ᠲᠣᠭᠠᠴᠢᠯᠠᠭᠰᠠᠨ ᠠᠷᠠᠳ᠎ᠤᠨ ᠵᠣᠭᠣᠰ᠎ᠤᠨ ᠲᠤᠷᠰᠢᠯᠲᠠ᠎ᠶᠢᠨ ᠴᠡᠭ᠎ᠢ ᠥᠪᠥᠷ ᠮᠣᠩᠭᠣᠯ᠎ᠳᠤ ᠨᠠᠢᠳᠠᠪᠤᠷᠢᠵᠢᠭᠤᠯᠪᠠ
2026-06-15 16:56:26
ᠵᠣᠬᠢᠶᠠᠭ᠍ᠴᠢ᠄
ᠯᠢ ᠶᠦᠩ ᠲᠤᠤ
ᠣᠩᠱᠢᠭ᠍ᠰᠠᠨ ᠣᠳᠠᠭ᠎ᠠ᠄
★★★☆☆

ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ᠎ᠶᠢᠨ ᠵᠢᠯᠣᠭᠣᠳᠤᠯᠭ᠎ᠠ ᠳᠣᠣᠷ᠎ᠠ᠂ ᠵᠠᠮ ᠬᠠᠷᠢᠯᠴᠠᠭᠠᠨ᠎ᠤ ᠪᠠᠩᠬᠢ᠎ᠶᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ ᠲᠦᠷᠦᠭᠦᠬᠡᠨ ᠥᠪᠥᠷ ᠮᠣᠩᠭᠣᠯ᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠬᠥᠬᠡᠬᠣᠲᠠ᠎ᠳ᠋ᠡᠬᠢ ᠬᠤᠪᠢᠶᠠᠷᠢ ᠤᠷᠤᠨ᠎ᠤ ᠠᠵᠤ ᠠᠬᠤᠢᠯᠠᠯ ᠳ᠋ᠤ ᠪᠥᠬᠥ ᠣᠷᠣᠨ᠎ᠤ ᠠᠩᠬᠠᠳᠠᠭ᠍ᠴᠢ ᠣᠯᠠᠨ ᠲᠠᠯᠠᠲᠤ ᠲᠥᠪ ᠪᠠᠩᠬᠢ᠎ᠶᠢᠨ ᠲᠣᠭᠠᠴᠢᠯᠠᠭᠰᠠᠨ ᠵᠣᠭᠣᠰᠤᠨ᠎ᠤ ᠬᠥᠭᠥᠷᠭᠡ ( ᠳᠣᠷᠣᠭ᠍ᠰᠢ 《ᠵᠣᠭᠣᠰᠤᠨ᠎ᠤ ᠬᠥᠭᠥᠷᠭᠡ》 ᠭᠡᠵᠦ ᠲᠣᠪᠴᠢᠯᠠᠨ᠎ᠠ ) ᠵᠢᠨ ᠬᠢᠯᠢ ᠠᠯᠤᠰᠯᠠᠨ ᠠᠷᠠᠳ᠎ᠤᠨ ᠵᠣᠭᠣᠰ ᠭᠤᠪᠢᠭᠤᠯᠬᠤ ᠲᠤᠬᠠᠢᠯᠠᠭᠰᠠᠨ ᠠᠵᠢᠯ᠎ᠢ ᠠᠮᠵᠢᠯᠲᠠ᠎ᠲᠠᠢ ᠭᠦᠢᠴᠡᠳᠬᠡᠪᠡ᠃ ᠲᠣᠰ ᠲᠤᠬᠠᠢᠯᠠᠭᠰᠠᠨ ᠠᠵᠢᠯ ᠨᠢ ᠲᠣᠭᠠᠴᠢᠯᠠᠭᠰᠠᠨ ᠠᠷᠠᠳ᠎ᠤᠨ ᠵᠣᠭᠣᠰ᠎ᠤᠨ ᠲᠤᠷᠰᠢᠯᠲᠠ᠎ᠶᠢᠨ ᠴᠡᠭ᠎ᠢ ᠥᠪᠥᠷ ᠮᠣᠩᠭᠣᠯ᠎ᠳᠤ ᠠᠩᠬ᠎ᠠ ᠤᠳᠠᠭ᠎ᠠ ᠨᠠᠢᠳᠠᠪᠤᠷᠢᠵᠢᠭᠤᠯᠤᠭᠰᠠᠨ ᠲᠤᠷᠰᠢᠯᠲᠠ ᠪᠣᠯᠤᠬᠰᠠᠨ ᠵᠢᠨᠷ ᠪᠠᠷᠠᠬᠤ ᠦᠭᠡᠢ᠂ ᠪᠠᠰᠠ ᠴᠤ᠌ ᠥᠪᠥᠷ ᠮᠣᠩᠭᠣᠯ᠎ᠤᠨ 《ᠵᠣᠭᠣᠰᠤᠨ᠎ᠤ ᠬᠥᠭᠥᠷᠭᠡ》 ᠮᠥᠩᠭᠥᠨ ᠭᠦᠢᠯᠭᠡᠭᠡᠨ᠎ᠦ ᠰᠠᠭᠤᠷᠢ ᠳᠦᠬᠦᠭᠡᠷᠦᠮᠵᠢ᠎ᠶᠢ ᠠᠰᠢᠭ᠍ᠯᠠᠨ ᠠᠷᠠᠳ᠎ᠤᠨ ᠵᠣᠭᠣᠰ᠎ᠤᠨ ᠬᠢᠯᠢ ᠠᠯᠤᠰᠯᠠᠨ ᠲᠡᠰᠦᠯᠦᠨ ᠪᠤᠳᠤᠬᠤ ᠲᠤᠬᠠᠢᠯᠠᠭᠰᠠᠨ ᠠᠵᠢᠯ᠎ᠢ ᠭᠦᠢᠴᠡᠳᠬᠡᠭᠰᠡᠨ ᠢᠳᠡᠪᠬᠢᠲᠡᠢ ᠰᠦᠪᠡᠭᠴᠢᠯᠡᠯ ᠪᠣᠯᠬᠤ ᠪᠥᠭᠡᠳ ᠮᠦᠩᠭᠦᠨ ᠭᠦᠢᠯᠭᠡᠭᠡ ᠵᠢᠨ ᠦᠢᠯᠡᠴᠢᠯᠡᠭᠡ ᠥᠪᠥᠷ ᠮᠣᠩᠭᠣᠯ᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠪᠦᠲᠦᠭᠡᠨ ᠪᠠᠢᠭᠤᠯᠤᠯᠲᠠ᠎ᠳᠤ ᠦᠢᠯᠡᠴᠢᠯᠡᠬᠦ ᠰᠢᠨ᠎ᠡ᠎ᠶᠢ ᠡᠭᠦᠳᠦᠭᠰᠡᠨ ᠠᠷᠭ᠎ᠠ ᠬᠡᠮᠵᠢᠶ᠎ᠡ ᠪᠣᠯᠣᠨ᠎ᠠ᠃

《ᠵᠣᠭᠣᠰᠤᠨ᠎ᠤ ᠬᠥᠭᠥᠷᠭᠡ》 ᠨᠢ ᠰᠢᠨ᠎ᠡ ᠬᠡᠯᠪᠡᠷᠢ᠎ᠶᠢᠨ ᠬᠢᠯᠢ ᠠᠯᠤᠰᠯᠠᠭᠰᠠᠨ ᠮᠥᠩᠭᠥᠨ ᠭᠦᠢᠯᠭᠡᠭᠡᠨ᠎ᠦ ᠰᠠᠭᠤᠷᠢ ᠲᠥᠬᠦᠭᠡᠷᠦᠮᠵᠢ ᠪᠣᠯᠤᠭᠰᠠᠨ᠎ᠤ ᠬᠤᠪᠢ᠎ᠳᠤ᠂ ᠣᠳᠣᠬᠠᠨ᠎ᠳᠤ ᠨᠢᠭᠡᠨᠲᠡ᠎ᠲᠠᠢ ᠤᠯᠤᠰ᠂ ᠠᠷᠠᠪ᠎ᠤᠨ ᠬᠣᠯᠪᠣᠭᠠᠲᠤ ᠠᠬᠠᠮᠠᠳᠲᠤ ᠤᠯᠤᠰ᠂ ᠰᠠᠦ᠋ᠳᠢ ᠠᠷᠠᠪ᠂ ᠳᠤᠮᠳᠠᠳᠤ ᠤᠯᠤᠰ᠎ᠤᠨ ᠰᠢᠶᠠᠩᠭᠠᠩ᠂ ᠳᠤᠮᠳᠠᠳᠤ ᠤᠯᠤᠰ᠎ᠤᠨ ᠣᠣᠮᠧᠨ᠎ᠲᠠᠢ ᠠᠷᠠᠯᠵᠢᠶᠠᠨ᠎ᠤ ᠵᠠᠩᠭᠢᠯᠠᠭ᠎ᠠ᠎ᠶᠢᠨ ᠴᠡᠭ ᠪᠠᠢᠭᠤᠯᠵᠤ᠂ ᠠᠷᠠᠳ᠎ᠤᠨ ᠵᠣᠭᠣᠰ᠂ ᠰᠢᠶᠠᠩᠭᠠᠩ ᠵᠣᠭᠣᠰ᠂ ᠲᠠᠢ ᠤᠯᠤᠰ᠎ᠤᠨ ᠵᠣᠭᠣᠰ᠂ ᠠᠷᠠᠪ᠎ᠤᠨ ᠬᠣᠯᠪᠣᠭᠠᠲᠤ ᠠᠬᠠᠮᠠᠳᠲᠤ ᠤᠯᠤᠰ᠎ᠤᠨ ᠳ᠋ᠢᠯᠠᠮᠦ᠋᠂ ᠰᠠᠦ᠋ᠳᠢ ᠠᠷᠠᠪ᠎ᠤᠨ ᠰᠠᠦ᠋ᠳᠢᠷᠢᠶ᠎ᠠ ᠵᠡᠷᠭᠡ ᠣᠯᠠᠨ ᠲᠥᠷᠥᠯ᠎ᠦᠨ ᠵᠣᠭᠣᠰ᠎ᠤᠨ ᠬᠢᠯᠢ ᠠᠯᠤᠰᠯᠠᠭᠰᠠᠨ ᠳ᠋ᠦᠩᠨᠡᠨ ᠪᠣᠳᠣᠯᠲᠠ᠎ᠶᠢ ᠳᠡᠮᠵᠢᠨ᠎ᠡ᠃ ᠤᠯᠠᠮᠵᠢᠯᠠᠯᠲᠤ ᠬᠢᠯᠢ ᠠᠯᠤᠰᠯᠠᠨ ᠲᠡᠰᠦᠯᠦᠨ ᠪᠤᠳᠤᠬᠤ ᠵᠠᠭᠪᠤᠷ᠎ᠲᠠᠢ ᠬᠠᠷᠢᠴᠠᠭᠤᠯᠪᠠᠯ᠂ 《ᠵᠣᠭᠣᠰᠤᠨ᠎ᠤ ᠬᠥᠭᠥᠷᠭᠡ》 ᠨᠢ ᠲᠥᠪ ᠪᠠᠩᠬᠢ᠎ᠶᠢᠨ ᠴᠡᠭ᠎ᠡᠴᠡ ᠴᠡᠭ ᠬᠦᠷᠬᠦ ᠰᠢᠭᠤᠳ ᠬᠣᠯᠪᠣᠯᠳᠤᠬᠤ ᠪᠦᠲᠦᠴᠡ᠎ᠳᠦ ᠲᠦᠰᠢᠭᠯᠡᠨ᠂ ᠤᠯᠠᠮᠵᠢᠯᠠᠯᠲᠤ ᠣᠷᠣᠯᠠᠨ ᠭᠦᠢᠴᠡᠳᠬᠡᠬᠦ ᠪᠠᠩᠬᠢ᠎ᠶᠢᠨ ᠭᠣᠭᠴᠣᠭ᠎ᠠ᠎ᠶᠢ ᠴᠣᠮᠬᠠᠳᠬᠠᠵᠤ᠂ ᠪᠡᠯᠡ ᠮᠥᠩᠭᠥ᠎ᠶᠢᠨ ᠠᠮᠤᠷ ᠲᠦᠪᠰᠢᠨ᠎ᠢ ᠡᠵᠡᠮᠳᠡᠵᠦ ᠪᠣᠯᠬᠤ᠂ ᠪᠤᠴᠠᠭᠠᠵᠤ ᠪᠣᠯᠬᠤ ᠰᠠᠭᠤᠷᠢᠨ ᠳᠡᠭᠡᠷ᠎ᠡ᠂ ᠬᠢᠯᠢ ᠠᠯᠤᠰᠯᠠᠭᠰᠠᠨ ᠪᠡᠯᠡ ᠮᠥᠩᠭᠥ᠎ᠶᠢᠨ ᠭᠤᠪᠢᠭᠤᠯᠤᠨ ᠬᠤᠪᠢᠶᠠᠷᠢᠯᠠᠬᠤ ᠬᠦᠴᠦᠨ᠎ᠲᠠᠢ ᠬᠤᠭᠤᠴᠠᠭ᠎ᠠ ᠎ᠶᠢ 《ᠡᠳᠦᠷ᠎ᠤᠨ ᠲᠠᠰ》 ᠪᠠᠢᠭᠰᠠᠨ᠎ᠢ 《ᠰᠧᠺᠦ᠋ᠨ᠋ᠳ᠋᠎ᠦᠨ ᠲᠠᠰ》 ᠪᠣᠯᠭᠠᠨ ᠪᠠᠭᠠᠰᠬᠠᠵᠤ᠂ ᠠᠵᠤ ᠠᠬᠤᠢᠯᠠᠯ᠎ᠳᠤ ᠥᠨᠳᠥᠷ ᠪᠦᠲᠦᠮᠵᠢᠲᠡᠶ ᠳᠥᠭᠥᠮ ᠳᠥᠲᠡ᠂ ᠥᠪᠡᠷ᠎ᠦᠨ ᠥᠷᠲᠡᠭ᠎ᠢᠶᠡᠷ ᠳᠣᠣᠷ᠎ᠠ ᠬᠢᠯᠢ ᠠᠯᠤᠰᠯᠠᠨ ᠲᠡᠰᠦᠯᠦᠨ ᠪᠤᠳᠤᠬᠤ ᠦᠢᠯᠡᠴᠢᠯᠡᠭᠡ ᠬᠠᠩᠭᠠᠵᠤ ᠳᠡᠢᠯᠦᠨ᠎ᠠ᠃

ᠲᠣᠰ ᠤᠳᠠᠭᠠᠨ᠎ᠤ ᠠᠷᠠᠯᠵᠢᠶ᠎ᠠ ᠨᠢ ᠢᠯᠢ ᠠᠵᠤ ᠦᠢᠯᠡᠰ᠎ᠦᠨ ᠪᠦᠯᠦᠭᠯᠡᠯ᠎ᠦᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠵᠢᠨ ᠰᠢᠶᠠᠩᠭᠠᠩ ᠳ᠋ᠡᠬᠢ ᠬᠤᠪᠢᠶᠠᠷᠢ ᠺᠣᠮᠫᠠᠨᠢ᠎ᠳᠠᠭᠠᠨ ᠬᠢᠯᠢ ᠠᠯᠤᠰᠯᠠᠨ ᠵᠣᠭᠣᠰ ᠭᠤᠪᠢᠭᠤᠯᠵᠤ᠂ 《ᠵᠣᠭᠣᠰᠤᠨ᠎ᠤ ᠬᠥᠭᠥᠷᠭᠡ》 ᠵᠢ ᠬᠡᠷᠡᠭᠯᠡᠨ ᠬᠢᠯᠢ ᠠᠯᠤᠰᠯᠠᠨ ᠲᠡᠰᠦᠯᠦᠨ ᠪᠤᠳᠤᠵᠤ᠂ ᠬᠢᠯᠢ ᠠᠯᠤᠰᠯᠠᠨ ᠠᠷᠠᠯᠵᠢᠶᠠᠯᠠᠬᠤ ᠥᠪᠡᠷ᠎ᠦᠨ ᠥᠷᠲᠡᠭ᠎ᠢ ᠨᠠᠭᠠᠲᠤ ᠵᠠᠬ᠎ᠠ᠎ᠳᠠᠭᠠᠨ 50%᠎ᠪᠠᠷ ᠪᠠᠭᠤᠷᠠᠭᠤᠯᠵᠤ᠂ ᠪᠡᠯᠡ ᠮᠥᠩᠭᠥ᠎ᠶᠢ ᠲᠠᠩᠰᠠᠨ᠎ᠳᠤ ᠣᠷᠣᠭᠤᠯᠬᠤ ᠳ᠋ᠤ ᠬᠡᠷᠡᠭᠰᠡᠬᠦ ᠴᠠᠬ᠎ᠢ 6 ᠴᠠᠭ ᠪᠠᠢᠭᠰᠠᠨ᠎ᠠᠴᠠ 8 ᠮᠢᠨᠦ᠋ᠲ ᠪᠣᠯᠭᠠᠨ ᠪᠠᠭᠠᠰᠬᠠᠵᠤ᠂ ᠠᠵᠤ ᠠᠬᠤᠢᠯᠠᠯ᠎ᠤᠨ ᠬᠢᠯᠢ ᠠᠯᠤᠰᠯᠠᠬᠤ ᠠᠵᠢᠯᠯᠠᠭ᠎ᠠ ᠵᠢᠨ ᠳᠥᠭᠥᠮ ᠲᠦᠳᠡ ᠪᠠᠢᠬᠤ ᠬᠦᠷᠲᠡᠮᠵᠢ᠎ᠶᠢᠨ ᠲᠥᠷᠥᠭᠳᠡᠯ᠎ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号