6 ᠰᠠᠷ᠎ᠠ ᠵᠢᠨ 12 ᠤ᠋ᠨ ᠦᠳᠡ ᠵᠢᠨ ᠡᠮᠤᠨ᠎ᠡ᠂ ᠦᠪᠦᠷ ᠮᠤᠩᠭᠤᠯ ᠤ᠋ᠨ ᠴᠢᠯᠦᠭᠡᠲᠤ ᠠᠷᠠᠯᠵᠢᠶᠠᠨ ᠤ᠋ ᠲᠤᠷᠰᠢᠯᠳᠠ ᠵᠢᠨ ᠤᠷᠤᠨ ᠢ᠋ ᠰᠠᠢᠲᠤᠷ ᠪᠦᠲᠦᠭᠡᠨ ᠪᠠᠢᠭᠤᠯᠵᠤ᠂ ᠥᠪᠡᠷᠲᠡᠭᠡᠨ ᠵᠠᠰᠠᠬᠤ ᠣᠷᠣᠨᠤ ᠨᠠᠮ ᠤ᠋ᠨ ᠬᠤᠷᠢᠶ᠎ᠠ ᠵᠢᠨ 《1571》 ᠠᠵᠢᠯᠤᠨ ᠪᠠᠢᠷᠢᠯᠠᠭᠤᠯᠤᠯᠲᠠ ᠶ᠋ᠢ ᠪᠥᠬᠥ᠌ ᠲᠠᠯ᠎ᠠ ᠪᠡᠷ ᠨᠠᠢᠳᠠᠪᠤᠷᠢᠵᠢᠭᠤᠯᠤᠨ᠂ ᠵᠣᠬᠢᠶᠠᠮᠠᠯ ᠣᠶᠤᠨ ᠴᠢᠳᠠᠪᠤᠷᠢ ᠪᠡᠷ ᠡᠨ᠋ᠸᠷᠭᠢ ᠤᠯᠭᠤᠬᠤ ᠪᠡᠷ ᠳᠠᠮᠵᠢᠨ ᠭᠤᠤᠯᠳᠠᠯᠭᠠᠲᠠᠶ ᠠᠵᠤ ᠦᠶ᠋ᠯᠡᠰ ᠤ᠋ᠨ ᠬᠡᠯᠪᠡᠷᠢᠪᠡᠨ ᠬᠤᠪᠢᠷᠠᠭᠤᠯᠤᠨ ᠲᠠᠰ ᠳᠡᠪᠱᠢᠬᠦ᠌ ᠶ᠋ᠢ ᠲᠦᠷᠭᠡᠳᠭᠡᠨ ᠠᠬᠢᠭᠤᠯᠵᠤ᠂ ᠳᠤᠮᠳᠠᠳᠤ ᠮᠣᠩᠭᠣᠯ ᠣᠷᠣᠰᠤᠨ ᠠᠵᠤ ᠠᠬᠤᠶ ᠵᠢᠨ ᠬᠣᠩᠭᠢᠯᠤᠨ ᠣᠶᠤᠨᠤ ᠬᠠᠮᠲᠤᠷᠠᠯᠴᠠᠭ᠎ᠠ ᠶ᠋ᠢ ᠠᠬᠢᠭᠤᠯᠬᠤ ᠶ᠋ᠢᠨ ᠲᠦᠯᠦᠭᠡ ᠬᠦᠬᠡᠬᠤᠲᠠ ᠦᠨᠳᠦᠰᠦᠲᠡᠨ ᠤ᠋ ᠳᠡᠭᠡᠳᠤ ᠰᠤᠷᠭᠠᠭᠤᠯᠢ ᠭᠤᠤᠯᠯᠠᠨ ᠡᠷᠬᠢᠯᠡᠭᠰᠡᠨ᠂ ᠬᠦᠬᠡᠬᠤᠲᠠ ᠦᠨᠳᠦᠰᠦᠲᠡᠨ ᠤ᠋ ᠳᠡᠭᠡᠳᠤ ᠰᠤᠷᠭᠠᠭᠤᠯᠢ ᠪᠤᠯᠤᠨ ᠬᠦᠬᠡᠬᠤᠲᠠ ᠵᠢᠨ ᠬᠢᠲᠠᠳ ᠮᠤᠩᠭᠤᠯ ᠡᠮᠨᠡᠯᠭᠡ ᠵᠢᠨ ᠬᠤᠷᠢᠶ᠎ᠠ ᠵᠢᠨ ᠬᠠᠮᠳᠤᠷᠠᠭᠰᠠᠨ 《ᠴᠢᠯᠦᠭᠡᠲᠤ ᠠᠷᠠᠯᠵᠢᠶᠠᠨ ᠤ᠋ ᠲᠤᠷᠰᠢᠯᠳᠠ ᠵᠢᠨ ᠤᠷᠤᠨ ᠵᠢᠡᠷ ᠬᠦᠴᠤᠨ ᠨᠡᠮᠡᠷᠢᠯᠠᠵᠤ·ᠳᠤᠮᠳᠠᠳᠤ ᠮᠤᠩᠭᠤᠯ ᠢ᠋ ᠤᠶᠤᠨᠴᠢ ᠪᠡᠷ ᠬᠤᠯᠪᠤᠶ᠎ᠠ》 ᠭᠡᠬᠦ ᠰᠢᠷᠢᠰ ᠫᠠᠢᠰᠠ ᠰᠡᠬᠦᠬᠦ ᠶᠤᠰᠤᠯᠠᠯ ᠵᠢᠴᠢ ᠠᠵᠤ ᠦᠢᠯᠡᠰ ᠤ᠋ᠨ ᠮᠡᠷᠭᠡᠵᠢᠯ ᠤ᠋ᠨ ᠰᠤᠳᠤᠯᠤᠨ ᠶᠠᠷᠢᠯᠴᠠᠬᠤ ᠬᠤᠷᠠᠯ ᠬᠦᠬᠡᠬᠤᠲᠠ ᠦᠨᠳᠦᠰᠦᠲᠡᠨ ᠤ᠋ ᠳᠡᠭᠡᠳᠤ ᠰᠤᠷᠭᠠᠭᠤᠯᠢ ᠳ᠋ᠤ ᠶᠠᠪᠤᠭᠳᠠᠪᠠ᠃
ᠰᠢᠷᠢᠰ ᠫᠠᠢᠰᠠ ᠰᠡᠬᠦᠬᠦ ᠶᠤᠰᠤᠯᠠᠯ ᠨᠢ ᠠᠺᠠᠳ᠋ᠸᠮᠢᠴᠢ ᠨᠠᠷ ᠤ᠋ᠨ ᠬᠤᠯᠪᠤᠭᠠᠳᠤ ᠠᠵᠢᠯᠯᠠᠬᠤ ᠦᠷᠲᠡᠭᠡ ᠪᠠᠢᠭᠤᠯᠬᠤ ᠭᠡᠷ᠎ᠡ ᠲᠤᠭᠲᠠᠬᠤ ᠶᠤᠰᠤᠯᠠᠯ᠂ ᠲᠤᠭ᠎ᠠ ᠪᠠᠷᠢᠮᠲᠠ ᠵᠢᠨ ᠠᠮᠤᠷ ᠲᠦᠪᠰᠢᠨ ᠵᠢᠴᠢ ᠤᠶᠤᠨᠴᠢ ᠪᠡᠷ ᠰᠢᠢᠳᠪᠦᠷᠢᠯᠡᠬᠦ ᠭᠤᠤᠯᠳᠠᠯᠭ᠎ᠠ ᠲᠠᠢ ᠲᠤᠷᠰᠢᠯᠲᠠ ᠵᠢᠨ ᠲᠠᠰᠤᠭ ᠤ᠋ᠨ ᠫᠠᠢᠰᠠ ᠰᠡᠬᠦᠬᠦ ᠶᠤᠰᠤᠯᠠᠯ᠂ AI ᠪᠦᠲᠦᠬᠡᠭᠲᠡᠬᠦᠨ ᠤ᠋ ᠮᠡᠷᠭᠡᠵᠢᠯ ᠤ᠋ᠨ ᠦᠷ᠎ᠡ ᠪᠦᠲᠦᠭᠡᠯ ᠨᠡᠢᠲᠡᠯᠡᠬᠦ ᠬᠤᠷᠠᠯ ᠵᠢᠴᠢ ᠰᠤᠳᠤᠯᠤᠨ ᠶᠠᠷᠢᠯᠴᠠᠬᠤ ᠬᠤᠷᠠᠯ ᠵᠡᠷᠭᠡ ᠠᠭᠤᠯᠭ᠎ᠠ ᠪᠡᠷ ᠶᠠᠪᠤᠭᠳᠠᠪᠠ᠃
