ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ
ᠶᠠᠮᠤᠨ ᠤᠷᠴᠢᠮᠬᠠᠨ ᠤᠯᠤᠰ᠎ᠤᠨ ᠶᠡᠷᠦᠩᠬᠡᠢᠯᠡᠭᠰᠡᠨ ᠴᠢᠨᠠᠷᠲᠠᠢ ᠭᠠᠯ ᠰᠡᠷᠭᠡᠢᠯᠡᠵᠦ ᠭᠠᠯ ᠤᠨᠲᠠᠷᠠᠭᠠᠬᠤ ᠠᠪᠤᠷᠠᠨ
ᠲᠤᠰᠠᠯᠠᠬᠤ ᠠᠩᠭᠢ᠎ᠶᠢᠨ 2026 ᠣᠨ᠎ᠤ ᠭᠠᠯ ᠤᠨᠲᠠᠷᠠᠭᠠᠭ᠍ᠴᠢᠶᠢ ᠡᠯᠰᠡᠬᠦ ᠠᠵᠢᠯ᠎ᠢ ᠵᠢᠩᠬᠢᠨᠢ᠎ᠪᠡᠷ ᠡᠬᠢᠯᠡᠭᠦᠯᠪᠡ᠃
ᠡᠨᠡ ᠵᠢᠯ 17000 ᠭᠠᠯ ᠤᠨᠲᠠᠷᠠᠭᠠᠭ᠍ᠴᠢᠶᠢ ᠡᠯᠰᠡᠬᠦ᠎ᠪᠡᠷ
ᠲᠥᠯᠥᠪᠯᠡᠵᠦ ᠪᠤᠢ᠂ ᠡᠭᠦᠨ᠎ᠳᠦ᠄ ᠬᠣᠲᠠ ᠬᠥᠳᠡᠭᠡ᠎ᠶᠢᠨ ᠭᠠᠯ ᠰᠡᠷᠭᠡᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ
ᠡᠩᠨᠡᠭᠡ ᠳ᠋ᠤ 14150 ᠬᠥᠮᠥᠨ᠂ ᠭᠠᠯ ᠰᠡᠷᠭᠡᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠪᠡᠯᠡᠳᠬᠡᠯ ᠡᠩᠨᠡᠭᠡ
ᠳ᠋ᠤ 2850 ᠬᠥᠮᠥᠨ ᠡᠯᠰᠡᠨ᠎ᠡ; ᠶᠡᠬᠡ ᠳᠡᠭᠡᠳᠦ ᠰᠤᠷᠭᠠᠭᠤᠯᠢ ᠶᠢᠨ ᠲᠤᠰ ᠬᠤᠭᠤᠴᠠᠭᠠᠨ᠎ᠤ ᠲᠡᠭᠦᠰᠬᠦ ᠣᠶᠤᠲᠠᠳ᠂ ᠴᠡᠷᠢᠭ᠎ᠡᠴᠡ
ᠬᠠᠯᠠᠭᠳᠠᠭᠰᠠᠳ᠂ ᠨᠡᠢᠭᠡᠮ᠎ᠦᠨ ᠵᠠᠯᠠᠭᠤᠴᠤᠳ᠎ᠠᠴᠠ ᠲᠣᠰ ᠲᠣᠰ 5667 ᠬᠥᠮᠥᠨ᠂ 5667 ᠬᠥᠮᠥᠨ᠂ 5666 ᠬᠥᠮᠥᠨ
ᠡᠯᠰᠡᠨ᠎ᠡ᠃ ᠨᠡᠷ᠎ᠡ ᠮᠡᠳᠡᠭᠦᠯᠦᠭᠰᠡᠳ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ ᠵᠢᠴᠢ ᠲᠡᠭᠦᠨ᠎ᠡᠴᠡ
ᠳᠡᠭᠡᠭᠰᠢᠬᠢ ᠰᠣᠶᠣᠯ᠎ᠤᠨ ᠬᠢᠷᠢ ᠬᠡᠮᠵᠢᠶ᠎ᠡ᠎ᠲᠠᠢ ᠪᠠᠢᠬᠤ ᠬᠡᠷᠡᠭᠲᠡᠢ᠃

