ᠥᠪᠥᠷ ᠮᠣᠩᠭᠣᠯ᠎ᠤᠨ ᠠᠬᠠᠮᠠᠳ ᠴᠡᠷᠢᠭ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ 400 ᠭᠠᠷᠤᠶ ᠪᠠᠭ᠍ᠰᠢ ᠰᠤᠷᠤᠭ᠍ᠴᠢᠳ᠎ᠲᠦ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠬᠦᠮᠦᠵᠢᠯ ᠬᠥᠷᠳᠡᠭᠡᠵᠡᠢ
2026-06-16 11:41:06
ᠵᠣᠬᠢᠶᠠᠭ᠍ᠴᠢ᠄
ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

ᠤᠢᠷ᠎ᠡ᠎ᠳᠦ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶ᠋ᠢᠨ ᠪᠠᠷᠠᠭᠤᠨ ᠲᠣᠭᠣᠷᠢᠭ᠎ᠤᠨ ᠮᠡᠳᠡᠭᠦᠯᠦᠯᠲᠡ᠎ᠶ᠋ᠢᠨ ᠲᠢᠩᠬᠢᠮ᠎ᠳᠦ 《ᠣᠷᠳᠣ ᠵᠠᠮ᠎ᠤᠨ ᠠᠶᠠᠨ ᠲᠡᠢᠨ᠎ᠦ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠰᠡᠷᠭᠦᠨ ᠮᠠᠨᠳᠤᠯᠲᠠ᠎ᠶ᠋ᠢᠨ ᠬᠣᠱᠢᠭᠤᠴᠢ ᠪᠣᠯᠬᠤ᠎ᠪᠠᠷ ᠴᠢᠷᠮᠠᠢᠬᠤ》 ᠪᠠᠷ ᠭᠤᠤᠯ ᠰᠡᠳᠦᠪ ᠪᠣᠯᠭᠠᠭ᠍ᠰᠠᠨ ᠥᠪᠥᠷ ᠮᠣᠩᠭᠣᠯ᠎ᠤᠨ ᠠᠬᠠᠮᠠᠳ ᠴᠡᠷᠢᠭ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ ᠰᠤᠷᠭᠠᠭᠤᠯᠢ᠎ᠶ᠋ᠢᠨ ᠬᠦᠷᠢᠶᠡᠨ᠎ᠳᠦ ᠣᠷᠣᠬᠤ ᠵᠢᠴᠢ 2026 ᠣᠨ᠎ᠤ ᠨᠠᠮᠤᠷ᠎ᠤᠨ ᠤᠯᠠᠷᠢᠯ᠎ᠤᠨ ᠴᠡᠷᠢᠭ ᠡᠯᠰᠡᠬᠦ᠌ ᠤᠬᠠᠭᠤᠯᠭ᠎ᠠ᠎ᠶ᠋ᠢᠨ ᠠᠵᠢᠯᠯᠠᠭ᠎ᠠ ᠶᠠᠪᠤᠭ᠍ᠳᠠᠵᠤ᠂ 400 ᠭᠠᠷᠤᠶ ᠪᠠᠭ᠍ᠰᠢ ᠰᠤᠷᠤᠭ᠍ᠴᠢᠳ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠬᠦᠮᠦᠵᠢᠯ ᠬᠥᠷᠳᠡᠪᠡ᠃

ᠠᠵᠢᠯᠯᠠᠭ᠎ᠠ ᠳ᠋ᠤ᠂ ᠬᠥᠬᠡᠬᠣᠲᠠ᠎ᠶ᠋ᠢᠨ ᠰᠠᠢᠬᠠᠨ ᠲᠣᠭᠣᠷᠢᠭ᠎ᠤᠨ ᠠᠷᠠᠳ᠎ᠤᠨ ᠵᠡᠪᠰᠡᠭ᠌ᠲᠦ ᠬᠦᠴᠦᠨ᠎ᠦ ᠬᠡᠯᠲᠡᠰ᠎ᠦᠨ ᠠᠵᠢᠯᠳᠠᠨ 2026 ᠣᠨ᠎ᠤ ᠨᠠᠮᠤᠷ᠎ᠤᠨ ᠤᠯᠠᠷᠢᠯ᠎ᠤᠨ ᠴᠡᠷᠢᠭ ᠡᠯᠰᠡᠬᠦ᠌ ᠬᠠᠷᠠᠭᠠᠯᠵᠠᠯ᠎ᠤᠨ ᠲᠦᠷᠦ᠍᠎ᠶ᠋ᠢᠨ ᠪᠤᠳᠤᠯᠭ᠎ᠠ᠎ᠳᠤ ᠨᠠᠷᠢᠨ ᠲᠠᠢᠯᠤᠮᠵᠢ ᠬᠢᠵᠦ᠍᠂ ᠴᠡᠷᠢᠭ᠎ᠲᠦ ᠣᠷᠣᠬᠤ ᠨᠥᠬᠥᠴᠡᠯ᠂ ᠢᠷᠡᠭᠡᠳᠦᠢ᠎ᠶ᠋ᠢᠨ ᠵᠠᠮ᠎ᠵᠡᠷᠭᠡ ᠠᠰᠠᠭᠤᠳᠠᠯ᠎ᠢ ᠬᠠᠷᠢᠭᠤᠯᠵᠤ᠂ ᠴᠡᠷᠢᠭ᠎ᠲᠦ ᠣᠷᠣᠬᠤ ᠲᠠᠢ᠌ᠴᠢᠯᠠᠯᠳᠠ᠎ᠶ᠋ᠢᠨ ᠪᠦᠷᠢᠶ᠎ᠡ᠎ᠶ᠋ᠢ ᠬᠠᠩᠭᠢᠨᠠᠭᠤᠯᠪᠠ᠃ ᠥᠪᠥᠷ ᠮᠣᠩᠭᠣᠯ᠎ᠤᠨ ᠠᠬᠠᠮᠠᠳ ᠴᠡᠷᠢᠭ ᠤ᠋ᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ 6 ᠭᠡᠱᠢᠭᠦᠨ ᠥᠪᠡᠷ᠎ᠦᠨ ᠥᠩᠭᠡᠷᠡᠯᠲᠡ᠎ᠪᠠᠨ ᠤᠯᠠᠨ ᠲᠠᠢ ᠬᠤᠪᠢᠶᠠᠯᠴᠠᠪᠠ᠃ ᠬᠠᠮᠤᠭ᠎ᠤᠨ ᠭᠤᠶᠤ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ ᠵᠢᠨ ᠶᠢᠩ ᠱᠢᠨ ᠣᠷᠣᠨ ᠨᠤᠲᠤᠭ᠎ᠤᠨ ᠪᠦᠲᠦᠭᠡᠨ ᠪᠠᠢᠭᠤᠯᠤᠯᠲᠠ᠎ᠳᠤ ᠭᠠᠪᠰᠢᠭᠠᠢᠯᠠᠵᠤ᠂ ᠴᠡᠷᠢᠭ᠎ᠦᠨ ᠠᠯᠪᠠ᠎ᠠᠴᠠ ᠪᠠᠭᠤᠬᠰᠠᠨ ᠴᠸ᠋ ᠥᠩᠭᠡ ᠨᠢ ᠬᠤᠪᠢᠷᠠᠬᠤ ᠦᠭᠡᠢ ᠪᠠᠲᠤ ᠪᠠᠷᠢᠮᠳᠠᠯᠠᠯ ᠢ᠋ ᠲᠠᠢᠯᠪᠤᠷᠢᠯᠠᠪᠠ᠋; ᠳᠢ ᠳᠢ ᠭᠠᠮᠱᠢᠭ᠎ᠠᠴᠠ ᠠᠪᠤᠷᠠᠬᠰᠠᠨ ᠦᠡᠭᠭᠡᠷᠡᠯᠳᠡ ᠪᠠᠨ᠎ᠡᠷᠭᠢᠴᠡᠭᠦᠯᠪᠡ; ᠮᠠ ᠪᠢᠨ ᠴᠡᠷᠢᠭ ᠠᠩᠭᠢ᠎ᠶ᠋ᠢᠨ ᠱᠢᠯᠢᠳᠡᠭ ᠰᠤᠷᠲᠠᠯ᠎ᠢ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠳ᠋ᠤ ᠠᠭᠤᠰᠤᠯᠴᠠᠭᠤᠯᠤᠬᠰᠠᠨ ᠦᠯᠢᠭᠡᠷ ᠦᠢᠯᠡ ᠪᠠᠨ ᠶᠠᠷᠢᠪᠠ; ᠴᠸᠠ ᠵᠦᠸᠸ ᠴᠡᠷᠢᠭ ᠤ᠋ᠨ ᠭᠡᠷ ᠪᠦᠯᠢ ᠪᠤᠯᠤᠬᠰᠠᠨ ᠬᠠᠷᠠᠮᠴᠢ ᠦᠭᠡᠢ ᠰᠤᠡᠭᠭᠤᠯᠳᠠ ᠪᠠᠨ ᠬᠤᠪᠢᠶᠠᠯᠴᠠᠪᠠ; ᠵᠠᠯᠠᠭᠤ ᠴᠡᠷᠢᠭ ᠤ᠋ᠨ ᠠᠯᠪᠠ᠎ᠡᠴᠡ ᠬᠠᠯᠠᠭ᠍ᠳᠠᠭ᠍ᠰᠠᠳ ᠯᠢᠦ ᠱ᠌ᠢ ᠯᠦᠩ ᠦᠨᠳᠦᠰᠦᠨ ᠱᠠᠲᠤᠨ᠎ᠳᠤ ᠰᠠᠭᠤᠷᠢᠯᠠᠵᠤ᠂ ᠲᠣᠰᠭᠣᠨ᠎ᠤ ᠠᠷᠠᠳ᠎ᠢᠶᠠᠨ ᠳᠠᠭᠠᠭᠤᠯᠤᠨ ᠣᠷᠣᠯᠭ᠎ᠠ᠎ᠪᠠᠨ ᠨᠡᠮᠡᠭ᠌ᠳᠡᠭᠦᠯᠦᠭᠰᠡᠨ ᠦᠯᠢᠭᠡᠷ ᠵᠢᠡᠨ ᠳᠠᠨᠢᠯᠴᠠᠭᠤᠯᠪᠠ; ᠨᠢᠭᠡᠳᠦᠭᠡᠷ ᠳᠡᠰ᠎ᠤᠨ ᠭᠠᠪᠢᠶᠠᠲᠤ ᠰᠠᠢᠳ ᠬᠤᠸᠠᠩ ᠭᠦᠸᠧ ᠼᠠᠢ ᠶᠡᠬᠡ ᠬᠢᠩᠭᠠᠨ ᠳᠠᠪᠠᠭ᠎ᠠ᠎ᠶ᠋ᠢᠨ ᠲᠦᠢᠮᠡᠷ᠎ᠢ ᠤᠨᠲᠠᠷᠠᠭᠠᠬᠰᠠᠨ ᠦᠢᠯᠡ ᠠᠵᠢᠯᠯᠠᠭ᠎ᠠ᠎ᠶ᠋ᠢ ᠶᠠᠷᠢᠵᠤ᠂ ᠴᠡᠷᠢᠭ ᠬᠥᠮᠦᠨ᠎ᠦ ᠠᠶᠤᠯ ᠲᠦᠭ᠌ᠰᠢᠭᠦᠷᠢ᠎ᠶ᠋ᠢᠨ ᠡᠮᠦᠨ᠎ᠡ ᠴᠡᠭᠡᠵᠢ ᠲᠦᠷᠢᠭ᠌ᠰᠡᠨ ᠬᠠᠳᠠᠨ ᠪᠠᠲᠤ ᠲᠠᠩᠭᠠᠷᠢᠭ ᠲᠸ᠋ ᠲᠠᠢᠯᠤᠮᠵᠢ ᠦᠭᠪᠡ᠃

