ᠳᠠᠯᠠᠨ ᠬᠠᠷ᠎ᠠ ᠠᠭᠤᠯᠠ᠎ᠶᠢᠨ ᠶᠠᠫᠣᠨ᠎ᠢ ᠡᠰᠡᠷᠭᠦᠴᠡᠬᠦ᠌ ᠫᠠᠷᠲ᠋ᠢᠽᠠᠨ ᠲᠠᠢᠨ᠎ᠤ ᠰᠠᠭᠤᠷᠢᠨ ᠭᠠᠵᠠᠷ
2026-06-16 09:16:45
ᠵᠣᠬᠢᠶᠠᠭ᠍ᠴᠢ᠄
ᠯᠢᠦ ᠸᠸᠨ ᠪᠥᠸᠧ
ᠣᠩᠱᠢᠭ᠍ᠰᠠᠨ ᠣᠳᠠᠭ᠎ᠠ᠄
★★★☆☆

ᠳᠠᠯᠠᠨ ᠬᠠᠷ᠎ᠠ ᠠᠭᠤᠯᠠ ᠪᠣᠯ ᠮᠤᠨᠢ ᠠᠭᠤᠯᠠ ᠨᠢᠷᠤᠭᠤ᠎ᠶᠢᠨ ᠳᠤᠮᠳᠠ ᠬᠡᠰᠡᠭ᠎ᠲᠦ᠍ ᠪᠠᠶ᠋ᠢᠷᠢᠯᠠᠵᠤ᠂ ᠵᠡᠭᠦᠨᠰᠢ ᠪᠠᠷᠠᠭᠤᠨᠰᠢ 350 ᠭᠠᠷᠤᠶ ᠺᠢᠯᠣᠮᠧᠲ᠋ᠷ ᠦᠷᠭᠦᠯᠵᠢᠯᠡᠵᠦ᠍᠂ ᠵᠡᠭᠦᠨᠰᠢ᠎ᠪᠡᠨ ᠵᠢᠨᠢᠩ᠎ᠢ ᠰᠤᠨᠳᠠᠯᠠᠵᠤ᠂ ᠳᠤᠮᠳᠠᠭᠤᠷ᠎ᠵᠢᠡᠨ ᠬᠦᠢᠰᠦ᠋ᠢ ᠲᠠᠢ ᠬᠠᠪᠢᠳᠠᠵᠤ᠂ ᠪᠠᠷᠠᠭᠤᠨᠰᠢ᠎ᠪᠠᠨ ᠪᠤᠭᠤᠲᠤ᠎ᠲᠠᠶ ᠵᠠᠯᠭᠠᠯᠳᠤᠵᠤ᠂ ᠱᠠᠨᠰᠢ ᠭᠠᠨᠰᠦ ᠨᠢᠩᠰᠢᠶᠠ᠎ᠶᠢᠨ ᠬᠢᠵᠠᠭᠠᠷ ᠣᠷᠣᠨ᠎ᠤ ᠬᠣᠶ᠋ᠢᠲᠤ᠌ ᠶᠡᠬᠡ ᠡᠭᠦᠳᠡ᠂ᠮᠣᠩᠭᠣᠯ ᠪᠣᠯᠤᠨ ᠵᠥᠪᠯᠡᠯᠲᠦ᠍᠎ᠳᠤ ᠨᠡᠪᠲᠡᠷᠡᠬᠦ᠌ ᠴᠢᠬᠤᠯᠠ ᠵᠠᠮ ᠮᠥᠨ ᠪᠠᠢᠵᠦ᠂ ᠪᠠᠰᠠ ᠴᠤ᠌ ᠶᠠᠫᠣᠨ᠎ᠤ ᠲᠦᠷᠢᠮᠡᠬᠡᠶ᠋ᠢᠯᠡᠭᠴᠢᠳ᠎ᠦᠨ 《ᠡᠪ ᠬᠠᠮᠲᠤ᠌ ᠨᠠᠮ᠎ᠢ ᠰᠡᠷᠭᠡᠶ᠋ᠢᠯᠡᠬᠦ᠌ ᠣᠨᠴᠠᠭᠠᠶ ᠣᠷᠣᠨ ᠪᠦᠰᠡ》 ᠪᠠᠶ᠋ᠢᠭᠤᠯᠬᠤ᠎ᠪᠠᠷ ᠳᠡᠮᠡᠶ᠋ᠢᠷᠡᠨ ᠭᠣᠷᠢᠳᠠᠵᠤ ᠪᠠᠶ᠋ᠢᠭᠰᠠᠨ ᠭᠠᠵᠠᠷ ᠤᠷᠤᠨ ᠪᠤᠯᠬᠤᠷ᠂ ᠳᠠᠶ᠋ᠢᠰᠤᠨ᠎ᠤ ᠲᠠᠯ᠎ᠠ ᠪᠤᠯᠤᠨ ᠮᠠᠨ᠎ᠤ ᠲᠠᠯ᠎ᠠ᠎ᠳᠤ ᠴᠥᠮ ᠮᠠᠰᠢ ᠴᠢᠬᠤᠯᠠ ᠪᠠᠶ᠋ᠢᠯᠳᠤᠬᠤ ᠪᠣᠳᠣᠯᠭ᠎ᠠ᠎ᠶᠢᠨ ᠠᠴᠢ ᠬᠣᠯᠪᠣᠭᠳᠠᠯ᠎ᠲᠠᠶ ᠪᠠᠢᠵᠠᠢ᠃

ᠮᠠᠤ ᠽᠸ ᠳ᠋ᠦᠩ ᠨᠥᠬᠥᠷ ᠳᠠᠯᠠᠨ ᠬᠠᠷ᠎ᠠ ᠠᠭᠤᠯᠠ᠎ᠶᠢᠨ ᠪᠠᠶ᠋ᠢᠯᠳᠤᠬᠤ ᠪᠣᠳᠣᠯᠭ᠎ᠠ᠎ᠶᠢᠨ ᠦᠨ᠎ᠡ ᠥᠷᠲᠡᠭ᠎ᠲᠦ᠍ ᠬᠤᠷᠴᠠ ᠰᠡᠷᠭᠡᠭ ᠮᠠᠭᠠᠳᠯᠠᠯᠲᠠ ᠬᠢᠵᠠᠢ᠃ 1938 ᠣᠨ᠎ᠤ 3 ᠰᠠᠷ᠎ᠠ᠎ᠶᠢᠨ 30 ᠎ᠤ᠋ ᠡᠳᠦᠷ᠂ ᠲᠡᠷᠡ ᠲᠸᠩ ᠳ᠋ᠠᠢ ᠶᠤᠸᠠᠨ᠎ᠲᠠᠶ ᠬᠠᠮᠲᠤ᠌ ᠾᠧ ᠯᠦᠩ᠂ ᠭᠤᠸᠠᠨ ᠰᠢᠶᠠᠩ ᠶᠢᠩ᠂ ᠰᠢᠶᠤᠤ ᠺᠸ ᠨᠠᠷ᠎ᠡᠴᠡ ᠴᠠᠬᠢᠯᠭᠠᠨ ᠮᠡᠳᠡᠭᠡ᠎ᠪᠡᠷ ᠰᠤᠷᠠᠭᠯᠠᠵᠤ᠂ ᠳᠠᠯᠠᠨ ᠬᠠᠷ᠎ᠠ ᠠᠭᠤᠯᠠ ᠳᠠᠭᠠᠤ ᠨᠡᠭᠦᠳᠡᠯᠯᠡᠨ ᠮᠠᠯᠵᠢᠬᠤ ᠴᠢᠨᠠᠷᠲᠠᠢ ᠮᠣᠷᠢᠲᠤ᠌ ᠴᠡᠷᠢᠭ᠎ᠦᠨ ᠫᠠᠷᠲ᠋ᠢᠽᠠᠨ ᠲᠠᠢᠨ ᠎ᠤ ᠰᠠᠯᠪᠤᠷᠢ ᠠᠩᠬᠢ᠎ᠶᠢ ᠪᠠᠶ᠋ᠢᠭᠤᠯᠵᠤ ᠳᠡᠶ᠋ᠢᠯᠬᠦ᠌ ᠡᠰᠡᠬᠦ᠌᠎ᠶᠢ ᠪᠠᠶ᠋ᠢᠴᠠᠭᠠᠬᠤ᠎ᠶᠢ ᠱᠠᠭᠠᠷᠳᠠᠪᠠ᠃ 4 ᠰᠠᠷ᠎ᠠ᠎ᠶᠢᠨ 18 ᠎ᠤ᠋ ᠡᠳᠦᠷ᠂ ᠲᠡᠷᠡ ᠪᠸᠢ᠌ᠫᠢᠩ ᠡᠴᠡ ᠰᠦᠢᠶᠤᠸᠠᠨ ᠬᠦᠷᠬᠦ ᠲᠡᠮᠤᠷ ᠵᠠᠮ᠎ᠡᠴᠡ ᠤᠮᠠᠷᠠᠰᠢᠬᠢ ᠥᠷᠭᠡᠨ ᠠᠭᠤᠳᠠᠮ ᠭᠠᠵᠠᠷ ᠣᠷᠣᠨ᠎ᠳᠤ ᠫᠠᠷᠲ᠋ᠢᠽᠠᠨ ᠲᠠᠢᠨ᠎ᠤ ᠰᠠᠭᠤᠷᠢᠨ ᠭᠠᠵᠠᠷ ᠪᠠᠶ᠋ᠢᠭᠤᠯᠵᠤ ᠪᠣᠯᠬᠤ ᠡᠰᠡᠬᠦ᠌ ᠲᠤᠬᠠᠢ ᠳᠠᠬᠢᠨᠲᠠ ᠴᠠᠬᠢᠯᠭᠠᠨ ᠮᠡᠳᠡᠭᠡ᠎ᠪᠡᠷ ᠠᠰᠠᠭᠤᠪᠠ᠃ 5 ᠰᠠᠷ᠎ᠠ᠎ᠶᠢᠨ 14 ᠎ᠤ᠋ ᠡᠳᠦᠷ᠂ ᠲᠡᠷᠡ᠄ 《ᠪᠸᠢ᠌ᠫᠢᠩ ᠡᠴᠡ ᠰᠦᠢᠶᠤᠸᠠᠨ ᠬᠦᠷᠬᠦ ᠲᠡᠮᠤᠷ ᠵᠠᠮ᠎ᠡᠴᠡ ᠤᠮᠠᠷᠠᠰᠢ᠂ ᠲᠠᠯᠠᠨ ᠬᠠᠷ᠎ᠠ ᠠᠭᠤᠯᠠ ᠳᠠᠭᠠᠤ ᠫᠠᠷᠲ᠋ᠢᠽᠠᠨ ᠲᠠᠢᠨ᠎ᠦ  ᠰᠠᠭᠤᠷᠢᠨ ᠭᠠᠵᠠᠷ ᠪᠠᠶ᠋ᠢᠭᠤᠯᠬᠤ ᠪᠤᠯ ᠲᠤᠶ᠋ᠢᠯ᠎ᠤᠨ ᠴᠢᠬᠤᠯᠠ ᠶᠤᠮ᠃ ᠲᠠ᠎ᠨᠠᠷ ᠳᠠᠷᠤᠶ ᠲᠦᠷᠭᠡᠨ ᠡᠨᠡ ᠤᠴᠢᠷ᠎ᠢ ᠪᠣᠳᠣᠯᠬᠢᠯᠠᠭᠠᠷᠠᠶ》 ᠭᠡᠵᠦ ᠵᠢᠩᠬᠢᠨᠢ ᠪᠡᠷ ᠵᠢᠭᠠᠪᠦᠷᠢ ᠦᠭᠪᠡ᠃ 6 ᠰᠠᠷ᠎ᠠ᠎ᠶᠢᠨ 11 ᠎ᠤ᠋ ᠡᠳᠦᠷ᠂ ᠲᠡᠷᠡ 《ᠰᠠᠭᠤᠷᠢᠨ ᠭᠠᠵᠠᠷ ᠢ᠋ ᠪᠠᠶ᠋ᠢᠭᠤᠯᠬᠤ ᠦᠶ᠎ᠡ᠎ᠳᠦ᠂ ᠳᠠᠶ᠋ᠢᠰᠤᠨ ᠲᠡᠭᠦᠨ᠎ᠦ ᠴᠢᠬᠤᠯᠠ ᠠᠴᠢ ᠬᠣᠯᠪᠣᠭᠳᠠᠯ᠎ᠢ ᠮᠡᠳ᠋ᠡᠪᠡᠯ᠂ ᠯᠠᠪ ᠤᠯᠠᠨ ᠲᠠᠯ᠎ᠠ᠎ᠪᠠᠷ ᠡᠪᠳᠡᠯᠡᠭᠡ ᠬᠢᠨ᠎ᠡ᠂ ᠡᠶ᠋ᠢᠮᠦ᠎ᠡᠴᠡ ᠴᠡᠷᠢᠭ ᠠᠩᠬᠢ ᠡᠴᠡ ᠡᠷᠬᠡᠪᠰᠢ ᠬᠤᠷᠴᠠ ᠭᠠᠪᠰᠢᠭᠠᠢ ᠴᠡᠷᠢᠭ ᠤ᠋ᠳ ᠢ᠋ ᠰᠣᠩᠭᠣᠬᠤ ᠬᠡᠷᠡᠭᠳᠡᠢ》 ᠭᠡᠵᠦ᠍ ᠴᠢᠬᠤᠯᠠᠴᠢᠯᠠᠪᠠ᠃ ᠤᠯᠠᠨ ᠤᠳᠠᠭ᠎ᠠ ᠰᠠᠨᠠᠯ ᠬᠤᠷᠢᠶᠠᠭᠰᠠᠨ᠎ᠤ ᠲᠠᠷᠠᠭ᠎ᠠ᠂ 11 ᠰᠠᠷ᠎ᠠ᠎ᠶᠢᠨ 24 ᠎ᠤ᠋ ᠡᠳᠦᠷ᠂ ᠲᠡᠷᠡ ᠴᠠᠬᠢᠯᠭᠠᠨ ᠮᠡᠳᠡᠭᠡ ᠶᠠᠪᠤᠭᠤᠯᠵᠤ᠂ ᠲᠠᠯᠠᠨ ᠬᠠᠷ᠎ᠠ ᠠᠭᠤᠯᠠᠨ᠎ᠳᠤ ᠫᠠᠷᠲ᠋ᠢᠽᠠᠨ ᠲᠠᠢᠨ᠎ᠦ ᠰᠠᠭᠤᠷᠢᠨ ᠭᠠᠵᠠᠷ ᠪᠠᠶ᠋ᠢᠭᠤᠯᠬᠤ ᠪᠤᠯᠤᠮᠵᠢ ᠪᠦᠷᠢᠨ; ᠤᠷᠳᠤ ᠬᠤᠭᠤᠴᠠᠭ᠎ᠠ᠎ᠪᠠᠷ ᠫᠠᠷᠲ᠋ᠢᠽᠠᠨ ᠲᠠᠢ᠌ᠨ ᠬᠢᠵᠦ᠍᠂ ᠫᠠᠷᠲ᠋ᠢᠽᠠᠨ ᠲᠠᠢᠨ᠎ᠦ  ᠰᠠᠭᠤᠷᠢᠨ ᠭᠠᠵᠠᠷ ᠪᠠᠶ᠋ᠢᠭᠤᠯᠬᠤ ᠪᠣᠯ ᠨᠠᠮ᠎ᠤᠨ ᠲᠠᠯᠠᠨ ᠬᠠᠷ᠎ᠠ ᠠᠭᠤᠯᠠᠨ ᠣᠷᠣᠨ᠎ᠳᠠᠬᠢ ᠭᠣᠣᠯ ᠡᠭᠦᠷᠭᠡ ᠮᠥᠨ ᠭᠡᠵᠦ ᠵᠢᠭᠠᠵᠤ ᠭᠠᠷᠭᠠᠪᠠ᠃

ᠲᠥᠪ ᠬᠣᠷᠢᠶ᠎ᠠ ᠵᠢᠨ ᠪᠠᠶ᠋ᠢᠷᠢᠯᠠᠭᠤᠯᠤᠯᠲᠠ᠎ᠶᠢ ᠦᠨᠳᠦᠰᠦᠯᠡᠵᠦ᠍᠂ ᠨᠠᠢ᠍ᠮᠠᠳᠤᠭᠠᠷ ᠵᠠᠮ᠎ᠤᠨ ᠴᠡᠷᠢᠭ᠎ᠦᠨ ᠵᠠᠭᠤ ᠬᠣᠷᠢᠳᠤᠭᠠᠷ ᠳ᠋ᠢᠸᠢᠽᠢ ᠳᠠᠯᠠᠨ ᠬᠠᠷ᠎ᠠ ᠠᠭᠤᠯᠠ᠎ᠶᠢᠨ ᠰᠠᠯᠪᠤᠷᠢ ᠠᠩᠬᠢ᠎ᠶᠢ ᠪᠠᠶ᠋ᠢᠭᠤᠯᠵᠤ᠂ ᠯᠢ ᠵᠢᠩ ᠴᠢᠤᠸᠠᠨ ᠺᠤᠮᠠᠨᠳᠠᠯᠠᠭᠴᠢ ᠪᠥᠭᠡᠳ ᠺᠣᠮᠢᠰᠰᠠᠷ᠎ᠤᠨ ᠲᠤᠰᠢᠶᠠᠯ᠎ᠢ ᠬᠠᠷᠢᠭᠤᠴᠠᠵᠤ᠂ ᠶᠣᠣ ᠵᠸ ᠱᠲ᠋ᠠᠪ᠎ᠤᠨ ᠳᠠᠷᠤᠭ᠎ᠠ᠂ ᠫᠸᠩ ᠳ᠋ᠸ ᠳ᠋ᠠ ᠤᠯᠤᠰ ᠲᠦᠷᠦ᠎ᠶᠢᠨ ᠬᠡᠯᠲᠡᠰ᠎ᠦᠨ ᠡᠷᠬᠢᠯᠡᠭᠴᠢ᠎ᠶᠢᠨ ᠲᠤᠰᠢᠶᠠᠯ᠎ᠢ ᠬᠠᠷᠢᠭᠤᠴᠠᠪᠠ᠃ 1938 ᠣᠨ᠎ᠤ 7 ᠰᠠᠷ᠎ᠠ᠎ᠶᠢᠨ 29 ᠎ᠤ᠋ ᠡᠳᠦᠷ᠂ ᠲᠠᠯᠠᠨ ᠬᠠᠷ᠎ᠠ ᠠᠭᠤᠯᠠ᠎ᠶᠢᠨ ᠰᠠᠯᠪᠤᠷᠢ ᠠᠩᠬᠢ᠂ ᠳᠥᠷᠪᠡᠳᠦᠭᠡᠷ ᠰᠠᠯᠪᠤᠷᠢ ᠠᠩᠬᠢ ᠪᠣᠯᠤᠨ ᠶᠡᠷᠦᠩᠬᠡᠢ ᠬᠥᠳᠡᠯᠭᠡᠭᠡᠨ᠎ᠦ ᠵᠥᠪᠯᠡᠯ᠎ᠦᠨ ᠺᠠᠳ᠋ᠷ᠎ᠤᠨ ᠠᠩᠬᠢ᠎ᠶᠢᠨ 2300 ᠭᠠᠷᠤᠢ ᠬᠥᠮᠦᠨ ᠲᠠᠯᠠᠨ ᠬᠠᠷ᠎ᠠ ᠠᠭᠤᠯᠠᠨ᠎ᠳᠤ ᠬᠦᠷᠬᠦ᠌ ᠠᠶᠠᠨ ᠵᠠᠮ᠎ᠳᠤ ᠮᠣᠷᠳᠠᠪᠠ᠃ ᠴᠡᠷᠢᠭ ᠠᠩᠬᠢ ᠠᠩᠬ᠎ᠠ ᠤᠳᠠᠭ᠎ᠠ ᠤᠮᠠᠷᠠᠰᠢ ᠮᠣᠷᠳᠠᠭᠠᠳ ᠲᠠᠷᠤᠢ ᠶᠠᠫᠣᠨ ᠴᠡᠷᠢᠭ᠂ ᠬᠠᠭᠤᠷᠮᠠᠭ ᠴᠡᠷᠢᠭ᠎ᠲᠦ᠍ ᠪᠦᠰᠡᠯᠡᠭᠳᠡᠵᠦ᠍᠂ ᠪᠦᠰᠡᠯᠡᠯᠲᠡ᠎ᠶᠢ ᠰᠢᠪᠲᠤᠯᠤᠭᠰᠠᠨ᠎ᠤ ᠳᠠᠷᠠᠭ᠎ᠠ ᠫᠢᠶᠠᠨ ᠭᠤᠸᠠᠨ ᠪᠣᠭᠣᠮᠲᠠ᠎ᠳ᠋ᠤ ᠬᠦᠷᠴᠦ ᠪᠠᠶ᠋ᠢᠯᠳᠤᠪᠠ; 8 ᠰᠠᠷ᠎ᠠ᠎ᠶᠢᠨ ᠳᠤᠮᠳᠠᠴᠢ᠎ᠪᠠᠷ ᠴᠡᠷᠢᠭ ᠠᠩᠬᠢ ᠬᠣᠶᠠᠳᠤᠭᠠᠷ ᠤᠳᠠᠭ᠎ᠠ ᠤᠮᠠᠷᠠᠰᠢ ᠮᠣᠷᠳᠠᠵᠤ᠂ ᠰᠥᠨᠢ ᠳᠦᠯᠢ᠎ᠪᠡᠷ ᠲᠢᠶᠠᠨ ᠴᠧᠩ ᠲᠤᠰᠬᠤᠨ ᠤ᠋ ᠳᠠᠶ᠋ᠢᠰᠤᠨ᠎ᠤ ᠰᠠᠭᠤᠷᠢᠨ᠎ᠢ ᠭᠡᠨᠡᠳᠡᠭᠦᠯᠦᠨ ᠲᠠᠭᠠᠷᠢᠵᠤ᠂ ᠵᠠᠭᠤ ᠭᠠᠷᠤᠢ ᠳᠠᠶ᠋ᠢᠰᠤᠨ᠎ᠢ ᠰᠥᠨᠥᠭᠡᠭᠰᠡᠨ᠎ᠦ ᠳᠠᠷᠠᠭ᠎ᠠ᠂ ᠳᠠᠯᠠᠨ ᠬᠠᠷ᠎ᠠ ᠠᠭᠤᠯᠠᠨ᠎ᠳᠤ ᠳᠠᠭᠠᠷᠢᠨ ᠣᠷᠣᠪᠠ᠃ 10 ᠰᠠᠷ᠎ᠠ᠎ᠳᠤ᠂ ᠴᠡᠷᠢᠭ ᠠᠩᠬᠢ ᠨᠢ ᠶᠠᠩ ᡁᠢ ᠯᠢᠨ᠂ ᠯᠢᠦ ᠬᠣᠩ ᠰᠢᠶᠦ᠋ᠩ ᠨᠠᠷ᠎ᠦᠨ ᠤᠳᠤᠷᠢᠳᠤᠭᠰᠠᠨ ᠶᠠᠫᠣᠨ᠎ᠢ ᠡᠰᠡᠷᠭᠦᠴᠡᠬᠦ᠌ ᠬᠣᠷᠢᠶ᠎ᠠ᠎ᠲᠠᠶ ᠰᠦᠢᠶᠤᠸᠠᠨ᠎ᠤ ᠳᠤᠮᠳᠠ ᠬᠡᠰᠡᠭ᠎ᠦᠨ ᠮᠢᠶᠠᠨ ᠫᠦ ᠶᠣᠣᠽᠢ᠎ᠳᠤ ᠢᠯᠠᠯᠲᠠ᠎ᠲᠠᠶ᠎ᠪᠠᠷ ᠴᠡᠷᠢᠭ ᠨᠡᠶ᠋ᠢᠯᠡᠵᠦ᠍᠂ 12 ᠰᠠᠷ᠎ᠠ ᠪᠣᠯᠬᠤ᠎ᠳᠤ᠂ ᠰᠦᠢᠶᠤᠸᠠᠨ᠎ᠤ ᠳᠤᠮᠳᠠ ᠬᠡᠰᠡᠭ᠂ ᠰᠦᠢᠶᠤᠸᠠᠨ᠎ᠤ ᠪᠠᠷᠠᠭᠤᠨ ᠬᠡᠰᠡᠭ᠂ ᠰᠦᠢᠶᠤᠸᠠᠨ᠎ᠤ ᠡᠮᠦᠨᠡᠲᠦ᠍ ᠬᠡᠰᠡᠭ᠎ᠦᠨ ᠫᠠᠷᠲ᠋ᠢᠽᠠᠨ ᠣᠷᠣᠨ᠎ᠢ ᠪᠠᠭᠲᠠᠭᠠᠭᠰᠠᠨ ᠲᠠᠯᠠᠨ ᠬᠠᠷ᠎ᠠ ᠠᠭᠤᠯᠠ᠎ᠶᠢᠨ ᠶᠠᠫᠣᠨ᠎ᠢ ᠡᠰᠡᠷᠭᠦᠴᠡᠬᠦ᠌ ᠫᠠᠷᠲ᠋ᠢᠽᠠᠨ ᠲᠠᠢᠨ᠎ᠦ ᠰᠠᠭᠤᠷᠢᠨ ᠭᠠᠵᠠᠷ᠎ᠢ ᠠᠮᠵᠢᠯᠲᠠᠲᠠᠢ ᠪᠠᠢᠭᠤᠯᠪᠠ᠃

ᠳᠠᠯᠠᠨ ᠬᠠᠷ᠎ᠠ ᠠᠭᠤᠯᠠᠨ ᠣᠷᠣᠨ᠎ᠤ ᠠᠭᠤᠯᠠᠷᠬᠠᠭ ᠭᠠᠵᠠᠷ ᠵᠠᠯᠭᠠᠯᠳᠤᠵᠤ᠂ 《ᠮᠣᠷᠢᠲᠤ᠌ ᠴᠡᠷᠢᠭ ᠠᠵᠢᠯᠯᠠᠭ᠎ᠠ ᠬᠢᠬᠦ᠌᠎ᠳᠦ ᠬᠠᠮᠤᠭ᠎ᠡᠴᠡ ᠲᠣᠬᠢᠷᠠᠮᠵᠢᠲᠠᠶ᠂ ᠶᠠᠪᠠᠭᠠᠨ ᠴᠡᠷᠢᠭ ᠬᠠᠷᠢᠨ ᠲᠤᠬᠢᠷᠠᠬᠤ ᠦᠭᠡᠶ》᠂ ᠳᠠᠶ᠋ᠢᠰᠤᠨ᠎ᠤ ᠮᠠᠰᠢᠨ ᠲᠡᠷᠭᠡ ᠪᠣᠯᠤᠨ ᠮᠣᠷᠢᠲᠤ᠌ ᠴᠡᠷᠢᠭ ᠣᠷᠣᠵᠤ ᠭᠠᠷᠬᠤ᠎ᠳᠤ ᠳᠥᠭᠥᠮ ᠪᠣᠯᠬᠣᠷ ᠮᠠᠨ᠎ᠤ ᠶᠠᠪᠠᠭᠠᠨ ᠴᠡᠷᠢᠭ ᠳᠠᠶ᠋ᠢᠰᠤᠨ᠎ᠲᠠᠶ ᠲᠤᠯᠤᠯᠳᠤᠬᠤ᠎ᠳᠤ ᠬᠦᠴᠢᠷᠲᠡᠶ ᠪᠠᠶ᠋ᠢᠪᠠ᠃ 1939 ᠣᠨ᠎ᠤ ᠵᠤᠨ᠂ ᠨᠠᠢ᠍ᠮᠠᠳᠤᠭᠠᠷ ᠵᠠᠮ᠎ᠤᠨ ᠴᠡᠷᠢᠭ᠎ᠦᠨ ᠲᠠᠯᠠᠨ ᠬᠠᠷ᠎ᠠ ᠠᠭᠤᠯᠠ᠎ᠶᠢᠨ ᠮᠣᠷᠢᠲᠤ᠌ ᠴᠡᠷᠢᠭ᠎ᠦᠨ ᠰᠠᠯᠪᠤᠷᠢ ᠠᠩᠬᠢ᠎ᠶᠢ ᠵᠢᠩᠬᠢᠨᠢ᠎ᠪᠡᠷ ᠪᠠᠶ᠋ᠢᠭᠤᠯᠵᠤ᠂ 1500 ᠭᠠᠷᠤᠢ ᠵᠢᠯᠤᠭᠤᠳᠤᠬᠴᠢ ᠪᠠᠶ᠋ᠢᠯᠳᠤᠭᠴᠢ᠂ 1471 ᠪᠠᠶ᠋ᠢᠯᠳᠤᠭᠠᠨ᠎ᠤ ᠮᠣᠷᠢ᠎ᠲᠠᠶ ᠪᠣᠯᠪᠠ᠃ ᠪᠦᠷᠢᠨ ᠪᠤᠰᠤ ᠪᠦᠷᠢᠳᠬᠡᠯ᠎ᠢ ᠦᠨᠳᠦᠰᠦᠯᠡᠪᠡᠯ᠂ ᠲᠠᠯᠠᠨ ᠬᠠᠷ᠎ᠠ ᠠᠭᠤᠯᠠᠨ᠎ᠳᠤ ᠲᠠᠭᠠᠷᠢᠨ ᠤᠷᠤᠭᠰᠠᠨ᠎ᠡᠴᠡ 1939 ᠣᠨ᠎ᠤ ᠡᠴᠦᠰ ᠪᠣᠯᠲᠠᠯ᠎ᠠ᠂ ᠮᠠᠨ᠎ᠤ ᠴᠡᠷᠢᠭ ᠨᠡᠢ᠌ᠳᠡ 75 ᠤᠳᠠᠭ᠎ᠠ ᠪᠠᠶ᠋ᠢᠯᠳᠤᠵᠤ᠂ ᠶᠠᠫᠣᠨ ᠴᠡᠷᠢᠭ 483 ᠬᠥᠮᠦᠨ᠂ ᠬᠠᠭᠤᠷᠮᠠᠭ ᠴᠡᠷᠢᠭ 155 ᠬᠥᠮᠦᠨ᠎ᠢ ᠠᠯᠠᠵᠤ ᠰᠢᠷᠬᠠᠲᠤᠭᠤᠯᠵᠤ᠂ ᠶᠠᠫᠣᠨ ᠴᠡᠷᠢᠭ 2 ᠬᠥᠮᠦᠨ᠂ ᠬᠠᠭᠤᠷᠮᠠᠭ ᠴᠡᠷᠢᠭ 141 ᠬᠥᠮᠦᠨ᠎ᠢ ᠣᠯᠵᠠᠯᠠᠵᠤ᠂ ᠶᠠᠫᠣᠨ ᠴᠡᠷᠢᠭ᠂ ᠬᠠᠭᠤᠷᠮᠠᠭ ᠴᠡᠷᠢᠭ᠎ᠲᠦ᠍ ᠬᠦᠴᠦᠲᠡᠢ ᠴᠣᠬᠢᠯᠲᠠ ᠥᠭᠴᠡᠢ᠃

