ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡ ᠵᠢᠨ ᠲᠤᠮᠳᠠ ᠨᠡᠪᠳᠡᠷᠡᠯ ᠵᠠᠮ᠎ᠵᠢᠡᠷ ᠦᠩᠭᠡᠷᠡᠭᠰᠡᠨ ᠭᠡᠮᠵᠢᠶ᠎ᠠ ᠨᠡᠶ᠋ᠢᠲᠡ 25000 ᠴᠤᠪᠤᠭ᠎ᠠ ᠲᠡᠷᠬᠡ ᠶ᠋ᠢ ᠳᠠᠪᠠᠵᠡᠢ
2026-06-16 11:24:52
ᠵᠣᠬᠢᠶᠠᠭ᠍ᠴᠢ᠄
​ᠭᠤᠤ ᠬᠤᠢ
ᠣᠩᠱᠢᠭ᠍ᠰᠠᠨ ᠣᠳᠠᠭ᠎ᠠ᠄
★★★☆☆

 ᠳᠤᠮᠳᠠᠳᠤ ᠤᠯᠤᠰ᠎ᠤᠨ ᠲᠡᠮᠦᠷ ᠵᠠᠮ᠎ᠤᠨ ᠬᠥᠬᠡᠬᠣᠲᠠ᠎ᠶᠢᠨ ᠲᠣᠪᠴᠢᠶ᠎ᠠ ᠪᠦᠯᠦᠭᠯᠡᠯ ᠬᠢᠵᠠᠭᠠᠷᠲᠤ ᠺᠣᠮᠫᠠᠨᠢ᠎ᠶᠢᠨ ᠮᠡᠳᠡᠭᠡᠯᠡᠯ᠎ᠢ ᠦᠨᠳᠦᠰᠦᠯᠡᠪᠡᠯ᠂ 6 ᠰᠠᠷ᠎ᠠ᠎ᠶᠢᠨ 12 ᠤ᠋ᠨ ᠡᠳᠦᠷ᠂ ᠭᠡᠷ᠎ᠦᠨ ᠴᠠᠬᠢᠯᠭᠠᠨ ᠬᠡᠷᠡᠭᠰᠡᠯ᠎ᠢ ᠲᠦᠭᠦᠷᠲᠡᠯ᠎ᠡ ᠳᠡᠭᠡᠭᠡᠪᠤᠷᠢᠯᠡᠭᠰᠡᠨ ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡ ᠡᠷᠢᠶᠡᠨ ᠬᠤᠳᠠ᠎ᠶᠢᠨ ᠲᠡᠮᠦᠷ ᠵᠠᠮ᠎ᠤᠨ ᠬᠢᠯᠢ ᠵᠢᠨ ᠪᠣᠭᠣᠮᠲᠠ᠎ᠪᠠᠷ ᠤᠭᠤᠬᠢᠯᠠᠨ ᠮᠤᠷᠳᠠᠬᠤ᠎ᠶᠢ ᠳᠠᠭᠠᠯᠳᠤᠨ᠂ ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡ 2013 ᠣᠨ᠎ᠳᠤ ᠠᠩᠬ᠎ᠠ ᠨᠡᠪᠲᠡᠷᠡᠭᠰᠡᠨ᠎ᠡᠴᠡ ᠨᠠᠭᠠᠰᠢ  ᠨᠡᠢ᠍ᠢᠳᠡ 25000 ᠴᠤᠪᠤᠭ᠎ᠠ ᠲᠡᠷᠭᠡ ᠦᠩᠭᠡᠷᠡᠬᠦ ᠲᠠᠪᠠᠯᠳᠠ ᠵᠢ ᠪᠡᠶᠡᠯᠡᠬᠦᠯᠦᠭᠰᠡᠨ ᠪᠠᠢᠨ᠎ᠠ᠃

ᠡᠷᠢᠶᠡᠨ ᠬᠣᠲᠠ᠎ᠶᠢᠨ ᠲᠡᠮᠦᠷ ᠵᠠᠮ᠎ᠤᠨ ᠬᠢᠯᠢ ᠵᠢᠨ ᠪᠣᠭᠣᠮᠲᠠ ᠪᠣᠯ ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡ ᠵᠢᠨ ᠲᠤᠮᠳᠠ ᠨᠡᠪᠲᠡᠷᠡᠯ ᠵᠠᠮ ᠎ᠳᠡᠬᠢ  ᠴᠣᠷ᠎ᠤᠨ ᠭᠠᠭᠴᠠ  ᠬᠢᠯᠢ ᠵᠢᠨ ᠪᠣᠭᠣᠮᠲᠠ ᠪᠣᠯᠣᠨ᠎ᠠ᠃ ᠪᠦᠷᠢᠳᠭᠡᠯ᠎ᠢ ᠦᠨᠳᠦᠰᠦᠯᠡᠪᠡᠯ᠂ 2013 ᠣᠨ᠎ᠳᠤ ᠠᠩᠬ᠎ᠠ ᠤᠳᠠᠭ᠎ᠠ ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡ ᠨᠡᠪᠲᠡᠷᠡᠭᠰᠡᠨ᠎ᠡᠴᠡ ᠨᠠᠭᠠᠰᠢ ᠬᠠᠮᠢᠶ᠎ᠠ ᠪᠦᠬᠦᠢ ᠲᠣᠭ᠎ᠠ ᠪᠠᠷᠢᠮᠲᠠ ᠨᠠᠢᠲᠠᠮ ᠳ᠋ᠡᠬᠡᠨ ᠳᠡᠭᠡᠭᠰᠢᠯᠡᠭᠰᠡᠨ ᠪᠠᠢᠨ᠎ᠠ᠄  2018 ᠣᠨ᠎ᠳᠤ ᠨᠡᠢ᠍ᠢᠳᠡ 1000 ᠴᠤᠪᠤᠭ᠎ᠠ᠂ 2020 ᠣᠨ᠎ᠳᠤ 5000 ᠴᠤᠪᠤᠭ᠎ᠠ ᠲᠡᠷᠬᠡ ᠂ 2022 ᠣᠨ᠎ᠳᠤ 10000 ᠴᠤᠪᠤᠭ᠎ᠠ ᠲᠡᠷᠭᠡ ᠵᠢ ᠦᠩᠭᠡᠷᠡᠬᠦᠯᠬᠦ ᠰᠢᠪᠳᠤᠯᠤᠯᠳᠠ ᠵᠢ ᠪᠡᠶᠡᠯᠡᠬᠦᠯᠵᠦ᠂ 2025 ᠣᠨ᠎ᠳᠤ 20000 ᠴᠤᠪᠤᠭ᠎ᠠ᠎ᠲᠡᠷᠭᠡ ᠵᠢ ᠦᠩᠭᠡᠷᠡᠬᠦᠯᠬᠦ  ᠶᠡᠭᠡ ᠲᠠᠪᠠᠯᠳᠠ ᠵᠢ ᠪᠡᠶᠡᠯᠡᠬᠦᠯᠵᠦ᠂ ᠤᠳᠤᠬᠠᠨ ᠳ᠋ᠤ ᠨᠡᠩ ᠴᠤ᠌ 25000 ᠴᠤᠪᠤᠭ᠎ᠠ ᠵᠢ ᠦᠩᠭᠡᠷᠡᠬᠥᠯᠥᠭᠰᠡᠨ ᠰᠢᠨ᠎ᠡ ᠤᠷᠬᠢᠯ ᠳ᠋ᠤ ᠬᠦᠷᠴᠡᠢ᠃ ᠠᠩᠬ᠎ᠠ ᠤᠳᠠᠭ᠎ᠠ 5000 ᠴᠤᠪᠤᠭ᠎ᠠ ᠲᠡᠷᠬᠡ ᠵᠢ ᠦᠩᠭᠡᠷᠡᠬᠦᠯᠬᠦ ᠳ᠋ᠤ 7 ᠵᠢᠯ᠎ᠤᠨ ᠴᠠᠭ᠎ᠢ ᠬᠡᠷᠡᠭᠯᠡᠭᠰᠡᠨ᠎ᠡᠴᠡ᠂ ᠤᠳᠤᠬᠠᠨ ᠎ᠳᠤ 5000 ᠴᠤᠪᠤᠭ᠎ᠠ ᠲᠡᠷᠭᠡ ᠶ᠋ᠢ ᠦᠩᠭᠡᠷᠡᠬᠦᠯᠬᠦ ᠳ᠋ᠤ 1 ᠵᠢᠯ ᠬᠡᠷᠡᠭᠰᠡᠬᠦ ᠦᠭᠡᠢ ᠪᠤᠯᠤᠭᠰᠠᠨ ᠲᠣᠭ᠎ᠠ ᠪᠠᠷᠢᠮᠲᠠ᠎ᠶᠢᠨ ᠠᠷᠤ᠎ᠳᠤ᠂ ᠪᠣᠭᠣᠮᠲᠠ᠎ᠶᠢᠨ ᠰᠠᠭᠤᠷᠢ ᠲᠥᠬᠦᠭᠡᠷᠦᠮᠵᠢ᠎ᠶᠢᠨ 《ᠬᠠᠳᠠᠭᠤ ᠲᠤᠨᠤᠭ᠎ᠤᠨ ᠬᠣᠯᠪᠣᠯᠳᠤᠨ ᠨᠡᠪᠲᠡᠷᠡᠯᠴᠡᠬᠦ》 ᠲᠦᠪᠰᠢᠨ ᠲᠠᠰᠤᠷᠠᠯᠳᠠ ᠦᠭᠡᠢ ᠳᠡᠭᠡᠭᠰᠢᠯᠡᠭᠰᠡᠨ᠂ ᠨᠡᠩ ᠴᠤ᠌ ᠬᠢᠯᠢ ᠠᠯᠤᠰᠯᠠᠭᠰᠠᠨ ᠬᠠᠮᠵᠢᠯᠴᠠᠭ᠎ᠠ᠎ᠶᠢᠨ 《ᠵᠥᠭᠡᠯᠡᠨ ᠲᠤᠨᠤᠭ᠎ᠤᠨ ᠬᠣᠯᠪᠣᠯᠳᠤᠨ ᠨᠡᠪᠲᠡᠷᠡᠯᠴᠡᠬᠦ》 ᠪᠤᠯᠤᠭᠰᠠᠨ  ᠲᠠᠢ ᠨᠢᠭ᠍ᠲᠠ ᠬᠣᠯᠪᠣᠭ᠎ᠠ᠎ᠲᠠᠢ ᠶᠤᠮ᠃

2026 ᠣᠨ᠎ᠤ 4 ᠰᠠᠷ᠎ᠠ᠎ᠳᠤ᠂ ᠳᠤᠮᠳᠠᠳᠤ ᠤᠯᠤᠰ(ᠥᠪᠥᠷ ᠮᠣᠩᠭᠣᠯ) ᠤ᠋ᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠢ ᠵᠥᠪᠰᠢᠶᠡᠷᠡᠨ ᠪᠠᠢᠭᠤᠯᠤᠭᠰᠠᠨ ᠵᠢᠡᠷ᠂ ᠡᠷᠢᠶᠡᠨ ᠬᠤᠳᠠ᠎ᠶᠢᠨ ᠬᠡᠰᠡᠭ ᠨᠢ ᠳᠤᠮᠳᠠᠳᠤ ᠤᠯᠤᠰ(ᠥᠪᠥᠷ ᠮᠣᠩᠭᠣᠯ)ᠤ᠋ᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠭᠤᠷᠪᠠᠨ ᠶᠡᠭᠡ ᠭᠡᠰᠡᠭ ᠣᠷᠣᠨ᠎ᠤ ᠨᠢᠭᠡ ᠪᠤᠯᠵᠠᠢ᠃ ᠲᠡᠮᠦᠷ ᠵᠠᠮ᠎ᠤᠨ ᠰᠠᠯᠠᠭ᠎ᠠ ᠮᠥᠴᠢᠷ ᠡᠷᠢᠶᠡᠨ ᠬᠣᠲᠠ᠎ᠶᠢᠨ ᠬᠡᠰᠡᠭ᠎ᠤᠨ ᠴᠢᠳᠠᠮᠵᠢ᠎ᠶᠢᠨ ᠪᠠᠢᠷᠢ ᠲᠣᠭᠲᠠᠭᠠᠯᠲᠠ᠎ᠲᠠᠢ ᠨᠢᠭ᠍ᠲᠠ ᠤᠶᠠᠯᠳᠤᠭᠤᠯᠤᠨ᠂ ᠬᠢᠯᠢ ᠠᠯᠤᠰᠯᠠᠭᠰᠠᠨ ᠪᠠᠷᠠᠭᠠᠨ᠎ᠤ ᠭᠦᠢᠯᠭᠡᠭᠡᠨ᠎ᠦ ᠦᠷ᠎ᠡ ᠪᠦᠲᠦᠮᠵᠢ ᠪᠠ ᠨᠥᠯᠥᠭᠡᠯᠡᠬᠦ ᠴᠢᠳᠠᠪᠤᠷᠢ ᠵᠢ ᠲᠡᠭᠡᠭᠰᠢᠯᠡᠬᠦᠯᠬᠦ ᠪᠡᠷ ᠦᠷᠭᠦᠯᠵᠢᠯᠡᠨ ᠬᠦᠴᠦᠯᠡᠨ ᠴᠢᠷᠮᠠᠢᠵᠤ  ᠪᠠᠢᠨ᠎ᠠ᠃ ᠤᠯᠠᠨ ᠤᠯᠤᠰ᠎ᠤᠨ ᠬᠢᠯᠢ᠎ᠶᠢᠨ ᠥᠷᠲᠡᠭᠡ᠎ᠶᠢᠨ 《ᠬᠣᠶᠠᠷ ᠥᠷᠲᠡᠭᠡ᠎ᠶᠢ ᠨᠢᠭᠡ ᠴᠣᠭᠴᠠᠵᠢᠭᠤᠯᠬᠤ》 ᠵᠣᠬᠢᠶᠠᠨ ᠪᠠᠢᠭᠤᠯᠤᠯᠲᠠ᠎ᠶᠢᠨ ᠵᠠᠭᠪᠤᠷ᠎ᠢ ᠦᠷᠭᠦᠯᠵᠢᠯᠡᠨ ᠭᠦᠨᠵᠡᠭᠡᠢᠷᠡᠭᠦᠯᠵᠦ᠂ 《ᠡᠳᠦᠷ᠎ᠦᠨ ᠶᠠᠷᠢᠯᠴᠠᠭ᠎ᠠ᠂ ᠰᠠᠷ᠎ᠠ᠎ᠶᠢᠨ ᠠᠭᠤᠯᠵᠠᠯᠲᠠ》 ᠵᠢᠨ ᠲᠣᠭᠲᠠᠴᠠ᠂ ᠬᠣᠶᠠᠷ ᠥᠷᠲᠡᠭᠡᠨ᠎ᠦ ᠲᠡᠷᠭᠡᠨ᠎ᠦ ᠤᠷᠤᠰᠬᠠᠯ᠎ᠤᠨ ᠪᠦᠲᠦᠴᠡ ᠪᠤᠯᠤᠨ ᠥᠷᠲᠡᠭᠡᠨ᠎ᠤ ᠬᠠᠳᠠᠭᠠᠯᠠᠮᠵᠢ ᠵᠢᠨ ᠪᠠᠢᠳᠠᠯ᠎ᠢ ᠬᠥᠳᠡᠯᠦᠩᠭᠦᠢ᠎ᠪᠡᠷ ᠡᠵᠡᠮᠳᠡᠵᠦ᠂ ᠣᠷᠣᠰᠢᠵᠤ ᠪᠠᠢᠭ᠎ᠠ ᠠᠰᠠᠭᠤᠳᠠᠯ᠎ᠢ ᠴᠠᠭ ᠲᠤᠬᠠᠢ ᠳ᠋ᠤᠨᠢ ᠵᠣᠬᠢᠴᠠᠭᠤᠯᠤᠨ ᠰᠢᠢᠳᠪᠦᠷᠢᠯᠡᠬᠦ᠎ᠶᠢᠨ ᠬᠠᠮᠲᠤ᠂ ᠬᠢᠯᠢ᠎ᠪᠡᠷ ᠣᠷᠣᠵᠤ ᠭᠠᠷᠬᠤ ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡᠨ᠎ᠳᠦ 《ᠰᠠᠭᠠᠳ ᠦᠭᠡᠢ ᠨᠡᠪᠲᠡᠷᠡᠬᠦ ᠵᠠᠮ》 ᠭᠠᠷᠭᠠᠨ᠂ ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡ᠎ᠶᠢᠨ ᠪᠣᠭᠣᠮᠲᠠ᠎ᠶᠢᠨ ᠬᠣᠭᠣᠷᠣᠨᠳᠤ 《ᠲᠦᠷᠭᠡᠨ ᠨᠡᠪᠲᠡᠷᠡᠵᠦ ᠲᠦᠷᠭᠡᠨ ᠲᠡᠭᠡᠭᠡᠪᠦᠷᠢᠯᠡᠬᠦ》 ᠳ᠋ᠤ ᠬᠦᠴᠦᠨ ᠨᠡᠮᠡᠷᠢᠯᠡᠵᠦ ᠪᠤᠢ᠃ ᠬᠢᠯᠢ ᠵᠢᠨ ᠪᠣᠭᠣᠮᠲᠠ᠎ᠶᠢᠨ ᠡᠯ᠎ᠠ ᠰᠠᠯᠠᠭ᠎ᠠ ᠮᠥᠴᠢᠷ᠎ᠤᠨ ᠬᠢᠨ ᠬᠠᠮᠵᠢᠯᠴᠠᠨ ᠪᠠᠲᠤᠯᠠᠬᠤ᠎ᠪᠠᠨ ᠦᠷᠭᠦᠯᠵᠢᠯᠡᠨ ᠴᠢᠩᠭᠠᠷᠠᠭᠤᠯᠵᠤ᠂ 24 ᠴᠠᠭ᠎ᠢᠶᠠᠷ ᠤᠷᠢᠳᠴᠢᠯᠠᠨ ᠪᠤᠯᠵᠤᠵᠤ ᠬᠢᠯᠢ ᠵᠢᠨ ᠪᠣᠭᠣᠮᠲᠠ ᠪᠡᠷ ᠥᠩᠭᠡᠷᠡᠭᠦᠯᠬᠦ᠎ᠶᠢ ᠬᠡᠷᠡᠭᠵᠢᠭᠦᠯᠵᠦ᠂ ᠬᠢᠯᠢ ᠵᠢᠨ ᠪᠣᠭᠣᠮᠲᠠ ᠪᠡᠷ ᠥᠩᠭᠡᠷᠡᠬᠦ ᠬᠡᠪ᠎ᠦᠨ ᠪᠤᠰᠤ ᠪᠠᠢᠳᠠᠯ᠎ᠢ ᠴᠠᠭ ᠲᠤᠬᠠᠢ ᠳ᠋ᠤᠨᠢ ᠰᠢᠢᠳᠪᠦᠷᠢᠯᠡᠬᠦ᠎ᠶᠢ ᠪᠡᠶᠡᠯᠡᠭᠦᠯᠦᠨ᠂ ᠵᠢᠰᠢᠶᠠᠨ᠎ᠤ ᠭᠠᠯᠲᠤ ᠲᠡᠷᠭᠡ᠎ᠶᠢᠨ ᠬᠢᠯᠢ ᠵᠢᠨ ᠪᠣᠭᠣᠮᠲᠠ ᠪᠡᠷ ᠥᠩᠭᠡᠷᠡᠬᠦ᠎ᠶᠢ ᠳᠥᠭᠥᠮᠴᠢᠯᠡᠬᠦ ᠬᠢᠷᠢ ᠬᠡᠮᠵᠢᠶ᠎ᠡ᠎ᠶᠢ ᠪᠦᠬᠦ ᠲᠠᠯ᠎ᠠ᠎ᠪᠠᠷ ᠳᠡᠭᠡᠭᠰᠢᠯᠡᠭᠦᠯᠪᠡ᠃ ᠣᠳᠣᠬᠠᠨ᠎ᠳᠤ᠂ ᠡᠷᠢᠶᠡᠨ ᠬᠣᠲᠠ᠎ᠶᠢᠨ ᠲᠡᠮᠦᠷ ᠵᠠᠮ᠎ᠤᠨ ᠬᠢᠯᠢ ᠵᠢᠨ ᠪᠣᠭᠣᠮᠲᠠ ᠪᠡᠷ ᠤᠷᠤᠵᠤ ᠭᠠᠷᠬᠤ ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡ᠎ᠵᠢ ᠡᠳᠦᠷ ᠲᠸ᠋ 13 ᠴᠤᠪᠤᠭ᠎ᠠ ᠲᠡᠷᠬᠡ ᠣᠷᠴᠢᠮ᠎ᠳ᠋ᠤ ᠲᠣᠭᠲᠠᠪᠤᠷᠢᠵᠢᠭᠤᠯᠵᠡᠢ᠃

