ᠵᠤᠨ᠎ᠤ ᠵᠢᠷᠭᠤᠭᠠᠨ ᠰᠠᠷ᠎ᠠ ᠳ᠋ᠤ᠂ ᠣᠩᠨᠢᠭᠤᠳ ᠬᠤᠱᠢᠭᠤᠨ᠎ᠤ ᠠᠵᠤ ᠠᠬᠤᠢᠯᠠᠯ ᠪᠦᠬᠦ᠌ ᠬᠦᠴᠦᠨ᠎ᠢᠶᠠᠷ᠎ᠢᠶᠠᠨ ᠵᠠᠬᠢᠶᠠᠯᠠᠭ᠎ᠠ᠎ᠪᠡᠨ ᠬᠦᠢᠴᠡᠳᠭᠡᠵᠦ᠂ ᠦᠢᠯᠡᠳᠪᠦᠷᠢᠯᠡᠯ ᠢ ᠠᠳᠭᠤᠨ᠂ ᠶᠠᠰᠤ ᠴᠢᠨᠠᠷ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠦᠢᠯᠡᠳᠪᠦᠷᠢ᠎ᠶ᠋ᠢᠨ ᠲᠠᠰᠤᠭ ᠳᠣᠲᠣᠷ᠎ᠠ ᠮᠠᠱᠢᠨ ᠮᠸᠬᠠᠨᠢᠭ ᠦᠨᠳᠦᠷ ᠬᠤᠷᠳᠤᠴᠠ ᠪᠡᠷ ᠡᠷᠭᠢᠯᠳᠦᠵᠦ᠂ ᠠᠵᠢᠯᠴᠢᠳ ᠡᠮᠬᠢ ᠵᠢᠷᠤᠮ᠎ᠲᠠᠢ ᠠᠵᠢᠯᠯᠠᠵᠤ᠂ ᠦᠢᠯᠡᠳᠪᠦᠷᠢ ᠶ᠋ᠢᠨ ᠲᠣᠭᠤᠷᠢᠭ ᠲᠤ ᠪᠠᠷᠠᠭ᠎ᠠ ᠲᠡᠭᠡᠭᠡᠪᠦᠷᠢᠯᠡᠬᠦ᠌ ᠲᠡᠷᠭᠡ ᠨᠠᠭᠠᠰᠢ ᠴᠠᠭᠠᠰᠢ ᠰᠦᠯᠵᠢᠯᠳᠦᠵᠦ᠍᠂ ᠡᠷᠡᠯᠬᠡᠭ᠌ᠯᠡᠨ ᠤᠷᠤᠭ᠍ᠰᠢᠯᠠᠬᠤ ᠬᠦᠭ ᠠᠶᠠᠰ᠎ᠢ ᠬᠠᠩᠭᠢᠨᠠᠭᠤᠯᠤᠨ᠎ᠠ᠃
ᠠᠨ ᠴᠢ ᠢᠰᠭᠡᠭᠦᠷ (ᠤᠯᠠᠭᠠᠨᠬᠠᠳᠠ) ᠤ᠋ᠨ ᠬᠢᠵᠠᠭᠠᠷᠲᠤ ᠺᠣᠮᠫᠠᠨᠢ᠎ᠶ᠋ᠢᠨ ᠬᠠᠭᠤᠷᠠᠢ ᠢᠰᠭᠡᠭᠦᠷ ᠦᠢᠯᠡᠳᠪᠦᠷᠢᠯᠡᠬᠦ᠌ ᠲᠠᠰᠤᠭ᠎ᠲᠤ ᠣᠷᠣᠬᠤ᠎ᠳᠤ᠂ ᠠᠦ᠋ᠲ᠋ᠣᠴᠢᠯᠠᠭ᠍ᠰᠠᠨ ᠲᠥᠬᠦᠭᠡᠷᠦᠮᠵᠢ ᠳᠡᠭᠡᠳᠦ ᠬᠤᠷᠳᠤᠴᠠ᠎ᠪᠠᠷ ᠠᠵᠢᠯᠯᠠᠵᠤ ᠪᠠᠢᠪᠠ᠃ ᠲᠦᠭᠦᠬᠡᠢ ᠮᠠᠲ᠋ᠧᠷᠢᠶᠠᠯ ᠣᠷᠣᠭᠤᠯᠬᠤ᠎ᠡᠴᠡ ᠪᠦᠲᠦᠭᠡᠭ᠌ᠳᠡᠬᠦᠨ᠎ᠢ ᠦᠢᠯᠡᠳᠪᠦᠷᠢᠯᠡᠵᠦ ᠭᠠᠷᠭᠠᠬᠤ ᠬᠦᠷᠲᠡᠯ᠎ᠡ᠂ ᠡᠯ᠎ᠡ ᠭᠤᠭ᠍ᠴᠤᠭ᠎ᠠ᠎ᠶ᠋ᠢ ᠡᠮᠬᠢ ᠵᠢᠷᠤᠮ᠎ᠲᠠᠢ ᠵᠣᠯᠭᠠᠭᠤᠯᠵᠤ᠂ ᠠᠵᠢᠯᠴᠢᠳ ᠵᠥᠪᠬᠡᠨ ᠵᠠᠩᠭᠢᠯᠠᠭ᠎ᠠ᠎ᠶ᠋ᠢᠨ ᠴᠡᠭ᠎ᠲᠤ ᠬᠢᠨᠠᠨ ᠡᠵᠡᠮᠳᠡᠪᠡᠯ ᠪᠤᠯᠴᠢᠬᠠᠨ᠎ᠠ᠃ 《ᠣᠳᠣᠬᠠᠨ ᠳ᠋ᠤ ᠵᠠᠬᠢᠶᠠᠯᠠᠭᠠᠲᠤᠨᠭ᠌ ᠠᠷᠪᠢᠨ᠂ ᠪᠣᠭᠤᠳᠠᠯᠯᠠᠬᠤ ᠦᠢᠯᠡᠳᠪᠦᠷᠢ᠎ᠶ᠋ᠢᠨ ᠲᠠᠰᠤᠭ ᠡᠳᠦᠷ ᠪᠦᠷᠢ 120 ᠭᠠᠷᠤᠶ ᠲᠣᠨ ᠪᠦᠲᠦᠭᠡᠭᠳᠡᠭᠦᠨ ᠢ᠋ ᠪᠤᠭᠤᠳᠠᠯᠯᠠᠵᠤ᠂ ᠲᠣᠭ᠍ᠲᠠᠭ᠍ᠰᠠᠨ ᠪᠠᠢᠴᠠᠭᠠᠨ ᠵᠠᠰᠠᠬᠤ ᠬᠤᠭᠤᠴᠠᠭ᠎ᠠ᠎ᠡᠴᠡ ᠭᠠᠳᠠᠨ᠎ᠠ᠂ ᠪᠢᠳᠡ ᠪᠦᠬᠦ᠌ ᠵᠢᠯ᠎ᠢᠶᠠᠷ᠎ᠢᠶᠠᠨ ᠦᠢᠯᠡᠳᠪᠦᠷᠢᠯᠡᠯ ᠵᠢᠡᠨ ᠳᠠᠰᠤᠯᠳᠠᠭᠤᠯᠤᠯ ᠦᠭᠡᠢ ᠶᠠᠪᠤᠭᠳᠠᠭᠤᠯᠵᠤ ᠪᠤᠢ》 ᠭᠡᠵᠦ ᠺᠤᠮᠫᠠᠨᠢ ᠵᠢᠨ ᠳᠡᠳ᠋ ᠳᠠᠭᠠᠭᠠᠮᠠᠯ ᠸᠠᠩ ᠹᠧᠢ ᠶᠠᠨ ᠬᠡᠯᠡᠪᠡ᠃ ᠠᠨ ᠴᠢ ᠺᠤᠮᠫᠠᠨᠢ ᠵᠢᠨ ᠡᠵᠡᠮᠰᠢᠯ ᠳᠣᠣᠷᠠᠬᠢ ᠬᠡᠪᠴᠢᠶ᠎ᠡ᠎ᠪᠠᠷ ᠬᠠᠮᠤᠭ᠎ᠤᠨ ᠶᠡᠭᠡ ᠬᠠᠭᠤᠷᠠᠢ ᠢᠰᠭᠡᠭᠦᠷ᠎ᠤᠨ ᠦᠢᠯᠡᠳᠪᠦᠷᠢᠯᠡᠯ᠎ᠤᠨ ᠱᠤᠭᠤᠮ ᠪᠣᠯᠤᠭ᠍ᠰᠠᠨ᠎ᠤ ᠬᠤᠪᠢ᠎ᠳᠤ᠂ ᠲᠤᠰ ᠦᠢᠯᠡᠳᠪᠦᠷᠢᠯᠡᠯ ᠤ᠋ᠨ ᠲᠠᠰᠤᠭ ᠨᠢ 100 ᠭᠠᠷᠤᠢ ᠲᠦᠷᠦᠯ ᠤ᠋ᠨ ᠬᠠᠭᠤᠷᠠᠢ ᠢᠰᠭᠡᠭᠦᠷ ᠦᠢᠯᠡᠳᠪᠦᠷᠢᠯᠡᠵᠦ᠍᠂ ᠪᠦᠲᠦᠭᠡᠭ᠌ᠳᠡᠬᠦᠨ᠎ᠨᠢ ᠪᠦᠬᠦ᠌ ᠤᠯᠤᠰ᠎ᠤᠨ ᠡᠯ᠎ᠡ ᠭᠠᠵᠠᠷ᠎ᠲᠤ ᠪᠣᠷᠣᠯᠠᠭᠤᠯᠤᠭ᠍ᠳᠠᠵᠤ ᠪᠠᠢᠬᠤ᠎ᠪᠠᠷ ᠪᠠᠷᠠᠬᠤ ᠦᠭᠡᠢ ᠪᠠᠰᠠ ᠧᠦ᠋ᠷᠣᠫᠠ᠂ ᠠᠽᠢᠶ᠎ᠠ᠂ ᠠᠹᠷᠢᠺᠠ ᠲᠢᠪ ᠤ᠋ᠨ ᠡᠯ᠎ᠡ ᠭᠠᠵᠠᠷ ᠣᠷᠣᠨ᠎ᠵᠢᠡᠷ ᠪᠤᠷᠤᠯᠠᠭᠤᠯᠤᠭᠳᠠᠵᠤ᠂ ᠵᠠᠬ᠎ᠠ ᠳᠡᠯᠭᠡᠭᠦᠷ᠎ᠤᠨ ᠮᠡᠳᠡᠷᠡᠴᠡ ᠨᠡᠯᠢᠶᠡᠳ ᠥᠨᠳᠥᠷ ᠪᠠᠢᠳᠠᠭ᠃
ᠣᠢᠯᠠᠭᠠᠭ᠍ᠰᠠᠨ᠎ᠢᠶᠠᠷ᠂ ᠲᠣᠰ ᠺᠣᠮᠫᠠᠨᠢ ᠵᠢᠯ ᠳᠤ 3.2 ᠲᠦᠮᠡᠨ ᠲᠣᠨ ᠥᠨᠳᠥᠷ ᠢᠳᠡᠪᠬᠢᠲᠦ ᠬᠠᠭᠤᠷᠠᠢ ᠢᠰᠭᠡᠭᠦᠷ᠂ 2 ᠲᠦᠮᠡᠨ ᠲᠣᠨ ᠤᠷᠭᠠᠨᠢᠭ ᠪᠠ ᠣᠷᠭᠠᠨᠢᠭ ᠪᠤᠰᠤ ᠬᠤᠯᠢᠮᠠᠭ ᠪᠣᠷᠳᠣᠭᠤᠷ᠂ 1.5 ᠲᠦᠮᠡᠨ ᠲᠣᠨ ᠮᠦᠬᠦᠯᠢᠭᠲᠦ ᠪᠣᠷᠳᠤᠭ᠎ᠠ ᠦᠢᠯᠡᠳᠪᠦᠷᠢᠯᠡᠵᠦ᠂ ᠡᠳᠦᠷ᠎ᠲᠤ 5500 ᠲᠣᠨ ᠰᠢᠬᠢᠷᠲᠦ ᠯᠤᠤᠪᠠᠨᠭ᠌ ᠵᠢᠡᠷ ᠱᠢᠬᠢᠷ ᠦᠢᠯᠡᠳᠪᠦᠷᠢᠯᠡᠬᠦ᠌ ᠵᠡᠷᠭᠡ ᠣᠯᠠᠨ ᠵᠦᠢᠯ᠎ᠤᠨ ᠣᠳᠣᠬᠢᠴᠢᠯᠠᠭ᠍ᠰᠠᠨ ᠦᠢᠯᠡᠳᠪᠦᠷᠢᠯᠡᠯ᠎ᠤᠨ ᠱᠤᠭᠤᠮ ᠢ᠋ ᠪᠦᠷᠢᠯᠳᠦᠭᠦᠯᠵᠡᠢ᠃ ᠨᠡᠨᠭ ᠳᠤᠷᠠᠲᠤᠭᠤᠰᠢᠲᠠᠢ ᠨᠢ ᠠᠵᠤ ᠠᠬᠤᠢᠯᠠᠯ᠎ᠨᠢ ᠱᠢᠬᠢᠷᠲᠤ ᠯᠤᠤᠪᠠᠩ᠎ᠢᠶᠠᠷ ᠭᠤᠣᠯ ᠲᠦᠭᠦᠬᠡᠢ ᠮᠠᠲ᠋ᠧᠷᠢᠶᠠᠯ ᠪᠣᠯᠭᠠᠵᠤ᠂ ᠲᠡᠷᠢᠭᠦᠨ᠎ᠤ ᠦᠢᠯᠡᠳᠪᠦᠷᠢᠯᠡᠯ᠎ᠤᠨ ᠲᠥᠬᠦᠭᠡᠷᠦᠮᠵᠢ ᠪᠠ ᠤᠷ᠎ᠠ ᠮᠡᠷᠭᠡᠵᠢᠯ᠎ᠳᠤ ᠲᠦᠱᠢᠭ᠌ᠯᠡᠨ᠂ 《 ᠱᠢᠬᠢᠷᠲᠤ ᠯᠤᠤᠪᠠᠩ ᠲᠠᠷᠢᠬᠤ — ᠱᠢᠬᠢᠷᠲᠤ ᠯᠤᠤᠪᠠᠩ ᠵᠢᠡᠷ ᠰᠢᠬᠢᠷ ᠦᠢᠯᠡᠳᠪᠦᠷᠢᠯᠡᠬᠦ — ᠬᠠᠶᠠᠭ᠍ᠳᠠᠮᠠᠯ ᠰᠢᠬᠢᠷ ᠤ᠋ᠨ ᠪᠠᠯ᠎ᠢᠶᠠᠷ ᠢᠰᠭᠡᠭᠦᠷ ᠬᠢᠬᠦ — ᠬᠠᠶᠠᠭ᠍ᠳᠠᠮᠠᠯ ᠢᠰᠭᠡᠭᠦᠷ ᠤ᠋ᠨ ᠱᠢᠩᠭᠡᠨᠵᠢᠡᠷ ᠨᠡᠢᠯᠡᠮᠡᠯ ᠪᠣᠷᠳᠣᠭᠤᠷ ᠦᠢᠯᠡᠳᠪᠦᠷᠢᠯᠡᠬᠦ — ᠨᠡᠢᠯᠡᠮᠡᠯ ᠪᠣᠷᠳᠣᠭᠤᠷ᠎ᠢ ᠲᠠᠷᠢᠶᠠᠯᠠᠩ ᠦᠢᠯᠡᠳᠪᠦᠷᠢᠯᠡᠯ ᠳ᠋ᠤ ᠬᠡᠷᠡᠭ᠌ᠯᠡᠬᠦ᠌》 ᠪᠣᠬᠢᠷᠳᠤᠯ ᠦᠭᠡᠢ ᠦᠢᠯᠡᠳᠪᠦᠷᠢᠯᠡᠯ᠎ᠤᠨ ᠣᠷᠴᠢᠯ ᠠᠵᠤ ᠦᠢᠯᠡᠰ ᠤᠨ ᠬᠡᠯᠬᠢᠶ᠎ᠡ᠎ᠶ᠋ᠢ ᠪᠦᠷᠢᠯᠳᠦᠭᠦᠯᠵᠦ᠂ ᠲᠦᠭᠦᠬᠡᠢ ᠮᠠᠲ᠋ᠧᠷᠢᠶᠠᠯ᠎ᠢ ᠬᠠᠮᠤᠭ ᠤ᠋ᠨ ᠶᠡᠭᠡ ᠬᠡᠮᠵᠢᠶ᠎ᠡ᠎ᠪᠠᠷ ᠠᠰᠢᠭᠯᠠᠵᠤ᠂ ᠠᠵᠤ ᠠᠬᠤᠢ᠎ᠶ᠋ᠢᠨ ᠦᠷ᠎ᠡ ᠠᠱᠢᠭ ᠬᠢᠭᠡᠳ ᠠᠮᠢ ᠠᠬᠤᠢ᠎ᠶ᠋ᠢᠨ ᠦᠷ᠎ᠡ ᠠᠱᠢᠭ᠎ᠤᠨ ᠬᠤᠣᠰ ᠠᠮᠵᠢᠯᠲᠠ᠎ᠶ᠋ᠢ ᠪᠡᠶᠡᠯᠡᠭᠦᠯᠵᠡᠢ᠃
ᠡᠭᠦᠨ ᠲᠠᠢ ᠠᠳᠠᠯᠢ ᠪᠡᠷ᠂ ᠵᠦᠩ ᠯᠢᠶᠠᠩ ᠵᠢᠶᠠ ᠵᠢᠶᠠ ᠺᠠᠩ (ᠤᠯᠠᠭᠠᠨᠬᠠᠳᠠ) ᠬᠢᠵᠠᠭᠠᠷᠲᠤ ᠺᠣᠮᠫᠠᠨᠢ ᠴᠤ᠌ ᠪᠤᠬᠢᠷᠳᠤᠯ ᠦᠭᠡᠢ᠎ᠪᠠᠷ ᠳᠡᠪᠢᠰᠭᠡᠷ ᠥᠩᠭᠡ ᠪᠣᠯᠭᠠᠵᠤ᠂ ᠣᠷᠴᠢᠯᠠᠵᠤ ᠠᠬᠤᠢ ᠵᠢ ᠬᠥᠭᠵᠢᠭᠦᠯᠵᠦ᠂ ᠴᠢᠨᠠᠷ ᠰᠠᠢᠲᠠᠶ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠦᠢᠯᠡᠳᠦᠯᠭᠡᠵᠢᠭᠦᠯᠵᠦ ᠪᠠᠢᠨ᠎ᠠ᠃ ᠲᠤᠰ ᠺᠤᠮᠫᠠᠨᠢ ᠨᠢ ᠲᠡᠵᠢᠭᠡᠯ ᠪᠣᠷᠳᠤᠭ᠎ᠠ ᠪᠣᠯᠪᠠᠰᠤᠷᠠᠭᠤᠯᠬᠤ᠂ ᠡᠭᠦᠯᠳᠡᠷ᠎ᠤᠨ ᠭᠠᠭ᠍ᠠᠢ᠎ᠶ᠋ᠢ ᠦᠷᠡᠵᠢᠭᠦᠯᠦᠨ ᠪᠤᠢᠵᠢᠭᠤᠯᠬᠤ᠂ ᠲᠠᠸᠠᠷ ᠤ᠋ᠨ ᠭᠠᠭ᠍ᠠᠢ ᠲᠡᠵᠢᠭᠡᠨ ᠦᠷᠡᠵᠢᠭᠦᠯᠬᠦ᠂ ᠠᠯᠠᠵᠤ ᠨᠢᠲᠤᠯᠬᠤ᠂ ᠬᠦᠢᠲᠡᠨ ᠬᠥᠯᠳᠡᠬᠦᠦ ᠪᠡᠷ ᠬᠦᠷᠭᠡᠬᠦ᠂ ᠣᠷᠴᠢᠨ ᠲᠣᠭᠤᠷᠢᠨ᠎ᠢ ᠬᠠᠮᠠᠭᠠᠯᠠᠬᠤ᠎ᠶ᠋ᠢ ᠨᠢᠭᠡ ᠴᠣᠭ᠍ᠴᠠᠵᠢᠭᠤᠯᠤᠭ᠍ᠰᠠᠨ ᠭᠠᠭ᠍ᠠᠶ᠎ᠶ᠋ᠢᠨ ᠠᠷᠠᠯᠵᠢᠶᠠᠨ ᠤ᠋ ᠠᠵᠤ ᠦᠢᠯᠡᠰ᠎ᠤᠨ ᠬᠡᠯᠬᠢᠶ᠎ᠡ᠎ᠶ᠋ᠢ ᠪᠠᠢᠭᠤᠯᠪᠠ᠃
ᠰᠤᠷᠪᠤᠯᠵᠢᠯᠠᠭᠴᠢ ᠲᠡᠵᠢᠭᠡᠨ ᠦᠷᠡᠵᠢᠭᠦᠯᠬᠦ᠌ ᠲᠤᠭᠤᠷᠢᠭ ᠲᠤ᠌ ᠤᠷᠤᠬᠤ ᠳ᠋ᠤ᠂ ᠬᠦᠷᠢᠶ᠎ᠡ ᠬᠠᠱᠢᠶᠠᠨᠳᠤᠲᠤᠷᠠ ᠪᠦᠷᠢᠨ ᠠᠦ᠋ᠲ᠋ᠤᠴᠢᠯᠠᠭᠰᠠᠨ ᠡᠵᠡᠮᠰᠢᠯ ᠤ᠋ᠨ ᠳᠥᠭᠦᠭᠡᠷᠦᠮᠵᠢ ᠤᠭᠰᠠᠷᠠᠵᠤ᠂ ᠭᠤᠤᠯ ᠪᠣᠯᠬᠤ ᠦᠢᠯᠡᠳᠪᠦᠷᠢᠯᠡᠯ ᠤᠨ ᠠᠯᠬᠤᠮ ᠳᠠᠷᠠᠭ᠎ᠠ᠎ᠶ᠋ᠢ ᠴᠥᠮ ᠠᠦ᠋ᠲ᠋ᠣᠴᠢᠯᠠᠵᠤ᠂ ᠤᠯᠠᠮᠵᠢᠯᠠᠯᠲᠤ ᠲᠡᠵᠢᠭᠡᠨ ᠦᠷᠡᠵᠢᠭᠦᠯᠬᠦ᠌ ᠵᠠᠭ᠍ᠪᠤᠷ᠎ᠢ ᠲᠦᠢᠯᠪᠤᠷᠢᠲᠠᠶ ᠬᠣᠪᠢᠷᠠᠭᠣᠯᠪᠡ᠃ 《ᠲᠤᠭ᠎ᠠ ᠪᠠᠷᠢᠮᠲᠠ᠎ᠵᠢ ᠢᠯᠡᠭᠦᠬᠡᠨ ᠬᠡᠷᠡᠭᠯᠡᠵᠦ᠂ ᠣᠶᠤᠨᠴᠢᠯᠠᠨ ᠬᠠᠮᠢᠶᠠᠷᠴᠤ᠌᠂ ᠲᠡᠵᠢᠭᠡᠨ ᠦᠷᠡᠵᠢᠭᠦᠯᠬᠦ᠌ ᠣᠷᠴᠢᠨ ᠲᠣᠭᠤᠷᠢᠨ᠎ᠤ ᠲᠣᠭ᠍ᠲᠠᠭᠤᠨ ᠪᠥᠭᠡᠳ ᠡᠵᠡᠮᠳᠡᠵᠦ᠍ ᠪᠣᠯᠬᠤ᠎ᠶ᠋ᠢ ᠦᠨᠡᠨ ᠬᠦ᠌ ᠪᠠᠲᠤᠯᠠᠵᠤ᠂ ᠡᠭᠦᠨ ᠤ᠋ ᠬᠠᠮᠲᠤ ᠲᠡᠵᠢᠭᠡᠯ ᠪᠣᠷᠳᠣᠭᠠᠨ᠎ᠤ ᠦᠢᠯᠡᠳᠪᠦᠷᠢ᠎ᠳᠤ ᠬᠦᠷᠭᠡᠵᠦ᠍ ᠪᠠᠢᠭ᠎ᠠ ᠡᠷᠳᠡᠨᠢ ᠱᠢᠰᠢ᠎ᠵᠢᠨ ᠶᠠᠰᠤ ᠴᠢᠨᠠᠷ ᠢ᠋ ᠴᠤ᠌ ᠴᠢᠩᠭ᠎ᠠ ᠪᠠᠢᠴᠠᠭᠠᠵᠤ᠂ ᠡᠬᠢ ᠡᠭᠦᠰᠦᠯ᠎ᠡᠴᠡ᠎ᠨᠢ ᠦᠶ᠋ᠯᠡᠳᠬᠦᠨ᠎ᠤ ᠶᠠᠰᠤ ᠴᠢᠨᠠᠷ᠎ᠢ ᠪᠠᠲᠤᠯᠠᠵᠤ ᠪᠤᠢ》 ᠭᠡᠵᠦ ᠺᠣᠮᠫᠠᠨᠢ᠎ᠶ᠋ᠢᠨ ᠶᠡᠷᠦᠩᠬᠡᠶ ᠳᠠᠭᠠᠭᠠᠮᠠᠯ ᠹᠠᠨ ᠪᠧᠨ ᠯᠦᠩ ᠲᠠᠨᠢᠯᠴᠠᠭᠤᠯᠪᠠ᠃ ᠲᠡᠵᠢᠭᠡᠨ ᠦᠷᠡᠵᠢᠭᠦᠯᠬᠦ᠌ ᠶᠠᠪᠤᠴᠠ᠎ᠳᠤ᠂ ᠠᠵᠤ ᠠᠬᠤᠢᠯᠠᠯ ᠪᠣᠬᠢᠷᠲᠤᠯ ᠥᠬᠡᠶ ᠲᠡᠵᠢᠭᠡᠨ ᠦᠷᠡᠵᠢᠭᠦᠯᠬᠦ᠌ ᠵᠠᠭ᠍ᠪᠤᠷ᠎ᠢ ᠬᠡᠷᠡᠭ᠌ᠵᠢᠭᠦᠯᠵᠦ᠍᠂ ᠭᠠᠬᠠᠢ ᠵᠢᠨ ᠢᠯᠭᠠᠳᠠᠰᠤ ᠵᠢ ᠢᠰᠭᠡᠵᠦ ᠴᠢᠨᠠᠷ ᠰᠠᠢᠲᠠᠢ ᠰᠢᠨᠭᠭᠡᠨ ᠪᠡᠶᠡᠲᠦ ᠪᠤᠷᠳᠤᠭᠤᠷ ᠪᠤᠯᠭᠠᠵᠤ᠂ ᠲᠠᠷᠢᠮᠠᠯ᠎ᠤᠨ ᠤᠷᠭᠤᠯᠲᠠ᠎ᠶ᠋ᠢᠨ ᠦᠶᠡᠯᠡᠯ᠎ᠤᠨ ᠠᠳᠠᠯᠢ ᠪᠤᠰᠤ ᠬᠤᠭᠤᠴᠠᠭᠠᠨ ᠳ᠋ᠤ ᠬᠡᠷᠡᠭᠯᠡᠵᠦ᠂ ᠪᠣᠷᠲᠣᠭᠤᠷ᠎ᠤᠨ ᠦᠷ᠎ᠡ ᠪᠦᠲᠦᠮᠵᠢ ᠶ᠋ᠢ ᠳᠡᠭᠡᠭ᠌ᠰᠢᠯᠡᠭᠦᠯᠬᠦ᠌᠎ᠶ᠋ᠢᠨ ᠬᠠᠮᠲᠤ ᠪᠠᠰᠠ ᠲᠠᠷᠢᠶᠠᠴᠢᠳ ᠢ᠋ ᠬᠠᠪᠰᠤᠷᠤᠨ ᠥᠪᠡᠷ᠎ᠤᠨ ᠥᠷᠲᠡᠭ ᠢ ᠪᠠᠭᠤᠷᠠᠭᠤᠯᠤᠨ ᠦᠷ᠎ᠡ ᠠᠱᠢᠭ᠎ᠢ ᠨᠡᠮᠡᠭ᠌ᠳᠡᠭᠦᠯᠵᠡᠶ᠃
ᠲᠤᠰ ᠺᠤᠮᠫᠠᠨᠢ ᠵᠢᠨ ᠱᠢᠨ᠎ᠡ ᠰᠣᠷᠭᠤᠭ ᠵᠢᠡᠷ ᠦᠢᠯᠡᠳᠪᠦᠷᠢᠯᠡᠬᠦ ᠦᠢᠯᠡᠳᠪᠦᠷᠢᠯᠡᠯ ᠤ᠋ᠨ ᠲᠣᠭᠤᠷᠢᠭ᠎ᠢ ᠠᠵᠢᠭᠯᠠᠪᠠᠯ᠂ ᠠᠵᠢᠯᠴᠢᠳ ᠣᠶᠤᠨᠴᠢᠯᠠᠭᠰᠠᠨ ᠦᠢᠯᠡᠳᠪᠦᠷᠢᠯᠡᠯ᠎ᠤᠨ ᠱᠤᠭᠤᠮ᠎ᠲᠠᠢ ᠬᠠᠮᠵᠢᠯᠴᠠᠨ᠂ ᠭᠠᠭ᠍ᠠᠶ᠎ᠶ᠋ᠢᠨ ᠮᠢᠬ᠎ᠠ᠎ᠶ᠋ᠢ ᠲᠤᠶᠠᠴᠢᠨ ᠰᠠᠯᠭᠠᠵᠤ᠂ ᠬᠡᠷᠡᠭ᠌ᠯᠡᠭᠡᠨ᠎ᠤ ᠱᠠᠭᠠᠷᠳᠠᠯᠭ᠎ᠠ ᠳ᠋ᠤ ᠨᠠᠷᠢᠯᠢᠭ ᠤᠨᠤᠴᠠᠲᠠᠢ ᠵᠣᠯᠭᠠᠭᠤᠯᠵᠤ ᠪᠠᠢᠨ᠎ᠠ᠃ ᠺᠤᠮᠫᠠᠨᠢ ᠨᠢ ᠤᠯᠠᠭᠠᠨᠬᠠᠳᠠ᠎ᠵᠢᠨ ᠡᠯ᠎ᠡ ᠲᠣᠮᠣ ᠬᠤᠳᠠᠯᠳᠤᠭᠠᠨ᠎ᠤ ᠬᠡᠲᠦ ᠳᠡᠯᠭᠡᠭᠦᠷ᠎ᠲᠠᠢ ᠤᠷᠲᠤ ᠬᠤᠭᠤᠴᠠᠭ᠎ᠠ᠎ᠪᠠᠷ ᠬᠠᠮᠲᠤᠷᠠᠨ ᠠᠵᠢᠯᠯᠠᠵᠤ᠂ ᠵᠠᠬᠢᠶᠠᠯᠠᠭ᠎ᠠ᠎ᠶ᠋ᠢᠨ ᠬᠡᠯᠪᠡᠷᠢ᠎ᠶ᠋ᠢᠨ ᠦᠢᠯᠡᠳᠪᠦᠷᠢᠯᠡᠯ᠎ᠢ ᠬᠡᠷᠡᠭ᠌ᠵᠢᠭᠦᠯᠵᠦ᠍᠂ ᠡᠳᠦᠷ᠎ᠲᠤ 3000 ᠭᠠᠭ᠍ᠠᠢᠨᠢᠳᠣᠯᠵᠤ᠂ 2000 ᠵᠢ ᠲᠤᠶᠠᠴᠢᠵᠤ ᠪᠠᠢᠨ᠎ᠠ᠃
