2026 ᠣᠨ᠎ᠤ ᠥᠪᠥᠷ ᠮᠣᠩᠭᠣᠯ᠎ᠤᠨ ᠤᠶᠤᠲᠠᠳ᠎ᠤᠨ ᠪᠠᠷᠠᠭᠤᠨ ᠣᠷᠣᠨ᠎ᠤ ᠲᠥᠯᠥᠪᠯᠡᠭᠡ᠎ᠶ᠋ᠢᠨ ᠰᠣᠷᠣᠭ᠍ᠴᠢ ᠡᠯᠰᠡᠬᠦ᠌ ᠱᠢᠯᠭᠠᠯᠲᠠ ᠶᠠᠪᠤᠭ᠍ᠳᠠᠵᠠᠢ
2026-06-16 11:37:41
ᠵᠣᠬᠢᠶᠠᠭ᠍ᠴᠢ᠄
ᠬᠤᠩ ᠰᠢᠶᠠ
ᠣᠩᠱᠢᠭ᠍ᠰᠠᠨ ᠣᠳᠠᠭ᠎ᠠ᠄
★★★☆☆

ᠲᠦᠷᠦᠬᠦᠬᠡᠨ᠂  ᠥᠪᠡᠷᠲᠡᠭᠡᠨ ᠵᠠᠰᠠᠬᠤ ᠣᠷᠣᠨ᠎ᠤ 2026 ᠣᠨ᠎ᠤ ᠤᠶᠤᠲᠠᠳ᠎ᠤᠨ ᠪᠠᠷᠠᠭᠤᠨ ᠣᠷᠣᠨ᠎ᠤ ᠲᠥᠯᠥᠪᠯᠡᠭᠡ᠎ᠶ᠋ᠢᠨ ᠰᠠᠢᠨ ᠲᠤᠷᠠᠴᠤᠳ ᠡᠯᠰᠡᠬᠦ᠌ ᠱᠢᠯᠭᠠᠯᠲᠠ ᠬᠦᠬᠡᠬᠤᠳᠠ᠎ᠳᠤ ᠶᠠᠪᠤᠭ᠍ᠳᠠᠵᠤ᠂ ᠣᠷᠣᠨ᠎ᠤ ᠳᠣᠲᠣᠨ᠎ᠠ ᠭᠠᠳᠠᠨᠠᠬᠢ 3300 ᠭᠠᠷᠤᠶ ᠲᠡᠭᠦᠰᠭᠦ ᠰᠤᠷᠤᠭ᠍ᠴᠢᠳ ᠱᠢᠯᠭᠠᠯᠲᠠ᠎ᠳᠤ ᠣᠷᠣᠯᠴᠠᠪᠠ᠃

ᠤᠢᠯᠠᠭᠠᠬᠰᠠᠨ ᠵᠢᠡᠷ᠂ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ ᠢᠮᠠᠭ᠍ᠲᠠ ᠪᠠᠷᠠᠭᠤᠨ ᠣᠷᠣᠨ᠎ᠤ ᠲᠥᠯᠥᠪᠯᠡᠭᠡ᠎ᠶ᠋ᠢᠨ ᠠᠵᠢᠯ᠎ᠢ ᠵᠠᠯᠠᠭᠤ ᠴᠢᠳᠠᠪᠤᠷᠢᠲᠠᠨ᠎ᠢ ᠬᠥᠮᠦᠵᠢᠭᠦᠯᠬᠦ᠌ ᠪᠠ ᠦᠨᠳᠦᠰᠦᠨ ᠱᠠᠲᠤᠨ᠎ᠤ ᠪᠥᠲᠥᠭᠡᠨ ᠪᠠᠢᠭᠤᠯᠤᠯᠲᠠ᠎ᠶ᠋ᠢᠨ ᠴᠢᠬᠤᠯᠠ ᠵᠢᠭ᠍ᠰᠠᠭᠠᠯ᠎ᠤᠨ ᠭᠠᠵᠠᠷ ᠪᠣᠯᠭᠠᠬᠤ᠎ᠶ᠋ᠢ ᠪᠠᠷᠢᠮᠲᠠᠯᠠᠵᠤ᠂ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ᠎ᠲᠦ ᠠᠵᠢᠯ ᠣᠯᠭᠣᠬᠤ ᠬᠢᠭᠡᠳ ᠦᠨᠳᠦᠰᠦᠨ ᠱᠠᠲᠤᠨ᠎ᠤ ᠴᠢᠳᠠᠪᠤᠷᠢᠲᠠᠨ᠎ᠤ ᠡᠩᠨᠡᠭᠡ᠎ᠶ᠋ᠢᠨ ᠪᠠᠢᠭᠤᠯᠤᠯᠲᠠ᠎ᠶ᠋ᠢᠨ ᠭᠦᠨᠵᠡᠭᠡᠶ ᠠᠭᠤᠰᠤᠯᠴᠠᠯ᠎ᠢ ᠢᠳᠡᠪᠬᠢᠲᠡᠶ ᠠᠬᠢᠭᠤᠯᠪᠠ᠃ ᠡᠪᠯᠡᠯ᠎ᠦᠨ ᠲᠥᠪ ᠬᠣᠷᠢᠶ᠎ᠠ ᠪᠠ ᠪᠦᠬᠦ᠌ ᠤᠯᠤᠰ᠎ᠤᠨ ᠲᠥᠷᠥᠯ ᠵᠦᠶ᠋ᠯ᠎ᠦᠨ ᠠᠯᠪᠠᠨ ᠭᠡᠷ᠎ᠦᠨ ᠨᠢᠭᠡᠳᠦᠯᠲᠡᠶ ᠠᠵᠢᠯ᠎ᠤᠨ ᠪᠠᠢᠷᠢᠯᠠᠭᠤᠯᠤᠯᠲᠠ ᠶᠣᠰᠣᠭᠠᠷ᠂ ᠡᠯᠰᠡᠬᠦ᠌ ᠠᠵᠢᠯ 3 ᠰᠠᠷ᠎ᠠ᠎ᠳᠤ ᠡᠬᠢᠯᠡᠭ᠌ᠰᠡᠨ᠎ᠡᠴᠡ ᠨᠠᠭᠠᠰᠢ᠂ ᠪᠠᠷᠠᠭᠤᠨ ᠣᠷᠣᠨ᠎ᠤ ᠲᠥᠯᠥᠪᠯᠡᠭᠡ᠎ᠶ᠋ᠢ ᠥᠪᠡᠷᠲᠡᠭᠡᠨ ᠵᠠᠰᠠᠬᠤ ᠣᠷᠣᠨ᠎ᠤ ᠲᠥᠷᠥᠯ ᠵᠦᠶ᠋ᠯ᠎ᠦᠨ ᠠᠯᠪᠠᠨ ᠬᠡᠷ᠎ᠡᠴᠡ ᠨᠢᠭᠡᠳᠦᠯᠲᠡᠶ ᠲᠥᠯᠥᠪᠯᠡᠨ ᠵᠣᠬᠢᠴᠠᠭᠤᠯᠵᠦ᠂ ᠱᠠᠲᠤ ᠳᠠᠷᠠᠭᠠᠯᠠᠨ ᠲᠠᠨᠢᠯᠴᠠᠭᠤᠯᠬᠤ᠂ ᠰᠠᠢᠨ ᠳᠤᠷ᠎ᠠ᠎ᠠᠴᠠ᠎ᠪᠠᠨ ᠨᠡᠷ᠎ᠡ ᠮᠡᠳᠡᠭᠦᠯᠬᠦ᠂ ᠬᠢᠨᠠᠨ ᠬᠠᠷᠭᠤᠭᠤᠯᠬᠤ ᠵᠡᠷᠭᠡ ᠠᠷᠭ᠎ᠠ ᠮᠠᠶᠢᠭ ᠵᠢᠡᠷ ᠲᠠᠮᠵᠢᠨ᠂ ᠡᠯ᠎ᠡ ᠱᠠᠲᠤᠨ᠎ᠤ ᠲᠥᠷᠥᠯ ᠵᠦᠶ᠋ᠯ᠎ᠦᠨ ᠠᠯᠪᠠᠨ ᠭᠡᠷ᠎ᠦᠨ ᠬᠠᠷᠢᠭᠤᠴᠠᠯᠭᠠᠲᠠᠨ᠂ ᠱᠢᠯᠢᠳᠡᠭ ᠰᠠᠢ᠌ᠨ ᠳᠤᠷᠠᠴᠤᠳ᠂ ᠠᠰᠫᠢᠷᠠᠨᠲ᠎ᠤᠨ ᠰᠤᠷᠭᠠᠨ ᠬᠥᠮᠦᠵᠢᠯ᠎ᠢ ᠳᠡᠮᠵᠢᠬᠦ᠌ ᠪᠦᠯᠬᠦᠮ ᠵᠢᠴᠢ ᠦᠨᠳᠦᠰᠦᠨ ᠱᠠᠲᠤᠨ᠎ᠳᠤ ᠦᠨᠳᠦᠰᠦᠯᠡᠭ᠌ᠰᠡᠨ ᠲᠡᠷᠢᠭᠦᠨ᠎ᠦ ᠲᠥᠯᠥᠭᠡᠯᠡᠭ᠌ᠴᠢ ᠵᠢ ᠴᠤᠬᠯᠠᠭᠤᠯᠤᠨ᠂ ᠪᠦᠬᠦ᠌ ᠣᠷᠣᠨ᠎ᠤ 30 ᠪᠠᠷᠠᠭᠤᠨ ᠣᠷᠣᠨ᠎ᠤ ᠲᠥᠯᠥᠪᠯᠡᠭᠡ ᠵᠢᠨ ᠭᠣᠣᠯᠳᠠᠯᠭ᠎ᠠ᠎ᠲᠠᠶ ᠶᠡᠬᠡ ᠳᠡᠭᠡᠳᠦ ᠰᠤᠷᠭᠠᠭᠤᠯᠢ ᠳ᠋ᠦ ᠬᠦᠨᠵᠡᠭᠡᠢᠷᠡᠨ ᠣᠨᠴᠠᠯᠢᠭ᠎ᠲᠠᠶ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠷᠨᠢᠭᠦᠯᠵᠦ᠂ 2026 ᠣᠨ᠎ᠳᠤ ᠨᠡᠷ᠎ᠡ ᠮᠡᠳᠡᠭᠦᠯᠬᠦ᠌ ᠬᠥᠮᠦᠨ᠎ᠦ ᠲᠣᠭ᠎ᠠ᠎ᠶ᠋ᠢ ᠨᠢᠳᠤᠨᠤᠨ᠎ᠤ᠎ᠬᠢ᠎ᠡᠴᠡ 50% ᠪᠠᠷ ᠨᠡᠮᠡᠭ᠌ᠳᠡᠵᠦ᠂ ᠪᠠᠷᠠᠭᠤᠨ ᠣᠷᠣᠨ᠎ᠤ ᠲᠥᠯᠥᠪᠯᠡᠭᠡ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠬᠦᠴᠦᠯᠡᠨ ᠠᠬᠢᠭᠤᠯᠵᠦ᠂ ᠥᠷᠭᠡᠨ ᠣᠯᠠᠨ ᠵᠠᠯᠠᠭᠤ ᠰᠤᠷᠤᠭ᠍ᠴᠢᠳ᠎ᠤᠨ ᠪᠠᠷᠠᠭᠤᠨ ᠣᠷᠣᠨ᠎ᠤ ᠪᠦᠲᠦᠭᠡᠨ ᠪᠠᠢᠭᠤᠯᠤᠯᠲᠠ᠎ᠳᠤ ᠣᠷᠣᠯᠴᠠᠬᠤ᠎ᠶ᠋ᠢ ᠵᠣᠷᠢᠭ᠍ᠵᠢᠭᠤᠯᠤᠨ᠂ ᠵᠠᠯᠠᠭᠤ ᠨᠠᠰᠤᠨ᠎ᠤ ᠡᠭᠦᠷᠭᠡᠯᠡᠯ᠎ᠢᠶᠡᠨ ᠢᠯᠡᠷᠡᠭᠦᠯᠬᠦ ᠵᠢ ᠬᠦᠲᠦᠯᠦᠨ ᠲᠠᠭᠠᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号