ᠡᠷᠢᠶᠡᠨ ᠬᠣᠲᠠ᠎ᠶᠢᠨ ᠬᠡᠰᠡᠭ ᠲᠡᠬᠢ ᠥᠭᠡᠷᠡᠴᠢᠯᠡᠯᠲᠡ ᠬᠢᠵᠦ ᠰᠢᠨ᠎ᠡ᠎ᠶᠢ ᠡᠭᠦᠳᠬᠦ᠎ᠶᠢᠨ ᠴᠢᠬᠤᠯᠠ ᠠᠭᠤᠯᠭ᠎ᠠ ᠪᠣᠯᠤᠭᠰᠠᠨ᠎ᠤ ᠬᠤᠪᠢ᠎ᠳᠤ᠂ ᠣᠶᠤᠨᠲᠤ ᠬᠢᠯᠢ ᠵᠢᠨ ᠪᠣᠭᠣᠮᠲᠠ᠎ᠶᠢᠨ ᠪᠦᠲᠦᠭᠡᠨ ᠪᠠᠢᠭᠤᠯᠤᠯᠲᠠ ᠲᠦᠷᠭᠡᠨ ᠠᠬᠢᠵᠦ᠂ 《ᠲᠡᠮᠦᠷ ᠵᠠᠮ᠎ᠤᠨ ᠬᠢᠯᠢ  ᠵᠢᠨ ᠪᠤᠭᠤᠮᠲᠠ ᠪᠡᠷ ᠲᠦᠷᠭᠡᠨ ᠦᠩᠭᠡᠷᠡᠬᠦ》 ᠵᠠᠭᠪᠤᠷ᠂ 95306 《ᠲᠣᠭᠠᠴᠢᠯᠠᠭᠰᠠᠨ ᠪᠣᠭᠣᠮᠲᠠ》 ᠵᠢᠨ ᠰᠢᠰᠲᠧᠮ ᠨᠢ ᠬᠢᠯᠢ ᠠᠯᠤᠰᠯᠠᠭᠰᠠᠨ ᠲᠡᠭᠡᠭᠡᠪᠦᠷᠢ᠎ᠶᠢᠨ ᠬᠥᠭᠵᠢᠯᠲᠡ᠎ᠶᠢ ᠠᠬᠢᠭᠤᠯᠬᠤ᠎ᠳᠤ ᠦᠷᠭᠦᠯᠵᠢᠯᠡᠨ ᠴᠢᠳᠠᠮᠵᠢ ᠣᠯᠭᠣᠵᠤ᠂ ᠲᠡᠮᠦᠷ ᠵᠠᠮ᠂  ᠬᠢᠯᠢ ᠵᠢᠨ ᠪᠣᠭᠣᠮᠲᠠ᠂ ᠬᠢᠯᠢ᠎ᠶᠢᠨ ᠪᠠᠢᠴᠠᠭᠠᠯᠲᠠ᠂ ᠠᠵᠤ ᠠᠬᠤᠢᠯᠠᠯ ᠵᠡᠷᠭᠡ ᠰᠠᠯᠠᠭ᠎ᠠ ᠮᠥᠴᠢᠷ᠎ᠤᠨ ᠬᠢᠨ ᠭᠠᠯᠲᠤ ᠲᠡᠷᠭᠡᠨ᠎ᠦ ᠠᠶᠠᠯᠠᠯ᠂ ᠡᠳ᠋ ᠪᠠᠷᠠᠭᠠᠨ᠎ᠤ ᠲᠡᠭᠡᠭᠡᠪᠦᠷᠢ᠂ ᠪᠣᠭᠣᠮᠲᠠ᠎ᠪᠠᠷ ᠥᠩᠭᠡᠷᠡᠬᠦ᠎ᠰᠢᠯᠭᠠᠨ ᠪᠠᠢᠴᠠᠭᠠᠯᠳᠠ ᠵᠡᠷᠭᠡ ᠬᠢᠯᠢ ᠠᠯᠤᠰᠯᠠᠭᠰᠠᠨ ᠲᠡᠭᠡᠭᠡᠪᠦᠷᠢ᠎ᠶᠢᠨ ᠪᠥᠬᠥ ᠬᠡᠯᠬᠢᠶᠡᠨ᠎ᠦ ᠮᠡᠳᠡᠭᠡ ᠵᠠᠩᠭᠢ᠎ᠶᠢ ᠬᠠᠮᠲᠤ᠎ᠪᠠᠷ ᠡᠳ᠋ᠯᠡᠬᠦ᠎ᠶᠢ ᠪᠡᠶᠡᠯᠡᠭᠦᠯᠵᠦ᠂ ᠪᠣᠭᠣᠮᠲᠠ᠎ᠪᠠᠷ ᠥᠩᠭᠡᠷᠡᠬᠦ ᠴᠠᠭ᠎ᠢ ᠬᠠᠮᠤᠭ᠎ᠤᠨ ᠣᠬᠣᠷ᠎ᠲᠠᠭᠠᠨ 30 ᠮᠢᠨᠦ᠋ᠲ ᠣᠷᠴᠢᠮ ᠪᠣᠯᠭᠠᠨ ᠪᠣᠭᠣᠨᠢᠰᠬᠠᠪᠠ᠃ 

