4 ᠶᠡᠬᠡ ᠳᠠᠭᠤᠤ ᠬᠦᠭᠵᠢᠮ ᠤ᠋ᠨ ᠴᠤᠭᠯᠠᠭᠠᠨ ᠬᠥᠬᠡᠬᠣᠲᠠ ᠳ᠋ᠦ ᠵᠠᠯᠭᠠᠭ᠎ᠠ ᠪᠠᠷ ᠶᠠᠪᠤᠭᠳᠠᠨ᠎ᠠ
2026-06-16 09:31:54
ᠵᠣᠬᠢᠶᠠᠭ᠍ᠴᠢ᠄
ᠬᠦᠭᠵᠢᠯᠳᠦ
ᠣᠩᠱᠢᠭ᠍ᠰᠠᠨ ᠣᠳᠠᠭ᠎ᠠ᠄
★★★☆☆

ᠦᠪᠦᠷ ᠮᠤᠨᠭᠭᠤᠯ ᠤ᠋ᠨ ᠤᠷᠠᠯᠢᠭ ᠵᠦᠴᠦᠭᠡ ᠶ᠋ᠢᠨ ᠬᠦᠷᠢᠶᠡᠯᠡᠩ ᠡᠴᠡ ᠤᠢᠯᠠᠭᠠᠭᠰᠠᠨ ᠢ᠋ᠶ᠋ᠡᠷ᠂ 6 ᠰᠠᠷ᠎ᠠ ᠡᠴᠡ 8 ᠰᠠᠷ᠎ᠠ ᠪᠣᠯᠲᠠᠯ᠎ᠠ᠂ ᠬᠦᠨᠵᠡᠬᠡᠢ ᠪᠡᠶᠡᠴᠢᠯᠡᠨ ᠤᠢᠯᠠᠭᠠᠬᠤ ᠮᠠᠶᠢᠭ ᠤ᠋ᠨ ᠳᠠᠭᠤᠤ ᠶ᠋ᠢᠨ ᠨᠠᠢᠷ 《ᠪᠢ ᠲᠠᠯ᠎ᠠ ᠨᠤᠲᠤᠭ ᠲᠠᠶ ᠪᠠᠨ ᠪᠣᠯᠵᠣᠭ᠎ᠠ ᠲᠠᠶ》᠂ ᠠᠩᠬᠠᠳᠤᠭᠠᠷ ᠬᠤᠭᠤᠴᠠᠭᠠᠨ ᠤ᠋ ᠼᠤᠤ ᠮᠧᠢ ᠳᠠᠭᠤᠤ ᠬᠥᠭ᠌ᠵᠢᠮ ᠤ᠋ᠨ ᠨᠠᠢᠷ᠂ ᠬᠤᠸᠠ ᠶᠣᠣ ᠪᠥᠬᠥ᠌ ᠪᠥᠮᠪᠥᠷᠴᠡᠭ ᠤ᠋ᠨ ᠳᠠᠭᠤᠤ ᠬᠥᠭ᠌ᠵᠢᠮ ᠤ᠋ᠨ ᠦᠪᠡᠳᠡᠭ᠌ᠰᠢ ᠴᠤᠭᠯᠠᠭᠠᠨ ᠤ᠋ ᠬᠥᠬᠡᠬᠣᠲᠠ ᠥᠷᠲᠡᠭᠡᠨ᠎ᠤ ᠲᠤᠭᠯᠠᠯᠳᠠ ᠵᠢᠴᠢ 《ᠵᠠᠯᠠᠭᠤ ᠨᠠᠰᠤᠨ ᠤ᠋ ᠴᠠᠭ ᠵᠠᠢ ᠶ᠋ᠢᠨ ᠠᠶᠠᠯᠠᠯ》 ᠤ᠋ᠨ ᠲᠣᠭᠣᠷᠢᠨ ᠲᠣᠭ᠍ᠯᠠᠯᠲᠠ ᠵᠡᠷᠭᠡ 4 ᠶᠡᠬᠡ ᠳᠠᠭᠤᠤ ᠬᠦᠭᠵᠢᠮ ᠤ᠋ᠨ ᠴᠤᠭᠯᠠᠭᠠᠨ ᠬᠥᠬᠡᠬᠣᠲᠠ ᠳ᠋ᠦ ᠵᠠᠯᠭᠠᠭ᠎ᠠ ᠪᠠᠷ ᠶᠠᠪᠤᠭᠳᠠᠵᠤ᠂ ᠦᠪᠦᠷ ᠮᠤᠨᠭᠭᠤᠯ ᠤ᠋ᠨ ᠰᠤᠶᠤᠯ ᠤ᠋ᠨ ᠠᠵᠢᠯᠯᠠᠭ᠎ᠠ ᠶ᠋ᠢᠨ ᠤᠯᠠᠷᠢᠯ ᠢ᠋ ᠤᠯᠠᠮ ᠬᠦᠭᠵᠢᠬᠡᠬᠦ ᠪᠣᠯᠤᠨ᠎ᠠ᠃

ᠲᠤᠰ ᠰᠢᠷᠢᠰ ᠲᠣᠭ᠍ᠯᠠᠯᠲᠠ ᠶ᠋ᠢᠨ ᠬᠡᠪ ᠨᠠᠮᠪᠠ ᠨᠢ ᠥᠪᠥᠷ ᠮᠣᠩᠭᠣᠯ ᠤ᠋ᠨ ᠰᠣᠩᠭᠣᠳᠠᠭ ᠳᠠᠭᠤᠤ᠂ ᠤᠷᠤᠰᠭᠠᠯ ᠳᠠᠭᠤᠤ ᠪᠠ ᠤᠳᠤ ᠰᠤᠳᠤᠨ ᠤᠷᠠᠯᠢᠭᠴᠢᠨ ᠬᠢᠭᠡᠳ ᠲᠤᠷᠠᠰᠤᠮᠵᠢ ᠶ᠋ᠢᠨ ᠳᠠᠭᠤᠤ ᠵᠢ ᠪᠠᠭᠳᠠᠭᠠᠵᠤ᠂ ᠥᠪᠡᠷᠲᠡᠭᠡᠨ ᠵᠠᠰᠠᠬᠤ ᠣᠷᠣᠨ ᠤ᠋ ᠰᠣᠶᠣᠯ ᠵᠢᠭᠤᠯᠴᠢᠯᠠᠯ ᠤ᠋ᠨ ᠵᠠᠬ᠎ᠠ ᠳᠡᠯᠭᠡᠭᠦᠷ ᠲᠦ᠍ ᠬᠦᠴᠦᠳᠤ ᠶᠡᠬᠡ ᠠᠮᠢᠵᠢᠷᠠᠯ ᠤ᠋ᠨ ᠬᠦᠴᠦᠨ ᠨᠡᠮᠡᠬᠦ᠌ ᠪᠣᠯᠤᠨ᠎ᠠ᠃ ᠡᠩ ᠲᠡᠷᠢᠭᠦᠨ ᠳ᠋ᠦ ᠴᠣ ᠱᠢᠨ᠎ᠡ ᠪᠡᠷ ᠥᠭᠡᠷᠡᠴᠢᠯᠡᠵᠦ᠍ ᠲᠡᠰ ᠳᠡᠪᠱᠢᠭᠦᠯᠦᠭ᠌ᠰᠡᠨ ᠬᠦᠨᠵᠡᠬᠡᠢ ᠪᠡᠶᠡᠴᠢᠯᠡᠨ ᠤᠢᠯᠠᠭᠠᠬᠤ ᠮᠠᠶᠢᠭ ᠤ᠋ᠨ ᠳᠠᠭᠤᠤ ᠶ᠋ᠢᠨ ᠨᠠᠢᠷ 《ᠪᠢ ᠲᠠᠯ᠎ᠠ ᠨᠤᠲᠤᠭ ᠲᠠᠶ ᠪᠠᠨ ᠪᠣᠯᠵᠣᠭ᠎ᠠ ᠲᠠᠶ》 ᠲᠣᠭ᠍ᠯᠠᠯᠲᠠ ᠨᠢ 6 ᠰᠠᠷ᠎ᠠ ᠶ᠋ᠢᠨ 26 ᠤ᠋ ᠡᠳᠦᠷ ᠬᠥᠬᠡᠬᠣᠲᠠ ᠶ᠋ᠢᠨ ᠪᠡᠶ᠎ᠡ ᠶ᠋ᠢᠨ ᠲᠠᠮᠢᠷ ᠤ᠋ᠨ ᠲᠥᠪ ᠲᠦ᠍ ᠶᠠᠪᠤᠭᠳᠠᠨ᠎ᠠ᠃ ᠡᠨᠡ ᠬᠦ᠌ ᠲᠤᠭᠯᠠᠯᠳᠠ ᠶ᠋ᠢᠨ ᠬᠠᠮᠤᠭ ᠤ᠋ᠨ ᠦᠪᠡᠷᠮᠢᠴᠡ ᠵᠦᠢᠯ ᠨᠢ ᠤᠯᠠᠮᠵᠢᠯᠠᠯᠲᠤ ᠲᠠᠢᠰᠠᠨ ᠤ᠋ ᠤᠬᠠᠭ᠍ᠳᠠᠬᠤᠨ ᠢ᠋ ᠲᠤᠢᠯᠪᠤᠷᠢᠲᠠᠶ ᠦᠭᠡᠷᠡᠴᠢᠯᠡᠵᠦ᠂ 《ᠠᠬᠤᠶ ᠳᠠᠯᠠᠪᠠᠢ + ᠳᠠᠭᠤᠤ ᠬᠥᠭ᠌ᠵᠢᠮ + ᠬᠡᠷᠡᠯ ᠰᠡᠭᠦᠳᠡᠷ + ᠭᠦᠨ ᠰᠠᠭᠤᠭ᠍ᠳᠠᠯ》 ᠤ᠋ᠨ ᠲᠣᠭ᠍ᠯᠠᠯᠲᠠ ᠶ᠋ᠢᠨ ᠱᠢᠨ᠎ᠡ᠎ᠮᠠᠶᠢᠭ ᠢ᠋ᠶ᠋ᠡᠷ ᠶᠠᠪᠤᠭᠳᠠᠨ᠎ᠠ᠃ ᠡᠭᠦᠨ ᠡᠴᠡ ᠭᠠᠳᠠᠨ᠎ᠠ᠂ ᠳᠠᠭᠤᠤ ᠶ᠋ᠢᠨ ᠨᠠᠢᠷ ᠨᠢ ᠪᠠᠰᠠ ᠲᠦᠬᠦᠮᠴᠢᠯᠡᠭᠰᠡᠨ᠂ ᠬᠡᠰᠡᠭ᠌ᠴᠢᠯᠡᠭ᠌ᠰᠡᠨ ᠳᠠᠢᠰᠠᠨ ᠤ᠋ ᠵᠢᠷᠤᠭ ᠲᠥᠯᠥᠪᠯᠡᠭᠡ ᠶ᠋ᠢᠨ ᠱᠢᠨ᠎ᠡ ᠵᠢ ᠡᠭᠦᠳᠴᠦ᠍᠂ 《ᠲᠣᠭ᠍ᠯᠠᠯᠲᠠ + ᠤᠷᠤᠯᠳᠤᠭᠠᠨ》 ᠤ᠋ ᠰᠣᠶᠣᠯ ᠪᠡᠶ᠎ᠡ ᠶ᠋ᠢᠨ ᠲᠠᠮᠢᠷ ᠤ᠋ᠨ ᠠᠭᠤᠰᠤᠯᠴᠠᠯ ᠤ᠋ᠨ ᠱᠢᠨ᠎ᠡ ᠬᠡᠪ ᠵᠠᠭ᠍ᠪᠤᠷ ᠢ᠋ ᠪᠦᠳᠦᠭᠡᠬᠦ ᠪᠤᠯᠤᠨ᠎ᠠ᠃ ᠤᠯᠤᠰ ᠤ᠋ᠨ ᠳᠣᠲᠣᠭᠠᠳᠤ ᠶ᠋ᠢᠨ ᠬᠠᠮᠤᠭ ᠤ᠋ᠨ ᠶᠡᠬᠡ ᠨᠥᠯᠥᠭᠡᠯᠡᠬᠦ᠌ ᠬᠦᠴᠦᠨ ᠲᠡᠶ ᠵᠠᠯᠠᠭᠤᠴᠤᠳ ᠤ᠋ᠨ ᠳᠠᠭᠤᠤ ᠬᠥᠭ᠌ᠵᠢᠮ ᠤ᠋ᠨ ᠨᠠᠢᠷ ᠤ᠋ᠨ ᠨᠠᠷᠠᠲᠤ ᠲᠡᠮᠳᠡᠭ ᠪᠣᠯᠤᠭ᠍ᠰᠠᠨ ᠼᠤᠤ ᠮᠧᠢ ᠳᠠᠭᠤᠤ ᠬᠥᠭ᠌ᠵᠢᠮ ᠤ᠋ᠨ ᠨᠠᠢᠷ 7 ᠰᠠᠷ᠎ᠠ ᠶ᠋ᠢᠨ 4 — 5 ᠤ᠋ ᠡᠳᠦᠷ ᠪᠣᠯᠲᠠᠯ᠎ᠠ ᠬᠥᠬᠡᠬᠣᠲᠠ ᠳ᠋ᠦ ᠠᠩᠬ᠎ᠠ ᠤᠳᠠᠭ᠎ᠠ ᠶᠠᠪᠤᠭᠳᠠᠵᠤ᠂ ᠵᠦᠯᠬᠡᠳᠦ ᠲᠠᠯ᠎ᠠ ᠪᠡᠷ ᠲᠣᠭ᠍ᠯᠠᠯᠲᠠ ᠶ᠋ᠢᠨ ᠲᠠᠯᠠᠪᠠᠶ ᠪᠠᠨ ᠪᠤᠯᠭᠠᠨ ᠭᠤᠤᠯ ᠲᠠᠢ᠌ᠰᠠ᠂ ᠬᠠᠢᠷ᠎ᠠ ᠶ᠋ᠢᠨ ᠳᠠᠭᠤᠤ ᠵᠢᠨ ᠲᠠᠢ᠌ᠰᠠ᠂ ᠷᠢᠳᠢ ᠱᠢᠳᠢᠲᠦ Sir ᠲᠠᠢ᠌ᠰᠠ ᠵᠢᠴᠢ HOHOT  HOOD ᠲᠠᠯ᠎ᠠ ᠨᠤᠲᠤᠭ ᠤ᠋ᠨ ᠤᠨᠴᠠᠯᠢᠬ᠍ᠳᠤ ᠲᠠᠢ᠌ᠰᠠ ᠵᠡᠷᠭᠡ 4 ᠶᠡᠬᠡ ᠭᠣᠣᠯ ᠰᠡᠳᠦᠪᠲᠦ ᠲᠠᠢ᠌ᠰᠠ ᠲᠤᠬᠢᠷᠠᠭᠤᠯᠵᠤ᠂ ᠤᠷᠤᠰᠭᠠᠯ᠂ ᠷᠤᠺ᠂ ᠠᠷᠠᠳ ᠤ᠋ᠨ ᠳᠠᠭᠤᠤ᠂ ᠥᠭᠦᠯᠡᠨ ᠳᠠᠭᠤᠯᠠᠬᠤ᠂ ᠡᠯᠧᠺᠲ᠋ᠷᠣᠨ ᠬᠦᠭᠵᠢᠮ᠂ ᠦᠨᠳᠦᠰᠦᠲᠡᠨ ᠤ᠋ ᠳᠠᠭᠤᠤ ᠬᠥᠭ᠌ᠵᠢᠮ ᠵᠡᠷᠭᠡ ᠤᠯᠠᠨ ᠵᠦᠢᠯ ᠤ᠋ᠨ ᠬᠡᠪ ᠨᠠᠮᠪᠠ ᠵᠢ ᠪᠠᠭᠳᠠᠭᠠᠵᠠᠢ᠃ ᠵᠠᠯᠭᠠᠭᠠᠳ 7 ᠰᠠᠷ᠎ᠠ ᠶ᠋ᠢᠨ 18 ᠤ᠋ ᠡᠳᠦᠷ ᠬᠥᠬᠡᠬᠣᠲᠠ ᠶ᠋ᠢᠨ ᠪᠡᠶ᠎ᠡ ᠶ᠋ᠢᠨ ᠲᠠᠮᠢᠷ ᠤ᠋ᠨ ᠲᠠᠯᠠᠪᠠᠶ ᠳ᠋ᠦ ᠬᠤᠸᠠ ᠶᠣᠣ ᠪᠥᠬᠥ᠌ ᠪᠥᠮᠪᠥᠷᠴᠡᠭ ᠤ᠋ᠨ ᠳᠠᠭᠤᠤ ᠬᠥᠭ᠌ᠵᠢᠮ ᠤ᠋ᠨ ᠦᠪᠡᠳᠡᠭ᠌ᠰᠢ ᠴᠤᠭᠯᠠᠭᠠᠨ ᠤ᠋ ᠬᠥᠬᠡᠬᠣᠲᠠ ᠥᠷᠲᠡᠭᠡ ᠶ᠋ᠢᠨ ᠲᠤᠭᠯᠠᠯᠳᠠ ᠶᠠᠪᠤᠭᠳᠠᠵᠤ᠂ ᠲᠤᠰᠬᠠᠢ ᠨᠢᠭᠡ ᠦᠶ᠎ᠡ ᠶ᠋ᠢᠨ ᠬᠥᠮᠦᠰ ᠲᠦ᠍ ᠵᠣᠷᠢᠭᠤᠯᠤᠭ᠍ᠰᠠᠨ 《ᠵᠠᠯᠠᠭᠤ ᠨᠠᠰᠤᠨ ᠤ᠋ ᠴᠠᠭ ᠵᠠᠢ ᠶ᠋ᠢᠨ ᠠᠶᠠᠯᠠᠯ》 ᠤ᠋ᠨ ᠲᠣᠭᠣᠷᠢᠨ ᠲᠣᠭ᠍ᠯᠠᠯᠲᠠ ᠨᠢ 8 ᠰᠠᠷ᠎ᠠ ᠶ᠋ᠢᠨ 1 ᠤ᠋ ᠡᠳᠦᠷ ᠬᠥᠬᠡᠬᠣᠲᠠ ᠶ᠋ᠢᠨ ᠤᠮᠠᠷᠠᠲᠤ ᠶ᠋ᠢᠨ ᠬᠥᠯ ᠪᠥᠮᠪᠥᠭᠡ ᠶ᠋ᠢᠨ ᠪᠣᠯᠪᠠᠰᠤᠷᠠᠯ ᠤ᠋ᠨ ᠰᠠᠭᠤᠷᠢᠨ ᠳ᠋ᠦ ᠶᠠᠪᠤᠭᠳᠠᠵᠤ᠂ ᠵᠠᠯᠠᠭᠤᠴᠤᠳ ᠲᠦ᠍ ᠵᠤᠷᠢᠭᠤᠯᠤᠨ ᠲᠦᠮᠡᠨ ᠬᠥᠮᠦᠨ ᠤ᠋ ᠨᠠᠢᠷᠠᠯ ᠳᠠᠭᠤᠤ ᠵᠢ ᠳᠠᠭᠤᠯᠠᠬᠤ ᠪᠤᠯᠤᠨ᠎ᠠ᠃

