ᠤᠢᠷ᠎ᠠ ᠳ᠋ᠤ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠦᠨ ᠬᠢᠨ ᠥᠪᠥᠷ ᠮᠣᠩᠭᠣᠯ᠎ᠤᠨ ᠬᠡᠪᠯᠡᠯ᠎ᠦᠨ ᠪᠦᠯᠦᠭᠯᠡᠯ᠎ᠳᠦ ᠬᠦᠷᠴᠦ᠂ ᠵᠢᠭᠠᠬᠤ ᠮᠠᠲᠧᠷᠢᠶᠠᠯ᠎ᠤᠨ ᠪᠠᠢᠭᠤᠯᠤᠯᠲᠠ᠂ ᠰᠤᠷᠭᠠᠨ ᠬᠥᠮᠦᠵᠢᠯ ᠦᠨ ᠲᠣᠭᠠᠴᠢᠯᠠᠯᠲᠠ ᠲᠡᠢᠰᠢ ᠬᠡᠯᠪᠡᠷᠢ᠎ᠪᠠᠨ ᠬᠤᠪᠢᠷᠠᠭᠤᠯᠬᠤ᠂《ᠵᠣᠬᠢᠶᠠᠮᠠᠯ ᠣᠶᠤᠨ ᠴᠢᠳᠠᠪᠤᠷᠢ + ᠰᠤᠷᠭᠠᠨ ᠬᠥᠮᠦᠵᠢᠯ》᠎ᠢ᠋ ᠠᠭᠤᠰᠤᠯᠴᠠᠭᠤᠯᠤᠨ ᠬᠡᠷᠡᠭᠯᠡᠬᠦ᠂ ᠰᠢᠯᠢᠳᠡᠭ ᠵᠢᠭᠠᠨ ᠰᠤᠷᠭᠠᠯᠲᠠ᠎ᠶᠢᠨ ᠬᠢᠴᠢᠶᠡᠯ᠎ᠦᠨ ᠡᠬᠢ ᠪᠠᠶᠠᠯᠢᠭ᠋᠎ᠢ ᠰᠤᠳᠤᠯᠤᠨ ᠨᠡᠭᠡᠭᠡᠬᠦ ᠪᠠ ᠬᠠᠩᠭᠠᠬᠤ ᠵᠡᠷᠭᠡ ᠠᠵᠢᠯ᠎ᠤᠨ ᠲᠣᠭᠣᠷᠢᠨ᠎ᠳᠤ ᠭᠣᠣᠯᠳᠠᠯᠭ᠎ᠠ᠎ᠲᠠᠢ ᠪᠠᠢᠴᠠᠭᠠᠨ ᠰᠤᠳᠤᠯᠤᠯᠲᠠ ᠬᠢᠬᠦ᠎ᠶᠢᠨ ᠬᠠᠮᠲᠤ ᠶᠠᠷᠢᠯᠴᠠᠬᠤ ᠬᠤᠷᠠᠯ ᠬᠢᠪᠡ ᠃
ᠬᠤᠷᠠᠯ ᠳᠡᠭᠡᠷ᠎ᠡ᠂ ᠬᠣᠶᠠᠷ ᠲᠠᠯ᠎ᠠ᠎ᠪᠠᠷ᠎ᠢᠶᠠᠨ ᠤᠷᠳᠤ ᠬᠤᠭᠤᠴᠠᠭᠠᠨ᠎ᠤ ᠲᠤᠷᠰᠢᠬᠢ ᠬᠠᠮᠲᠤᠷᠠᠯᠴᠠᠭ᠎ᠠ᠎ᠪᠠᠷ ᠣᠯᠣᠭᠰᠠᠨ ᠪᠠᠶᠠᠯᠢᠭ᠋ ᠦᠷ᠎ᠡ ᠪᠦᠲᠦᠭᠡᠯ᠎ᠵᠢᠡᠨ ᠭᠦᠢᠴᠡᠳ ᠨᠤᠲᠠᠯᠠᠪᠠ᠃ ᠥᠪᠥᠷ ᠮᠣᠩᠭᠣᠯ᠎ᠤᠨ ᠬᠡᠪᠯᠡᠯ᠎ᠦᠨ ᠪᠦᠯᠦᠭᠯᠡᠯ᠎ᠦᠨ ᠬᠢᠨ ᠬᠠᠮ ᠵᠠᠭᠤᠴᠢᠯᠠᠭᠤᠷ᠎ᠤᠨ ᠰᠤᠷᠪᠤᠯᠵᠢᠯᠠᠨ ᠨᠠᠢᠷᠠᠭᠤᠯᠬᠤ᠂ ᠰᠣᠳᠣᠨ ᠨᠣᠮ ᠬᠡᠪᠯᠡᠭᠦᠯᠬᠦ᠂ ᠲᠣᠭᠠᠴᠢᠯᠠᠭᠰᠠᠨ ᠠᠭᠤᠯᠭ᠎ᠠ᠎ᠶᠢ ᠳᠠᠮᠵᠢᠭᠤᠯᠬᠤ᠂ ᠰᠤᠷᠭᠠᠨ ᠬᠥᠮᠦᠵᠢᠯ᠎ᠦᠨ ᠡᠬᠢ ᠪᠠᠶᠠᠯᠢᠭ᠋᠎ᠢ ᠰᠤᠳᠤᠯᠤᠨ ᠨᠡᠭᠡᠭᠡᠬᠦ ᠵᠡᠷᠭᠡ ᠪᠦᠬᠦ ᠬᠡᠯᠬᠢᠶ᠎ᠡ᠎ᠶᠢᠨ ᠰᠢᠯᠢᠳᠡᠭ ᠡᠬᠢ ᠪᠠᠶᠠᠯᠢᠭ᠋᠎ᠲᠤ ᠰᠠᠭᠤᠷᠢᠯᠠᠵᠤ᠂ ᠨᠠᠢᠷᠠᠭᠤᠯᠤᠨ ᠳᠠᠷᠤᠮᠠᠯᠯᠠᠬᠤ᠂ ᠰᠣᠶᠣᠯ᠎ᠤᠨ ᠦᠢᠯᠡᠴᠢᠯᠡᠭᠡ᠂ ᠰᠤᠷᠭᠠᠨ ᠬᠥᠮᠦᠵᠢᠯ ᠦᠨ ᠤᠬᠠᠭᠤᠯᠭ᠎ᠠ᠎ᠶᠢ ᠬᠥᠲᠥᠯᠥᠨ ᠵᠢᠯᠤᠭᠣᠳᠬᠤ ᠵᠡᠷᠭᠡ ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ ᠳ᠋ᠤ ᠭᠦᠨᠵᠡᠭᠡᠢ ᠠᠵᠢᠯᠯᠠᠵᠤ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ ᠦᠨ ᠦᠢᠯᠡᠰ ᠦᠨ ᠴᠢᠨᠠᠷ ᠰᠠᠢᠲᠠᠢ ᠬᠥᠭᠵᠢᠯᠲᠡ᠎ᠳᠦ ᠪᠠᠲᠤ ᠲᠤᠯᠭᠠᠭᠤᠷᠢᠯᠠᠯ ᠬᠠᠩᠭᠠᠭᠰᠠᠨ ᠪᠠᠢᠨ᠎ᠠ᠃ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠨᠢ ᠪᠦᠬᠦ ᠣᠷᠣᠨ᠎ᠤ ᠰᠤᠷᠭᠠᠨ ᠬᠥᠮᠦᠵᠢᠯ᠎ᠦᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠭᠰᠠᠨ᠎ᠤ ᠬᠤᠪᠢ᠎ᠳᠤ᠂ ᠢᠮᠠᠭᠲᠠ ᠰᠤᠷᠭᠠᠨ ᠬᠥᠮᠦᠵᠢᠯ᠎ᠦᠨ ᠵᠢᠭᠠᠨ ᠰᠤᠷᠭᠠᠯᠲᠠ᠎ᠶᠢᠨ ᠶᠠᠰᠤ ᠴᠢᠨᠠᠷ᠎ᠤᠨ ᠳᠡᠭᠡᠭᠰᠢᠯᠡᠯᠲᠡ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠡᠯ᠎ᠡ ᠱᠠᠲᠤᠨ ᠤ ᠡᠯ᠎ᠡ ᠲᠦᠷᠦᠯ᠎ᠦᠨ ᠰᠤᠷᠭᠠᠨ ᠬᠥᠮᠦᠵᠢᠯ᠎ᠦᠨ ᠵᠣᠬᠢᠴᠠᠩᠭᠤᠢ ᠬᠥᠭᠵᠢᠯᠲᠡ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠡᠪᠯᠡᠯ᠎ᠦᠨ ᠪᠦᠯᠦᠭᠯᠡᠯ᠎ᠦᠨ ᠬᠢᠨ ᠰᠤᠷᠭᠠᠨ ᠬᠥᠮᠦᠵᠢᠯ᠎ᠦᠨ ᠬᠦᠷᠢᠶᠡᠨ᠎ᠳᠦ ᠬᠦᠨᠵᠡᠬᠡᠢ ᠠᠵᠢᠯᠯᠠᠬᠤ ᠳ᠋ᠤ ᠥᠷᠭᠡᠨ ᠠᠭᠤᠳᠠᠮ ᠲᠠᠪᠴᠠᠩ ᠬᠠᠩᠭᠠᠪᠠ᠃
ᠬᠣᠶᠠᠷ ᠲᠠᠯ᠎ᠠ᠎ᠪᠠᠷ᠎ᠢᠶᠠᠨ᠂ ᠰᠤᠷᠭᠠᠨ ᠬᠥᠮᠦᠵᠢᠯ᠎ᠦᠨ ᠳᠤᠭᠠᠴᠢᠯᠠᠯᠳᠠ ᠵᠢᠨ ᠠᠬᠤᠢ ᠪᠠᠢᠳᠠᠯ ᠳᠣᠣᠷ᠎ᠠ᠂ ᠵᠠᠰᠠᠭ ᠤᠨ ᠤᠷᠳᠤᠨ ᠠᠵᠤ ᠠᠬᠤᠢᠯᠠᠯ᠎ᠤᠨ ᠬᠠᠮᠲᠤᠷᠠᠯᠴᠠᠭ᠎ᠠ᠎ᠶᠢ ᠭᠦᠨᠵᠡᠭᠡᠢᠷᠡᠭᠦᠯᠬᠦ ᠨᠢ ᠴᠠᠭ ᠦᠶ᠎ᠡ ᠶᠢᠨ ᠬᠥᠭᠵᠢᠯᠲᠡ᠎ᠶᠢᠨ ᠶᠡᠬᠡ ᠬᠠᠨᠳᠤᠰᠢ ᠪᠣᠯᠣᠨ ᠥᠪᠡᠷᠲᠡᠭᠡᠨ ᠵᠠᠰᠠᠬᠤ ᠣᠷᠣᠨ᠎ᠤ ᠨᠠᠮ ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠲᠠᠢ ᠨᠡᠢᠴᠡᠵᠦ ᠪᠤᠢ᠂ ᠳᠠᠷᠠᠭᠠᠴᠢ ᠪᠡᠷ ᠪᠠᠢᠩᠭᠤᠵᠢᠭ᠍ᠰᠠᠨ ᠬᠠᠮᠵᠢᠯᠴᠠᠬᠤ ᠲᠣᠭᠲᠠᠴᠠ᠎ᠶᠢ ᠪᠠᠢᠭᠤᠯᠵᠤ᠂ ᠬᠠᠮᠲᠤᠷᠠᠯᠴᠠᠭᠠᠨ᠎ᠤ ᠬᠦᠷᠢᠶ᠎ᠡ᠎ᠶᠢ ᠦᠷᠭᠦᠯᠵᠢᠯᠡᠨ ᠥᠷᠭᠡᠳᠬᠡᠵᠦ᠂ ᠬᠠᠮᠲᠤᠷᠠᠯᠴᠠᠭᠠᠨ᠎ᠤ ᠳᠠᠯᠳᠠ ᠬᠦᠴᠦᠨ᠎ᠢ ᠭᠦᠨᠵᠡᠭᠡᠢ ᠠᠭᠤᠳᠠᠯᠵᠤ᠂ ᠡᠬᠢ ᠪᠠᠶᠠᠯᠢᠭ᠋᠎ᠢ ᠬᠠᠮᠲᠤ ᠪᠠᠷ ᠡᠳ᠋ᠯᠡᠬᠦ᠂ ᠬᠣᠣᠰ ᠴᠢᠭᠯᠡᠯ᠎ᠢᠶᠡᠷ ᠬᠦᠴᠦᠨ ᠨᠡᠮᠡᠷᠢᠯᠡᠬᠦ᠂ ᠬᠠᠮᠲᠤ ᠪᠠᠷ ᠠᠰᠢᠭ᠋ ᠬᠦᠷᠳᠡᠨ ᠬᠦᠭᠵᠢᠬᠦ᠎ᠶᠢ ᠪᠦᠬᠦ ᠬᠦᠴᠦᠨ᠎ᠢᠶᠡᠷ᠎ᠢᠶᠡᠨ ᠪᠡᠶᠡᠯᠡᠭᠦᠯᠵᠦ᠂ ᠪᠦᠬᠦ ᠣᠷᠣᠨ᠎ᠤ ᠰᠤᠷᠭᠠᠨ ᠬᠥᠮᠦᠵᠢᠯ᠎ᠦᠨ ᠴᠢᠨᠠᠷ ᠰᠠᠢᠲᠠᠢ ᠬᠥᠭᠵᠢᠯᠲᠡ᠎ᠳᠦ ᠡᠬᠢ ᠪᠠᠶᠠᠯᠢᠭ᠋᠂ ᠮᠡᠷᠭᠡᠵᠢᠯ ᠵᠢᠴᠢ ᠶᠠᠷᠢᠶ᠎ᠠ ᠬᠡᠯᠡᠯᠴᠡᠭᠡᠨ᠎ᠦ ᠪᠠᠲᠤᠯᠠᠭ᠎ᠠ ᠬᠠᠩᠭᠠᠵᠤ᠂ ᠪᠣᠳᠠᠲᠠᠢ ᠠᠵᠢᠯᠯᠠᠵᠤ ᠪᠣᠳᠠᠲᠦ ᠠᠮᠵᠢᠯᠲᠠ ᠪᠦᠲᠦᠮᠵᠢ᠎ᠪᠡᠷ᠎ᠢᠶᠡᠨ ᠰᠤᠷᠭᠠᠨ ᠬᠥᠮᠦᠵᠢᠯ᠎ᠢᠶᠡᠷ ᠣᠷᠣᠨ᠎ᠢᠶᠠᠨ ᠬᠦᠴᠦᠷᠬᠡᠭᠵᠢᠭᠦᠯᠬᠦ ᠪᠠᠢᠭᠤᠯᠤᠯᠲᠠ᠎ᠳᠤ ᠨᠡᠩ ᠶᠡᠬᠡ ᠰᠢᠨ᠎ᠡ ᠦᠷ᠎ᠡ ᠪᠦᠲᠦᠮᠵᠢ ᠣᠯᠬᠤ᠎ᠶᠢ ᠠᠬᠢᠭᠤᠯᠤᠨ᠎ᠠ ᠭᠡᠵᠦ ᠰᠠᠨᠠᠯ ᠨᠢᠬᠡᠳᠡᠢ ᠦᠵᠡᠵᠡᠭᠡᠪᠡ᠃
ᠬᠤᠷᠠᠯ ᠳᠡᠭᠡᠷ᠎ᠡ᠂ ᠬᠣᠶᠠᠷ ᠲᠠᠯ᠎ᠠ᠎ᠪᠠᠷ᠎ᠢᠶᠠᠨ ᠪᠠᠰᠠ ᠰᠤᠷᠭᠠᠨ ᠬᠥᠮᠦᠵᠢᠯ᠎ᠦᠨ ᠬᠠᠮ ᠵᠠᠭᠤᠴᠢᠯᠠᠭᠤᠷ᠎ᠤᠨ ᠲᠥᠪ᠎ᠢ ᠬᠠᠮᠲᠤ ᠪᠠᠷ ᠪᠠᠶ᠋ᠢᠭᠤᠯᠬᠤ ᠪᠠᠢᠯᠳᠤᠬᠤ ᠪᠣᠳᠣᠯᠭ᠎ᠠ᠎ᠶᠢᠨ ᠬᠠᠮᠲᠤᠷᠠᠯᠴᠠᠭᠠᠨ ᠤ ᠵᠥᠪᠯᠡᠯᠴᠡᠭᠡᠷ᠎ᠲᠦ ᠭᠠᠷᠤᠨ ᠦᠰᠦᠭ ᠵᠢᠷᠤᠪᠠ᠃