸᠩ ᠭᠦᠩᠵᠦ ᠲᠦᠪᠡᠳ᠎ᠲᠦ ᠮᠣᠷᠳᠠᠭᠰᠠᠨ᠂ ᠴᠢᠩ ᠤᠯᠤᠰ᠎ᠤᠨ ᠦᠶ᠎ᠡ᠎ᠳᠦ ᠲᠣᠷᠭᠣᠳᠴᠤᠳ ᠠᠯᠢ ᠤᠯᠠᠨ ᠬᠦᠴᠢᠷ ᠪᠡᠷᠬᠡ᠎ᠶᠢ ᠳᠠᠪᠠᠵᠤ ᠡᠬᠡ ᠤᠯᠤᠰ᠎ᠲᠠᠭᠠᠨ ᠪᠤᠴᠠᠭᠰᠠᠨ ᠵᠡᠷᠭᠡ ᠲᠡᠦᠬᠡᠨ ᠦᠯᠢᠭᠡᠷ᠎ᠢ ᠰᠤᠷᠤᠭ᠍ᠴᠢᠳ᠎ᠲᠤ ᠦᠯᠢᠭᠡᠷ ᠶᠠᠷᠢᠬᠤ᠂ ᠺᠢᠨᠤ᠋ ᠲᠸᠯᠸᠢᠰ ᠦᠵᠡᠭᠦᠯᠬᠦ ᠵᠡᠷᠭᠡ ᠬᠡᠯᠪᠡᠷᠢ ᠪᠠᠷ ᠰᠡᠳᠬᠢᠯ ᠳ᠋ᠤᠨᠢ ᠰᠠᠭᠤᠬᠳᠠᠭᠤᠯᠤᠨ ᠰᠡᠩᠬᠡᠷᠡᠭᠦᠯᠦᠨ᠎ᠡ᠃ ᠪᠠᠰᠠ ᠰᠤᠷᠤᠬᠴᠢᠳᠢ ᠵᠤᠬᠢᠶᠠᠨ ᠪᠠᠢᠭᠤᠯᠵᠦ 《〈5 • 1〉 ᠵᠢᠨ ᠬᠤᠷᠠᠯ᠎ᠤᠨ ᠭᠡᠷ》᠂ 《ᠥᠨᠳᠦᠰᠦᠲᠡᠨ᠎ᠦ ᠴᠢᠯᠦᠭᠡᠯᠡᠯᠲᠡ᠎ᠶᠢᠨ ᠳᠤᠷᠠᠰᠬᠠᠯ᠎ᠤᠨ ᠣᠷᠳᠣᠨ》 ᠵᠡᠷᠭᠡ ᠬᠤᠪᠢᠰᠬᠠᠯ᠎ᠤᠨ ᠪᠠᠭᠤᠷᠢ᠎ᠪᠠᠷ ᠲᠣᠭᠤᠷᠢᠨ ᠦᠵᠡᠭᠦᠯᠵᠦ ᠲᠤᠰᠬᠠᠢ ᠲᠠᠢᠯᠪᠤᠷᠢᠯᠠᠭ᠍ᠴᠢ᠎ᠶᠢᠨ ᠲᠠᠨᠢᠯᠴᠠᠭᠤᠯᠬᠤ᠎ᠶᠢ ᠰᠣᠨᠣᠰᠬᠠᠪᠠᠯ ᠨᠡᠩ ᠭᠦᠨᠵᠡᠭᠡᠢ ᠣᠢᠯᠠᠭᠠᠯᠲᠠ ᠲᠠᠢ ᠪᠣᠯᠬᠤ ᠨᠢ ᠭᠠᠷᠴᠠᠭ᠎ᠠ ᠦᠬᠡᠢ᠃
ᠰᠤᠶᠤᠯ ᠪᠤᠯ ᠨᠢᠬᠡ ᠤᠯᠤᠰ ᠦᠨᠳᠦᠰᠦᠳᠡᠨ᠎ᠤ ᠰᠦᠭ ᠰᠦᠨᠡᠰᠤ᠂ ᠲᠤᠮᠳᠠᠳᠤ ᠵᠢᠨ ᠰᠤᠶᠤᠯ ᠪᠤᠯ ᠲᠤᠮᠳᠠᠳᠤ ᠵᠢᠨ ᠡᠯ᠎ᠠ ᠦᠨᠳᠦᠰᠦᠳᠡᠨ᠎ᠤ ᠰᠤᠶᠤᠯ᠎ᠤᠨ ᠶᠡᠷᠦᠩᠬᠡᠢᠯᠡᠯ ᠮᠦᠨ᠃ ᠦᠨᠳᠦᠷ ᠲᠤᠮᠳᠠᠳᠤ ᠵᠢᠨ ᠰᠤᠷᠤᠬᠴᠢᠳ᠎ᠤᠨ ᠲᠤᠮᠳᠠᠳᠤ ᠵᠢᠨ ᠦᠨᠳᠦᠰᠦᠳᠡᠨ᠎ᠤ ᠬᠠᠮᠳᠤ ᠵᠢᠨ ᠴᠤᠬᠴᠠ ᠵᠢᠨ ᠤᠬᠠᠮᠰᠠᠷ᠎ᠢ ᠪᠠᠳᠤ ᠴᠤᠬᠴᠠᠯᠠᠬᠤ ᠳ᠋ᠤ᠂ ᠲᠡᠳᠡᠨ᠎ᠢ ᠬᠦᠲᠦᠯᠤᠨ ᠵᠢᠯᠤᠭᠤᠳᠴᠤ ᠲᠤᠮᠳᠠᠳᠤ ᠵᠢᠨ ᠦᠨᠳᠦᠰᠦᠳᠡᠨ᠎ᠤ ᠰᠢᠯᠢᠳᠡᠭ ᠤᠯᠠᠮᠵᠢᠯᠠᠯᠳᠤ ᠰᠤᠶᠤᠯ᠎ᠤᠨ ᠲᠤᠬᠠᠢ ᠬᠠᠮᠳᠤ ᠵᠢᠨ ᠲᠠᠨᠢᠯᠳᠠ ᠵᠢ ᠪᠤᠢ ᠪᠤᠯᠭᠠᠬᠤ ᠪᠠ ᠤᠯᠠᠮᠵᠢᠯᠠᠨ ᠵᠠᠯᠭᠠᠮᠵᠢᠯᠠᠭᠤᠯᠬᠤ ᠪᠤᠯ ᠵᠠᠩᠬᠢᠯᠠᠭ᠎ᠠ ᠪᠤᠯᠤᠨ᠎ᠠ᠃ ᠰᠤᠷᠭᠠᠭᠤᠯᠢ ᠵᠢᠨ ᠬᠢᠨ ᠰᠤᠩᠭᠤᠳᠠᠬ ᠪᠦᠲᠦᠬᠡᠯ᠎ᠢ ᠤᠶᠠᠩᠭᠠᠯᠠᠬᠤ᠂ ᠪᠤᠳᠠᠰ᠎ᠤᠨ ᠪᠤᠰᠤ ᠰᠤᠶᠤᠯ᠎ᠤᠨ ᠦᠪ᠎ᠢ ᠤᠢᠯᠠᠭᠠᠬᠤ᠂ ᠦᠨᠳᠦᠰᠦᠳᠡᠨ᠎ᠤ ᠤᠷᠠᠯᠢᠬ᠎ᠤᠨ ᠦᠵᠡᠬᠦᠯᠬᠡ ᠵᠢ ᠰᠤᠨᠢᠷᠬᠠᠬᠤ ᠵᠡᠷᠬᠡ ᠡᠯᠪᠡᠭ ᠪᠠᠶᠠᠯᠢᠬ ᠤᠯᠠᠨ ᠶᠠᠩᠵᠦ ᠵᠢᠨ ᠰᠤᠶᠤᠯ᠎ᠤᠨ ᠠᠵᠢᠯᠯᠠᠭ᠎ᠠ ᠵᠢ ᠵᠤᠬᠢᠶᠠᠨ ᠪᠠᠢᠭᠤᠯᠤᠨ ᠦᠷᠨᠢᠬᠦᠯᠬᠦ ᠪᠡᠷ ᠲᠠᠮᠵᠢᠵᠦ᠂ ᠰᠤᠷᠤᠭᠴᠢᠳ ᠲᠦ᠍ ᠲᠤᠮᠳᠠᠳᠤ ᠵᠢᠨ ᠰᠤᠶᠤᠯ᠎ᠤᠨ ᠦᠷᠬᠡᠨ ᠲᠡᠯᠬᠡᠷ᠂ ᠬᠦᠨ ᠬᠦᠨᠵᠡᠬᠡᠢ ᠪᠠ ᠠᠭᠤᠳᠠᠮᠴᠢ ᠪᠠᠭᠳᠠᠭᠠᠮᠵᠢ ᠵᠢ ᠪᠡᠶᠡᠴᠢᠯᠡᠨ ᠮᠡᠳᠡᠷᠡᠭᠦᠯᠪᠡᠯ ᠵᠤᠬᠢᠨ᠎ᠠ᠃ ᠰᠤᠶᠤᠯ᠎ᠤᠨ ᠤᠮᠳᠠᠯᠠᠯ ᠵᠢᠡᠷ ᠲᠠᠮᠵᠢᠵᠦ᠂ ᠰᠤᠷᠤᠬᠴᠢᠳᠢ ᠬᠠᠢᠷ᠎ᠠ ᠰᠡᠳᠬᠢᠯᠬᠡ ᠵᠢᠨ ᠲᠠᠯ᠎ᠠ ᠪᠡᠷ ᠬᠠᠮᠳᠤ ᠵᠢᠨ ᠴᠤᠤᠷᠢᠶᠠᠳᠤᠯ ᠲᠠᠢ ᠪᠤᠯᠭᠠᠵᠦ᠂ ᠤᠶᠤᠨ ᠰᠠᠨᠠᠭᠠᠨ᠎ᠤ ᠲᠠᠯ᠎ᠠ ᠪᠡᠷ ᠬᠠᠷᠢᠶᠠᠯᠠᠯ ᠲᠠᠢ ᠪᠤᠯᠭᠠᠬᠤ ᠵᠢᠨ ᠤᠯᠠᠮ ᠵᠢᠡᠷ ᠲᠤᠮᠳᠠᠳᠤ ᠵᠢᠨ ᠰᠤᠶᠤᠯ᠎ᠤᠨ ᠤᠯᠠᠮᠵᠢᠯᠠᠬᠴᠢ ᠪᠠ ᠵᠠᠯᠭᠠᠮᠵᠢᠯᠠᠬᠴᠢ ᠪᠤᠯᠭᠠᠵᠦ᠂ ᠰᠤᠶᠤᠯ᠎ᠤᠨ ᠢᠳᠡᠬᠡᠯ ᠵᠢᠡᠷ ᠪᠠᠳᠤ ᠪᠡᠬᠢ ᠬᠠᠮᠳᠤ ᠵᠢᠨ ᠲᠠᠨᠢᠯᠳᠠ ᠵᠢ ᠨᠢᠬᠳᠠᠷᠠᠭᠤᠯᠵᠦ᠂ ᠲᠤᠮᠳᠠᠳᠤ ᠵᠢᠨ ᠰᠤᠶᠤᠯ᠎ᠤᠨ ᠲᠤᠬᠠᠢ ᠬᠠᠮᠳᠤ ᠵᠢᠨ ᠲᠠᠨᠢᠯᠳᠠ ᠵᠢ ᠴᠢᠩᠭᠠᠳᠬᠠᠨ᠂ ᠤᠶᠤᠨ ᠰᠠᠨᠠᠭᠠᠨ᠎ᠤ ᠬᠡᠷ ᠤᠷᠤᠨ᠎ᠢ ᠪᠠᠢᠭᠤᠯᠪᠠᠯ ᠵᠤᠬᠢᠨ᠎ᠠ᠃
ᠤᠳᠤ ᠡᠯ᠎ᠡ ᠰᠤᠷᠭᠠᠭᠤᠯᠢ ᠵᠢᠨ ᠬᠢᠨ ᠲᠤᠮᠳᠠᠳᠤ ᠵᠢᠨ ᠦᠨᠳᠦᠰᠦᠳᠡᠨ᠎ᠤ ᠬᠠᠮᠳᠤ ᠵᠢᠨ ᠴᠤᠬᠴᠠ ᠵᠢᠨ ᠤᠬᠠᠮᠰᠠᠷ᠎ᠢ ᠪᠠᠳᠤ ᠴᠤᠬᠴᠠᠯᠠᠬᠤ ᠤᠯᠠᠨ ᠬᠡᠯᠪᠡᠷᠢ ᠵᠢᠨ ᠠᠵᠢᠯᠯᠠᠭ᠎ᠠ ᠵᠢ ᠦᠷᠨᠢᠬᠦᠯᠵᠤ ᠪᠠᠢᠨ᠎ᠠ᠃ ᠵᠢᠱ᠌ᠢᠶᠡᠯᠡᠪᠡᠯ ᠭᠤᠤᠯ ᠰᠡᠳᠦᠪᠳᠤ ᠠᠩᠬᠢ ᠵᠢᠨ ᠬᠤᠷᠠᠯ᠂ ᠭᠤᠤᠯ ᠰᠡᠳᠦᠪᠳᠤ ᠵᠤᠬᠢᠶᠠᠨ ᠪᠢᠴᠢᠯᠬᠡ᠂ ᠤᠷᠠᠨ ᠵᠢᠷᠤᠬ᠎ᠤᠨ ᠤᠷᠤᠯᠳᠤᠭᠠᠨ ᠵᠢᠴᠢ ᠤᠯᠤᠰ᠎ᠤᠨ ᠲᠤᠬ ᠮᠠᠨᠳᠤᠭᠤᠯᠬᠤ ᠶᠤᠰᠤᠯᠠᠯ ᠵᠡᠷᠬᠡ ᠠᠵᠢᠯᠯᠠᠭ᠎ᠠ ᠵᠢ ᠵᠤᠬᠢᠶᠠᠨ ᠪᠠᠢᠭᠤᠯᠵᠦ ᠦᠷᠨᠢᠬᠦᠯᠦᠬᠡᠳ ᠶᠡᠬᠡ ᠰᠠᠢᠨ ᠦᠷ᠎ᠠ ᠪᠦᠲᠦᠮᠵᠢ ᠤᠯᠵᠦ ᠪᠠᠢᠨ᠎ᠠ᠃ ᠬᠡᠳᠡᠯ᠎ᠠ᠂ ᠵᠠᠷᠢᠮ ᠬᠦᠮᠦᠵᠢᠯ᠎ᠤᠨ ᠠᠵᠢᠯᠯᠠᠭ᠎ᠠ ᠵᠢᠨ ᠠᠭᠤᠯᠭ᠎ᠠ ᠨᠢ ᠬᠡᠪᠰᠢᠵᠦ᠂ ᠬᠡᠯᠪᠡᠷᠢ ᠨᠢ ᠴᠤᠯᠭᠤᠢ ᠪᠠᠢᠬᠤ ᠵᠡᠷᠬᠡ ᠠᠰᠠᠭᠤᠳᠠᠯ ᠤᠷᠤᠰᠢᠵᠦ ᠪᠠᠢᠨ᠎ᠠ᠃ ᠵᠢᠱ᠌ᠢᠶᠡᠯᠡᠪᠡᠯ ᠵᠠᠷᠢᠮ ᠠᠭᠤᠯᠭ᠎ᠠ ᠨᠢ ᠤᠨᠤᠯ᠎ᠤᠨ ᠲᠠᠢᠯᠪᠤᠷᠢᠯᠠᠯᠳᠠ ᠵᠢᠨ ᠲᠦᠪᠰᠢᠨ ᠳ᠋ᠤ ᠵᠤᠬᠰᠤᠩᠭᠤᠢᠷᠠᠵᠦ᠂ ᠦᠨᠳᠦᠷ ᠲᠤᠮᠳᠠᠳᠤ ᠵᠢᠨ ᠰᠤᠷᠤᠬᠴᠢᠳ᠎ᠤᠨ ᠡᠳᠦᠷ ᠲᠤᠳᠤᠮ᠎ᠤᠨ ᠠᠮᠢᠳᠤᠷᠠᠯ ᠰᠤᠷᠤᠯᠭ᠎ᠠ᠂ ᠪᠤᠳᠠᠳᠤ ᠦᠢᠯᠡᠳᠦᠯᠭᠡ ᠲᠠᠢ ᠠᠪᠴᠠᠯᠳᠤᠬᠤ ᠪᠠᠷ ᠠᠨᠠᠢ ᠪᠠᠢᠨ᠎ᠠ᠃ ᠵᠠᠷᠢᠮ ᠠᠵᠢᠯᠯᠠᠭ᠎ᠠ ᠵᠢ ᠬᠢᠬᠦ ᠵᠢᠨ ᠲᠦᠯᠦᠬᠡ ᠬᠢᠵᠦ᠂ ᠵᠠᠯᠠᠭᠤ ᠰᠤᠷᠤᠬᠴᠢᠳ᠎ᠤᠨ ᠬᠠᠢᠷ᠎ᠠ ᠰᠡᠳᠬᠢᠯᠬᠡ ᠵᠢ ᠬᠦᠨᠳᠡᠨ ᠬᠦᠮᠦᠵᠢᠭᠦᠯᠬᠦ ᠲᠠᠯ᠎ᠠ ᠪᠡᠷ ᠬᠦᠷᠦᠯᠴᠡᠬᠦ ᠦᠬᠡᠢ ᠪᠠᠢᠨ᠎ᠠ᠃ ᠦᠨᠳᠦᠷ ᠲᠤᠮᠳᠠᠳᠤ ᠵᠢᠨ ᠰᠤᠷᠤᠬᠴᠢᠳ ᠲᠦ᠍ ᠠᠪᠴᠤ ᠬᠡᠯᠡᠪᠡᠯ᠂ ᠲᠤᠮᠳᠠᠳᠤ ᠵᠢᠨ ᠦᠨᠳᠦᠰᠦᠳᠡᠨ᠎ᠤ ᠬᠠᠮᠳᠤ ᠵᠢᠨ ᠴᠤᠬᠴᠠ ᠵᠢᠨ ᠤᠬᠠᠮᠰᠠᠷ᠎ᠢ ᠪᠠᠳᠤ ᠴᠤᠬᠴᠠᠯᠠᠬᠤ ᠨᠢ ᠰᠢᠯᠭᠠᠯᠳᠠ ᠵᠢᠨ ᠬᠠᠭᠤᠳᠠᠰᠤᠨ ᠲᠡᠬᠡᠷᠡᠬᠢ ᠪᠠᠷᠢᠮᠵᠢᠶ᠎ᠠ ᠬᠠᠷᠢᠭᠤᠯᠳᠠ ᠪᠢᠰᠢ᠂ ᠬᠠᠷᠢᠨ ᠡᠳᠦᠷ ᠲᠤᠳᠤᠮ᠎ᠤᠨ ᠠᠮᠢᠳᠤᠷᠠᠯ ᠰᠤᠷᠤᠯᠭ᠎ᠠ ᠳ᠋ᠤ ᠬᠠᠶᠠ ᠦᠬᠡᠢ ᠲᠠᠭᠠᠷᠠᠯᠳᠤᠬᠤ ᠦᠨᠡᠨ ᠪᠤᠳᠠᠳᠠᠢ ᠦᠢᠯᠡ ᠠᠵᠢᠯᠯᠠᠭ᠎ᠠ ᠪᠠ ᠭᠦᠨ ᠭᠦᠨᠵᠡᠭᠡᠢ ᠤᠯᠤᠯᠳᠠ ᠲᠦᠷᠦᠭᠳᠡᠯ ᠪᠠᠢᠵᠦ ᠲᠠᠭᠠᠷᠠᠨ᠎ᠠ᠃ ᠡᠢᠮᠦ ᠡᠴᠡ ᠪᠢᠳᠡ ᠲᠠᠰᠤᠷᠠᠯᠳᠠ ᠦᠬᠡᠢ ᠬᠦᠮᠦᠵᠢᠯ᠎ᠤᠨ ᠠᠷᠭ᠎ᠠ ᠬᠡᠯᠪᠡᠷᠢ ᠵᠢᠨ ᠰᠢᠨ᠎ᠠ ᠵᠢ ᠡᠬᠦᠳᠴᠤ᠂ ᠵᠠᠯᠠᠭᠤ ᠰᠤᠷᠤᠬᠴᠢᠳ᠎ᠤᠨ ᠬᠦᠯᠢᠶᠡᠨ ᠠᠪᠬᠤ ᠲᠤᠷᠠᠳᠠᠢ ᠬᠡᠯᠪᠡᠷᠢ ᠪᠡᠷ ᠲᠤᠮᠳᠠᠳᠤ ᠵᠢᠨ ᠦᠨᠳᠦᠰᠦᠳᠡᠨ᠎ᠤ ᠬᠠᠮᠳᠤ ᠵᠢᠨ ᠴᠤᠬᠴᠠ ᠵᠢᠨ ᠤᠬᠠᠮᠰᠠᠷ᠎ᠢ ᠰᠡᠳᠬᠢᠯ ᠳ᠋ᠤᠨᠢ ᠰᠠᠭᠤᠬᠳᠠᠭᠤᠯᠬᠤ ᠵᠢ ᠬᠠᠢᠨ ᠰᠦᠪᠡᠭᠴᠢᠯᠡᠵᠦ ᠪᠤᠯᠤᠨ᠎ᠠ᠃ ᠵᠢᠱ᠌ᠢᠶᠡᠯᠡᠪᠡᠯ ᠬᠠᠵᠠᠭᠤ ᠲᠡᠷᠭᠡᠳᠡᠭᠢ ᠡᠯ᠎ᠠ ᠦᠨᠳᠦᠰᠦᠳᠡᠨ ᠬᠠᠮᠳᠤ ᠪᠡᠷ ᠡᠶ᠎ᠠ ᠨᠠᠢᠷᠰᠠᠬ ᠠᠵᠦ ᠲᠦᠷᠦᠵᠦ ᠪᠠᠢᠬᠤ ᠡᠳᠦᠷ ᠲᠤᠳᠤᠮ᠎ᠤᠨ ᠠᠮᠢᠳᠤᠷᠠᠯ᠎ᠢ ᠤᠬᠤᠷ ᠸᠢᠳᠢᠤ᠋ ᠰᠡᠬᠦᠳᠡᠷᠯᠡᠵᠦ ᠰᠢᠩᠬᠡᠬᠡᠬᠦ ᠵᠡᠷᠬᠡ ᠠᠷᠭ᠎ᠠ ᠬᠡᠯᠪᠡᠷᠢ ᠵᠢ ᠠᠪᠬᠤ ᠨᠢ ᠰᠤᠷᠤᠬᠴᠢᠳ ᠲᠦ᠍ ᠨᠡᠩ ᠪᠤᠳᠠᠳᠠᠢ ᠬᠦᠨ ᠲᠦᠷᠦᠭᠳᠡᠯ ᠲᠠᠢ ᠪᠤᠯᠭᠠᠵᠦ᠂ ᠨᠡᠩ ᠰᠠᠢᠨ ᠦᠷ᠎ᠠ ᠪᠦᠲᠦᠮᠵᠢ ᠲᠠᠢ ᠪᠤᠯᠬᠤ ᠨᠢ ᠯᠠᠪᠳᠠᠢ᠃