《ᠪᠢᠳᠡ ᠡᠨᠡ 4 ᠶᠡᠬᠡ ᠳᠠᠭᠤᠤ ᠬᠦᠭᠵᠢᠮ ᠤ᠋ᠨ ᠴᠤᠭᠯᠠᠭᠠᠨ ᠵᠢᠡᠷ ᠪᠦᠷᠢᠯᠳᠦᠭᠰᠡᠨ ᠰᠢᠷᠢᠰ ᠲᠣᠭ᠍ᠯᠠᠯᠲᠠ ᠳ᠋ᠠᠭᠠᠨ 〈ᠲᠣᠭ᠍ᠯᠠᠯᠲᠠ + ᠤᠷᠤᠯᠳᠤᠭᠠᠨ〉᠂ 〈ᠲᠣᠭ᠍ᠯᠠᠯᠲᠠ + ᠰᠣᠶᠣᠯ ᠵᠢᠭᠤᠯᠴᠢᠯᠠᠯ〉 ᠵᠡᠷᠭᠡ ᠱᠢᠨ᠎ᠡ ᠠᠬᠤᠶ ᠪᠠᠢᠳᠠᠯ ᠢ᠋ ᠬᠠᠢᠨ ᠰᠦᠪᠡᠭ᠌ᠴᠢᠯᠡᠵᠦ᠂ ᠬᠣᠲᠠ ᠶ᠋ᠢᠨ ᠠᠷᠠᠳ ᠤ᠋ᠨ ᠰᠣᠶᠣᠯ ᠤ᠋ᠨ ᠬᠡᠷᠡᠭ᠌ᠴᠡᠭᠡ ᠱᠠᠭᠠᠷᠳᠠᠯᠭ᠎ᠠ ᠲᠠᠶ ᠣᠨᠣᠴᠠᠲᠠᠶ ᠵᠣᠯᠭᠠᠭᠤᠯᠤᠨ᠂ ᠨᠡᠢᠭᠡᠮ ᠤ᠋ᠨ ᠦᠷ᠎ᠡ ᠠᠱᠢᠭ ᠬᠢᠭᠡᠳ ᠠᠵᠤ ᠠᠬᠤᠶ ᠶ᠋ᠢᠨ ᠦᠷ᠎ᠡ ᠠᠱᠢᠭ ᠢ᠋ ᠵᠡᠷᠭᠡ ᠪᠡᠷ ᠪᠤᠳᠤᠯᠬᠢᠯᠠᠵᠤ᠂ ᠥᠪᠡᠷᠲᠡᠭᠡᠨ ᠵᠠᠰᠠᠬᠤ ᠣᠷᠣᠨ ᠤ᠋ ᠲᠣᠭ᠍ᠯᠠᠯᠲᠠ ᠶ᠋ᠢᠨ ᠠᠵᠤ ᠦᠶ᠋ᠯᠡᠰ ᠤ᠋ᠨ ᠴᠢᠨᠠᠷ ᠰᠠᠢᠲᠠᠶ ᠬᠥᠭ᠌ᠵᠢᠯᠲᠡ ᠳ᠋ᠦ ᠱᠢᠨ᠎ᠡ ᠠᠷᠭ᠎ᠠ ᠵᠠᠮ ᠢ᠋ ᠬᠠᠢᠨ ᠰᠦᠪᠡᠭ᠌ᠴᠢᠯᠡᠬᠦ ᠵᠢ ᠵᠤᠷᠢᠭᠰᠠᠨ ᠶᠤᠮ》 ᠬᠡᠵᠦ ᠦᠪᠦᠷ ᠮᠤᠨᠭᠭᠤᠯ᠎ᠤᠨ ᠤᠯᠠᠭᠠᠨ ᠲᠢᠶᠠᠲᠷ ᠲᠤᠭᠯᠠᠯᠳᠠ ᠤᠷᠠᠯᠢᠭ᠎ᠤᠨ ᠬᠠᠷᠢᠭᠤᠴᠠᠯᠭᠠᠳᠦ ᠺᠤᠮᠫᠠᠨᠢ ᠵᠢᠨ ᠬᠡᠷᠡᠭ ᠮᠡᠳᠡᠭᠴᠢ ᠮᠠᠨᠳᠤᠯ᠎ᠠ ᠬᠡᠯᠡᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号