ᠡᠭᠦᠨ᠎ᠳᠦ᠂ ᠥᠪᠥᠷ ᠮᠣᠩᠭᠣᠯ 660 ᠬᠥᠮᠥᠨ ᠡᠯᠰᠡᠬᠦ᠎ᠪᠡᠷ ᠲᠥᠯᠥᠪᠯᠡᠵᠦ ᠪᠣᠶ᠄ ᠬᠣᠲᠠ ᠬᠥᠳᠡᠭᠡ᠎ᠶᠢᠨ ᠭᠠᠯ ᠰᠡᠷᠭᠡᠢᠯᠡᠵᠦ
ᠭᠠᠯ ᠤᠨᠲᠠᠷᠠᠭᠠᠬᠤ ᠠᠪᠤᠷᠠᠨ ᠲᠤᠰᠠᠯᠠᠬᠤ ᠡᠩᠨᠡᠭᠡ ᠳ᠋ᠤ 450 ᠬᠥᠮᠥᠨ᠂ ᠭᠠᠯ ᠰᠡᠷᠭᠡᠢᠯᠡᠵᠦ ᠭᠠᠯ ᠤᠨᠲᠠᠷᠠᠭᠠᠬᠤ
ᠠᠪᠤᠷᠠᠨ ᠲᠤᠰᠠᠯᠠᠬᠤ ᠪᠡᠯᠡᠳᠬᠡᠯ ᠡᠩᠨᠡᠭᠡ ᠳ᠋ᠤ 210 ᠬᠥᠮᠥᠨ ᠡᠯᠰᠡᠨ᠎ᠡ; ᠶᠡᠬᠡ ᠳᠡᠭᠡᠳᠦ ᠰᠤᠷᠭᠠᠭᠤᠯᠢ᠎ᠶᠢᠨ ᠲᠤᠰ ᠬᠤᠭᠤᠴᠠᠭᠠᠨ᠎ᠤ ᠲᠡᠭᠦᠰᠬᠦ ᠣᠶᠤᠲᠠᠳ᠂ ᠴᠡᠷᠢᠭ᠎ᠡᠴᠡ
ᠬᠠᠯᠠᠭᠳᠠᠭᠰᠠᠳ᠂ ᠨᠡᠢᠭᠡᠮ᠎ᠦᠨ ᠵᠠᠯᠠᠭᠤᠴᠤᠳ ᠵᠡᠷᠭᠡ ᠭᠤᠷᠪᠠᠨ ᠲᠥᠷᠥᠯ᠎ᠦᠨ ᠬᠦᠮᠦᠰ ᠡᠴᠠ ᠲᠣᠰ ᠲᠣᠰ 220 ᠬᠥᠮᠥᠨ
ᠡᠯᠰᠡᠨ᠎ᠡ᠃
6 ᠰᠠᠷ᠎ᠠ᠎ᠶᠢᠨ 12᠎ᠤᠨ ᠡᠳᠦᠷ᠎ᠦᠨ 23᠄ 00 ᠡᠴᠠ 6 ᠰᠠᠷ᠎ᠠ᠎ᠶᠢᠨ 30᠎ᠤ ᠡᠳᠦᠷ᠎ᠦᠨ
18᠄ 00 ᠴᠠᠭ᠎ᠤᠨ ᠬᠣᠭᠣᠷᠣᠨᠳᠤ᠂ ᠡᠯᠰᠡᠬᠦ ᠡᠲᠡᠭᠡᠳ ᠨᠢ ᠤᠯᠤᠰ᠎ᠤᠨ ᠶᠡᠷᠦᠩᠬᠡᠢᠯᠡᠭᠰᠡᠨ ᠴᠢᠨᠠᠷᠲᠠᠢ ᠭᠠᠯ ᠰᠡᠷᠭᠡᠢᠯᠡᠵᠦ
ᠭᠠᠯ ᠤᠨᠲᠠᠷᠠᠭᠠᠬᠤ ᠠᠪᠤᠷᠠᠨ ᠲᠤᠰᠠᠯᠠᠬᠤ ᠠᠩᠬᠢ ᠶᠢᠨ ᠭᠠᠯ ᠤᠨᠲᠠᠷᠠᠭᠠᠬᠴᠢ ᠡᠯᠰᠡᠬᠦ ᠲᠠᠪᠴᠠᠩ (https᠄//xfyzl.119.gov.cn) ᠳᠤ ᠭᠠᠷᠴᠤ᠂ ᠡᠯᠰᠡᠬᠦ ᠠᠯᠪᠠᠨ ᠵᠠᠷᠯᠠᠯ
ᠪᠠ ᠡᠯᠰᠡᠬᠦ ᠲᠥᠯᠥᠪᠯᠡᠭᠡ᠎ᠶᠢ ᠪᠠᠢᠴᠠᠭᠠᠨ ᠦᠵᠡᠵᠦ᠂ ᠱᠠᠭᠠᠷᠳᠠᠯᠭ᠎ᠠ ᠶᠣᠰᠣᠭᠠᠷ ᠬᠤᠪᠢ ᠬᠥᠮᠥᠨ᠎ᠦ ᠲᠠᠩᠰᠠᠨ ᠨᠣᠮᠧᠷ
ᠵᠢᠨᠨ ᠳᠠᠩᠰᠠᠯᠠᠭᠤᠯᠵᠤ᠂ ᠨᠡᠷ᠎ᠡ ᠮᠡᠳᠡᠭᠦᠯᠬᠦ ᠮᠡᠳᠡᠭᠡ ᠵᠠᠩᠭᠢ᠎ᠪᠠᠨ ᠲᠤᠰᠢᠶᠠᠨ᠎ᠠ᠃
ᠢᠷᠡᠯᠲᠡ᠄ ᠪᠠᠴᠢᠮ ᠪᠠᠢᠳᠠᠯ᠎ᠢ
ᠠᠷᠭᠠᠴᠠᠭᠠᠬᠤ ᠬᠠᠮᠢᠶᠠᠷᠤᠯᠲᠠ᠎ᠶᠢᠨ ᠶᠠᠮᠤᠨ