ᠬᠦᠬᠡᠬᠤᠲᠠ ᠦᠨᠳᠦᠰᠦᠲᠡᠨ ᠤ᠋ ᠳᠡᠭᠡᠳᠤ ᠰᠤᠷᠭᠠᠭᠤᠯᠢ ᠬᠥᠬᠡᠬᠣᠲᠠ ᠵᠢᠨ ᠬᠢᠲᠠᠳ ᠡᠮᠨᠡᠯᠭᠡ ᠮᠣᠩᠭᠣᠯ ᠡᠮᠨᠡᠯᠭᠡ ᠵᠢᠨ ᠬᠣᠷᠢᠶ᠎ᠠ ᠲᠠᠢ ᠬᠠᠮᠳᠤᠷᠠᠨ 《ᠳᠠᠪᠠᠭᠤᠯᠢᠭ ᠵᠢᠡᠨ ᠬᠠᠷᠢᠯᠴᠠᠨ ᠨᠥᠬᠥᠪᠥᠷᠢᠯᠡᠬᠦ᠌᠂ ᠡᠬᠢ ᠪᠠᠶᠠᠯᠢᠭ ᠢ᠋ ᠬᠠᠮᠲᠤ ᠪᠡᠷ ᠡᠳ᠋ᠯᠡᠬᠦ᠌᠂ ᠡᠷᠬᠡ ᠲᠡᠭ᠌ᠰᠢ ᠬᠠᠷᠢᠯᠴᠠᠨ ᠠᠱᠢᠭ᠍ᠲᠠᠶ ᠪᠠᠢᠬᠤ》 ᠵᠠᠷᠴᠢᠮ ᠶᠣᠰᠣᠭᠠᠷ ᠪᠠᠢᠭᠤᠯᠤᠭᠰᠠᠨ ᠠᠺᠠᠳᠧᠮᠢᠴᠢ ᠨᠠᠷ ᠤ᠋ᠨ ᠬᠤᠯᠪᠤᠭᠠᠳᠤ ᠠᠵᠢᠯᠯᠠᠬᠤ ᠦᠷᠳᠡᠭᠡ ᠨᠢ ᠬᠣᠶᠠᠷ ᠲᠠᠯ᠎ᠠ ᠵᠢᠨ ᠠᠺᠠᠳᠧᠮᠢᠴᠢ ᠲᠤᠰᠭᠠᠢ ᠮᠡᠷᠭᠡᠵᠢᠯᠲᠡᠨ ᠤ᠋ ᠠᠵᠢᠯᠯᠠᠬᠤ ᠦᠷᠳᠡᠭᠡ ᠵᠢᠨ ᠱᠢᠯᠢᠳᠡᠭ ᠡᠬᠢ ᠪᠠᠶᠠᠯᠢᠭ ᠢ᠋ ᠨᠡᠢᠳᠭᠡᠵᠦ᠍᠂ ᠶᠠᠫᠣᠨᠤ ᠢᠨᠵᠧᠨᠧᠷᠢᠩ ᠤ᠋ᠨ ᠬᠦᠷᠢᠶᠡᠯᠡᠩ ᠤ᠋ᠨ ᠭᠠᠳᠠᠭᠠᠳᠤ ᠵᠢᠨ ᠬᠠᠷᠢᠶᠠᠲᠤ ᠠᠺᠠᠳᠧᠮᠢᠴᠢ᠂ ᠱᠠᠩᠬᠠᠢ ᠵᠢᠨ ᠵᠠᠮ ᠬᠠᠷᠢᠯᠴᠠᠭᠠᠨᠤ ᠶᠡᠬᠡ ᠰᠤᠷᠭᠠᠭᠤᠯᠢ ᠵᠢᠨ ᠯᠢ ᠵᠢᠶ᠍ᠸ ᠫᠷᠤᠹᠸᠰᠰᠤᠷ᠂ ᠮᠣᠩᠭᠣᠯ ᠤᠯᠤᠰᠤᠨ ᠠᠨᠠᠭᠠᠬᠤ ᠤᠬᠠᠭᠠᠨᠤ ᠬᠦᠷᠢᠶᠡᠯᠡᠩ ᠤ᠋ᠨ ᠠᠺᠠᠳᠧᠮᠢᠴᠢ᠂ ᠮᠤᠩᠭᠤᠯ ᠤᠯᠤᠰᠤᠨ ᠠᠨᠠᠭᠠᠬᠤ ᠤᠬᠠᠭᠠᠨᠤ ᠶᠡᠬᠡ ᠰᠤᠷᠭᠠᠭᠤᠯᠢ ᠵᠢᠨ ᠳ·ᠴᠡᠷᠢᠨᠳᠠᠭᠪᠠ ᠫᠷᠤᠹᠸᠰᠰᠤᠷ ᠵᠡᠷᠭᠡ ᠳᠡᠭᠡᠳᠦ ᠲᠡᠰᠤᠨ ᠴᠢᠳᠠᠪᠤᠷᠢᠲᠠᠨ ᠵᠢᠡᠷ ᠲᠦᠷᠦᠭᠦᠯᠡᠭᠦᠯᠵᠤ᠂ ᠬᠢᠲᠠᠳ ᠡᠮᠨᠡᠯᠭᠡ ᠮᠣᠩᠭᠣᠯ ᠡᠮᠨᠡᠯᠭᠡ ᠵᠢᠨ ᠲᠣᠮᠣ ᠵᠠᠭ᠍ᠪᠤᠷ ᠢ᠋ ᠰᠤᠳᠤᠯᠤᠨ ᠨᠡᠭᠡᠭᠡᠬᠦ᠌᠂ ᠮᠣᠩᠭᠣᠯ ᠬᠡᠯᠡᠨ ᠤ᠋ ᠣᠶᠤᠨᠴᠢ ᠮᠡᠳᠡᠭᠡ ᠵᠠᠩᠭᠢ ᠶ᠋ᠢ ᠱᠢᠶ᠋ᠳᠪᠦᠷᠢᠯᠡᠬᠦ᠌᠂ ᠶᠠᠰᠤᠨᠤ ᠡᠳ᠋ ᠰᠡᠢᠷᠡᠭ᠌ᠵᠢᠬᠦ᠌ ᠵᠡᠷᠭᠡ ᠣᠨᠴᠠᠯᠢᠭ᠍ᠲᠤ ᠡᠪᠡᠳᠴᠢᠨ ᠢ᠋ ᠲᠤᠭᠠᠴᠢᠯᠠᠭᠰᠠᠨ ᠠᠷᠭ᠎ᠠ ᠪᠡᠷ ᠣᠨᠣᠱᠢᠯᠠᠨ ᠡᠮᠨᠡᠬᠦ᠌ ᠵᠡᠷᠭᠡ ᠴᠢᠭ᠌ᠯᠡᠯ ᠤ᠋ᠨ ᠲᠣᠭᠣᠷᠢᠨ ᠳ᠋ᠤ ᠱᠢᠨᠵᠢᠯᠡᠬᠦ᠌ ᠤᠬᠠᠭᠠᠨᠤ ᠰᠤᠳᠤᠯᠭᠠᠨᠤ ᠪᠣᠭᠣᠮᠲᠠ ᠱᠢᠪᠲᠤᠯᠬᠤ ᠶ᠋ᠢ ᠭᠤᠤᠯᠳᠠᠯᠭᠠᠲᠠᠶ ᠥᠷᠨᠢᠭᠦᠯᠬᠦ᠌ ᠵᠢᠨ ᠬᠠᠮᠲᠤ ᠠᠵᠤ ᠦᠶ᠋ᠯᠡᠰ ᠪᠠ ᠰᠤᠷᠭᠠᠨ ᠬᠥᠮᠦᠵᠢᠯ ᠤ᠋ᠨ ᠠᠭᠤᠰᠤᠯᠴᠠᠯ᠂ ᠴᠢᠳᠠᠪᠤᠷᠢᠲᠠᠨ ᠢ᠋ ᠬᠥᠮᠦᠵᠢᠭᠦᠯᠬᠦ᠌ ᠪᠠ ᠣᠯᠠᠨ ᠤᠯᠤᠰᠤᠨ ᠬᠠᠮᠲᠤᠷᠠᠯᠴᠠᠭ᠎ᠠ ᠶ᠋ᠢ ᠠᠬᠢᠭᠤᠯᠵᠤ᠂ ᠥᠨᠳᠥᠷ ᠲᠦᠪᠱᠢᠨ ᠪᠥᠬᠥᠶ ᠱᠢᠨᠵᠢᠯᠡᠬᠦ᠌ ᠤᠬᠠᠭᠠᠨᠤ ᠰᠤᠳᠤᠯᠭᠠᠨᠤ ᠱᠢᠨ᠎ᠡ ᠶ᠋ᠢ ᠡᠭᠦᠳᠬᠦ᠌ ᠪᠠ ᠦᠷ᠎ᠡ ᠪᠦᠲᠦᠭᠡᠯ ᠢ᠋ ᠤᠯᠠᠷᠢᠭᠤᠯᠬᠤ ᠲᠠᠪᠴᠠᠩ ᠢ᠋ ᠴᠢᠷᠮᠠᠢᠨ ᠪᠠᠢᠭᠤᠯᠬᠤ ᠪᠤᠯᠤᠨ᠎ᠠ᠃