ᠠᠯᠠᠵᠤ ᠨᠢᠲᠤᠯᠵᠤ ᠨᠠᠷᠢᠯᠢᠭ ᠡᠳ᠋ᠱᠢᠭᠦᠯᠬᠦ᠂ ᠲᠤᠶᠠᠴᠢᠬᠤ᠂ ᠪᠣᠷᠣᠯᠠᠭᠤᠯᠬᠤ᠂ ᠬᠦᠢᠲᠡᠨ ᠬᠥᠯᠳᠡᠭᠦᠦ ᠪᠡᠷ ᠬᠦᠷᠭᠡᠬᠦ᠎ᠶ᠋ᠢ ᠨᠢᠭᠡ ᠴᠣᠭ᠍ᠴᠠᠵᠢᠭᠤᠯᠤᠭ᠍ᠰᠠᠨ ᠣᠳᠣᠬᠢᠴᠢᠯᠠᠭ᠍ᠰᠠᠨ ᠢᠳᠡᠭᠡᠨ ᠪᠤᠯᠪᠠᠰᠤᠷᠠᠭᠤᠯᠬᠤ ᠲᠥᠷᠥᠯ ᠵᠦᠶ᠋ᠯ ᠪᠣᠯᠤᠭ᠍ᠰᠠᠨ᠎ᠤ ᠬᠤᠪᠢ᠎ᠳᠤ᠂ ᠵᠦᠩ ᠯᠢᠶᠠᠩ ᠵᠢᠶᠠ ᠵᠢᠶᠠ ᠺᠠᠩ(ᠤᠯᠠᠭᠠᠨᠬᠠᠳᠠ) ᠬᠢᠵᠠᠭᠠᠷᠲᠤ ᠺᠣᠮᠫᠠᠨᠢ ᠣᠯᠠᠨ ᠤᠯᠤᠰ᠎ᠤᠨ ᠲᠡᠷᠢᠭᠦᠨ᠎ᠤ ᠳ᠋ᠠᠨᠮᠠᠷᠺ᠎ᠤᠨ ᠨᠢᠲᠤᠯᠬᠤ ᠤᠷ᠎ᠠ ᠮᠡᠷᠭᠡᠵᠢᠯ᠎ᠢ ᠣᠷᠣᠭᠤᠯᠤᠨ ᠠᠪᠴᠢᠷᠠᠵᠤ᠂ ᠢᠵᠢ ᠪᠥᠷᠢᠳᠦᠭ᠌ᠰᠡᠨ ᠨᠢᠲᠤᠯᠬᠤ ᠦᠢᠯᠡᠳᠪᠦᠷᠢᠯᠡᠯ᠎ᠤᠨ ᠱᠤᠭᠤᠮ᠎ᠢ ᠬᠡᠷᠡᠭ᠌ᠯᠡᠬᠦ᠌᠎ᠶ᠋ᠢᠨ ᠬᠠᠮᠲᠤ ᠪᠦᠲᠦᠭᠡᠭ᠌ᠳᠡᠬᠦᠨ᠎ᠢ ᠥᠪᠡᠰᠦᠪᠡᠨ ᠬᠥᠮᠥᠷᠭᠡ᠎ᠳᠤ ᠣᠷᠣᠭᠤᠯᠵᠤ ᠭᠠᠷᠭᠠᠬᠤ᠂ ᠢᠳᠡᠭᠡᠨ᠎ᠤ ᠠᠮᠤᠷ ᠲᠦᠪᠱᠢᠨ᠎ᠤ᠋ ᠮᠡᠳᠡᠭᠡ ᠵᠠᠩᠬᠢ ᠵᠢ ᠮᠥᠷᠳᠡᠵᠦ ᠪᠤᠯᠬᠤ ᠱᠢᠰᠲ᠋ᠧᠮ ᠢ᠋ ᠢᠵᠢ ᠪᠥᠷᠢᠳᠦᠭᠦᠯᠵᠦ᠍᠂ ᠣᠯᠠᠨ ᠲᠦᠮᠡᠨ᠎ᠤ 《ᠢᠳᠡᠭᠡᠨ ᠤᠮᠳᠠᠭᠠᠨ᠎ᠤ ᠠᠮᠤᠷ ᠲᠦᠪᠱᠢᠨ》 ᠢ᠋ ᠪᠥᠬᠦ᠌ ᠬᠦᠴᠦᠨ᠎ᠢᠶᠠᠷ᠎ᠢᠶᠠᠨ ᠰᠠᠬᠢᠨ ᠬᠠᠮᠠᠭᠠᠯᠠᠪᠠ᠃