《ᠨᠢᠭᠡ ᠪᠦᠰᠡ ᠨᠢᠭᠡ ᠵᠠᠮ》ᠢ᠋ ᠬᠠᠮᠲᠤ᠎ᠪᠠᠷ ᠪᠦᠲᠦᠭᠡᠨ ᠪᠠᠶ᠋ᠢᠭᠤᠯᠬᠤ ᠴᠢᠬᠤᠯᠠ ᠠᠴᠢᠶᠠᠯᠠᠪᠤᠷᠢ ᠪᠣᠯᠤᠭᠰᠠᠨ᠎ᠤ ᠬᠤᠪᠢ᠎ᠳᠤ  ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡ ᠠᠽᠢᠶ᠎ᠠ ᠡᠸᠦ᠋ᠷᠦᠫᠡ᠎ᠶᠢ ᠰᠤᠨᠳᠠᠯᠠᠭᠰᠠᠨ ᠪᠠᠷᠠᠭᠠᠨ᠎ᠤ ᠭᠦᠢᠯᠭᠡᠭᠡᠨ᠎ᠦ ᠲᠣᠣᠷ᠎ᠢ ᠦᠷᠭᠦᠯᠵᠢᠯᠡᠨ ᠨᠢᠭ᠍ᠲᠠ ᠰᠦᠯᠵᠢᠪᠡ᠃ ᠣᠳᠣᠬᠠᠨ᠎ᠳᠤ ᠡᠷᠢᠶᠡᠨ ᠬᠣᠲᠠ᠎ᠶᠢᠨ ᠲᠡᠮᠦᠷ ᠵᠠᠮ᠎ᠤᠨ ᠬᠢᠯᠢ ᠵᠢᠨ ᠪᠣᠭᠣᠮᠲᠠ᠎ᠪᠠᠷ ᠳᠡᠮᠵᠢᠨ ᠠᠶᠠᠯᠠᠵᠤ ᠪᠠᠢᠭ᠎ᠠ ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡᠨ᠎ᠦ  ᠵᠠᠮ ᠱᠤᠭᠤᠮ 75 ᠵᠤᠷᠪᠤᠰ᠎ᠲᠤ  ᠬᠦᠷᠴᠦ᠂ ᠭᠧᠷᠮᠠᠨ᠂ ᠫᠤᠯᠠᠨᠳ᠋ ᠵᠡᠷᠭᠡ 10 ᠭᠠᠷᠤᠢ ᠤᠯᠤᠰ᠎ᠤᠨ 70 ᠭᠠᠷᠤᠢ ᠬᠦᠢᠰᠦ  ᠥᠷᠲᠡᠭᠡ ᠳ᠋ᠤ ᠨᠡᠪᠲᠡᠷᠡᠵᠦ᠂ ᠤᠯᠤᠰ᠎ᠤᠨ ᠳᠣᠲᠣᠭᠠᠳᠤ᠎ᠶᠢᠨ ᠨᠥᠯᠥᠭᠡᠯᠡᠬᠦ ᠬᠡᠪᠴᠢᠶ᠎ᠡ ᠨᠢ ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡ᠎ᠶᠢᠨ ᠦᠩᠭᠡᠷᠡᠵᠦ ᠪᠠᠢᠭ᠎ᠠ ᠣᠯᠠᠩᠬᠢ ᠬᠣᠲᠠ᠎ᠶᠢ ᠬᠠᠮᠤᠷᠪᠠ᠃ ᠪᠠᠷᠠᠭ᠎ᠠ ᠲᠡᠭᠡᠭᠡᠪᠦᠷᠢ᠎ᠨᠢ ᠠᠩᠬ᠎ᠠ ᠡᠬᠢᠨ᠎ᠤ ᠲᠡᠮᠦᠷᠯᠢᠭ᠂ ᠬᠢᠮᠢ᠎ᠶᠢᠨ ᠠᠵᠤ ᠦᠢᠯᠡᠳᠪᠦᠷᠢ᠂ ᠬᠤᠪᠴᠠᠰᠤ ᠬᠤᠨᠠᠷ ᠱᠠᠬᠠᠢ ᠮᠠᠯᠠᠭᠠᠢ᠎ᠪᠠᠷ ᠭᠣᠣᠯ ᠪᠣᠯᠭᠠᠵᠤ ᠪᠠᠢᠭᠰᠠᠨ᠎ᠠᠴᠠ᠎ᠪᠠᠨ ᠣᠲᠣ᠌ ᠰᠢᠨ᠎ᠡ ᠡᠨᠧᠷᠭᠢ᠎ᠶᠢᠨ ᠮᠠᠰᠢᠨ ᠲᠡᠷᠭᠡ᠂ ᠡᠯᠧᠺᠲᠷᠣᠨ ᠦᠢᠯᠡᠳᠬᠦᠨ᠂ ᠭᠡᠷ᠎ᠦᠨ ᠴᠠᠬᠢᠯᠭᠠᠨ ᠬᠡᠷᠡᠭᠰᠡᠯ᠎ᠢᠶᠡᠷ ᠭᠣᠣᠯ ᠪᠣᠯᠭᠠᠵᠤ᠂ 《ᠳᠤᠮᠳᠠᠳᠤ ᠤᠯᠤᠰ᠎ᠤᠨ ᠣᠶᠤᠨᠴᠢ ᠦᠢᠯᠡᠳᠬᠡᠯ》 ᠤ᠋ᠨ ᠥᠨᠳᠥᠷ ᠨᠡᠮᠡᠯᠲᠡ ᠥᠷᠲᠡᠭ ᠪᠦᠬᠦᠢ ᠦᠢᠯᠡᠳᠬᠦᠨ᠎ᠦ ᠡᠵᠡᠯᠡᠬᠦ ᠬᠠᠷᠢᠴᠠᠯ ᠵᠢᠯ ᠳᠠᠷᠠᠭᠠᠯᠠᠨ ᠳᠡᠭᠡᠭᠰᠢᠯᠡᠵᠦ᠂ ᠡᠬᠢᠨ᠎ᠦ ᠬᠤᠭᠤᠴᠠᠭᠠᠨ᠎ᠤ 10 % ᠬᠦᠷᠬᠦ ᠦᠭᠡᠢ ᠪᠠᠢᠭᠰᠠᠨ᠎ᠠᠴᠠ 40 % ᠎ᠡᠴᠡ ᠳᠡᠭᠡᠭᠰᠢ ᠪᠤᠯᠤᠨ ᠳᠡᠭᠡᠭᠰᠢᠯᠡᠪᠡ᠃

ᠡᠨᠡ ᠵᠢᠯ᠎ᠡᠴᠡ ᠨᠠᠭᠠᠰᠢ᠂ ᠡᠷᠢᠶᠡᠨ ᠬᠣᠲᠠ᠎ᠶᠢᠨ ᠲᠡᠮᠦᠷ ᠵᠠᠮ᠎ᠤᠨ ᠬᠢᠯᠢ ᠵᠢᠨ ᠪᠣᠭᠣᠮᠲᠠ᠎ᠶᠢᠨ ᠲᠡᠭᠡᠭᠡᠪᠦᠷᠢ᠎ᠶᠢᠨ ᠬᠡᠮᠵᠢᠶ᠎ᠡ ᠲᠣᠭᠲᠠᠭᠤᠨ᠎ᠢᠶᠠᠷ ᠨᠡᠮᠡᠭᠳᠡᠵᠦ᠂ 6 ᠰᠠᠷ᠎ᠠ᠎ᠶᠢᠨ 11 ᠤ᠋ ᠡᠳᠦᠷ ᠪᠣᠯᠲᠠᠯ᠎ᠠ᠂ ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡ 2137 ᠴᠤᠪᠤᠭ᠎ᠠ ᠪᠤᠯᠵᠤ᠂ ᠲᠡᠭᠡᠭᠡᠪᠦᠷᠢᠯᠡᠨ ᠬᠦᠷᠭᠡᠬᠦ ᠡᠳ᠋ ᠪᠠᠷᠠᠭ᠎ᠠ ᠨᠢ 20.51 ᠲᠦᠮᠡᠨ ᠬᠠᠢᠷᠴᠠᠭ᠂ 196.69 ᠲᠦᠮᠡᠨ ᠲᠣᠨ ᠳ᠋ᠤ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ ᠲᠣᠰ ᠲᠣᠰ 15.1 %᠂ 9.7 %᠂ 28.6 % ᠪᠠᠷ ᠨᠡᠮᠡᠭᠳᠡᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号