ᠠᠵᠢᠯᠯᠠᠭ᠎ᠠ ᠨᠢ ᠬᠤᠪᠢᠰᠭᠠᠯᠲᠤ ᠤᠬᠠᠭᠤᠯᠤᠨ ᠲᠠᠢᠯᠪᠤᠷᠢᠯᠠᠬᠤ ᠪᠠ ᠴᠡᠷᠢᠭ ᠡᠯᠰᠡᠬᠦ᠌ ᠲᠠᠢ᠌ᠴᠢᠯᠠᠯᠳᠠ᠎ᠶ᠋ᠢ ᠠᠭᠤᠰᠤᠯᠴᠠᠭᠤᠯᠵᠤ᠂ ᠪᠠᠭᠠᠲᠤᠷᠯᠢᠭ ᠦᠯᠢᠬᠡᠷ ᠶᠠᠪᠤᠳᠠᠯ ᠵᠢᠡᠷ ᠵᠠᠯᠠᠭᠤᠴᠤᠳ᠎ᠤᠨ ᠰᠡᠳᠭᠢᠯ᠎ᠳᠦ ᠤᠯᠤᠰ᠎ᠢᠶᠠᠨ ᠬᠠᠢᠷᠠᠯᠠᠵᠤ ᠴᠡᠷᠢᠭ᠎ᠢᠶᠡᠨ ᠬᠦᠷᠢᠶᠡᠯᠡᠬᠦ᠌ ᠦᠷ᠎ᠡ᠎ᠶ᠋ᠢ ᠦᠨᠳᠦᠰᠦᠯᠡᠬᠦᠯᠵᠡᠢ᠃ 《ᠪᠢᠳᠡ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠬᠥᠮᠦᠵᠢᠯ᠎ᠦᠨ ᠠᠵᠢᠯᠯᠠᠭ᠎ᠠ᠎ᠶ᠋ᠢ ᠪᠠᠢᠩᠭᠤᠵᠢᠭᠤᠯᠤᠨ ᠥᠷᠨᠢᠭᠦᠯᠵᠦ᠍᠂ ᠵᠠᠯᠠᠭᠤ ᠰᠤᠷᠤᠭ᠍ᠴᠢᠳ᠎ᠢ ᠪᠠᠭᠠᠲᠤᠷᠴᠤᠳ᠎ᠢᠶᠠᠷ ᠳᠠᠭᠤᠷᠢᠶᠠᠯ ᠪᠣᠯᠭᠠᠵᠤ᠂ ᠤᠯᠤᠰ᠎ᠲᠠᠭᠠᠨ ᠵᠢᠳᠬᠦᠬᠦ᠌ ᠬᠦᠰᠡᠯᠡᠩ᠎ᠢ ᠡᠪᠦᠷᠯᠡᠨ ᠴᠡᠷᠢᠭ᠎ᠦᠨ ᠬᠤᠸᠠᠷᠠᠨ᠎ᠳᠤ ᠣᠴᠢᠵᠤ᠂ ᠵᠠᠯᠠᠭᠤ ᠨᠠᠰᠤᠨ᠎ᠤ ᠢᠷᠠᠭᠤ ᠬᠠᠭᠤᠳᠠᠰᠤ᠎ᠶ᠋ᠢ ᠴᠡᠷᠢᠭ᠎ᠢᠶᠡᠨ ᠬᠦᠴᠦᠷᠬᠡᠭ᠌ᠵᠢᠭᠦᠯᠵᠦ᠍ ᠤᠯᠤᠰ᠎ᠲᠠᠭᠠᠨ ᠵᠢᠳᠬᠦᠬᠦ᠌ ᠠᠶᠠᠨ ᠵᠠᠮ᠎ᠳᠤ ᠪᠢᠴᠢᠭ᠌ᠯᠡᠬᠦ ᠵᠢ ᠬᠦᠳᠦᠯᠦᠨ ᠲᠠᠭᠠᠭᠤᠯᠤᠨ᠎ᠠ》 ᠭᠡᠵᠦ᠍ ᠥᠪᠥᠷ ᠮᠣᠩᠭᠣᠯ᠎ᠤᠨ ᠠᠬᠠᠮᠠᠳ ᠴᠡᠷᠢᠭ ᠤ᠋ᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠬᠠᠮᠢᠶ᠎ᠠ ᠪᠥᠬᠥᠶ ᠬᠠᠷᠢᠭᠤᠴᠠᠯᠭᠠᠲᠠᠨ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号