ᠳᠠᠯᠠᠨ ᠬᠠᠷ᠎ᠠ ᠠᠭᠤᠯᠠ᠎ᠶᠢᠨ ᠰᠠᠭᠤᠷᠢᠨ ᠭᠠᠵᠠᠷ᠎ᠤᠨ ᠠᠷᠠᠳᠴᠢᠯᠠᠭᠰᠠᠨ ᠵᠠᠰᠠᠭ᠎ᠤᠨ ᠪᠠᠶ᠋ᠢᠭᠤᠯᠤᠯᠲᠠ ᠢᠯᠡᠳᠲᠡ ᠠᠮᠵᠢᠯᠲᠠ ᠣᠯᠵᠠᠶ᠃ 1938 ᠣᠨ᠎ᠤ 7 ᠰᠠᠷ᠎ᠠ᠎ᠳᠤ᠂ ᠶᠡᠷᠦᠩᠬᠡᠶ ᠬᠥᠳᠡᠯᠭᠡᠭᠡᠨ᠎ᠦ ᠵᠥᠪᠯᠡᠯ ᠪᠠᠶ᠋ᠢᠭᠤᠯᠤᠭᠳᠠᠵᠤ᠂ ᠳᠠᠯᠠᠨ ᠬᠠᠷ᠎ᠠ ᠠᠭᠤᠯᠠ᠎ᠶᠢᠨ ᠰᠠᠯᠪᠤᠷᠢ ᠠᠩᠭᠢ᠎ᠶᠢ ᠳᠠᠭᠠᠵᠤ ᠰᠦᠢᠶᠤᠸᠠᠨ᠎ᠤ ᠳᠠᠶ᠋ᠢᠰᠤᠨ᠎ᠤ ᠡᠵᠡᠯᠡᠭᠰᠡᠨ ᠣᠷᠣᠨ᠎ᠳᠤ ᠬᠦᠷᠴᠦ᠍ ᠠᠵᠢᠯᠯᠠᠪᠠ᠃ 1940 ᠣᠨ᠎ᠤ 8 ᠰᠠᠷ᠎ᠠ᠎ᠳᠤ ᠰᠦᠢᠶᠤᠸᠠᠨ ᠴᠠᠬᠠᠷ᠎ᠤᠨ ᠠᠷᠠᠳ᠎ᠤᠨ ᠲᠥᠯᠥᠭᠡᠯᠡᠭᠴᠢᠳ᠎ᠦᠨ ᠬᠤᠷᠠᠯ ᠬᠤᠷᠠᠯᠳᠤᠵᠤ᠂ ᠱᠠᠨ ᠰᠢ ᠰᠦᠢᠶᠤᠸᠠᠨ᠎ᠤ ᠬᠣᠶᠠᠳᠤᠭᠠᠷ ᠫᠠᠷᠲ᠋ᠢᠽᠠᠨ ᠵᠠᠬᠢᠷᠭ᠎ᠠ᠎ᠵᠢᠨ ᠰᠦᠢᠶᠤᠸᠠᠨ ᠴᠠᠬᠠᠷ᠎ᠲᠤ ᠰᠠᠭᠤᠭ᠎ᠠ ᠬᠡᠷᠡᠭ ᠡᠷᠬᠢᠯᠡᠬᠦ ᠭᠠᠵᠠᠷ᠎ᠢ ᠪᠠᠢᠭᠤᠯᠵᠤ᠂ ᠰᠠᠭᠤᠷᠢᠨ ᠭᠠᠵᠠᠷ᠎ᠤᠨ ᠵᠠᠰᠠᠭ᠎ᠤᠨ ᠪᠠᠢᠭᠤᠯᠤᠯᠲᠠ ᠶᠠᠫᠤᠨ᠎ᠢ ᠡᠰᠡᠷᠭᠦᠴᠡᠬᠦ ᠠᠷᠠᠳᠴᠢᠯᠠᠭᠰᠠᠨ ᠵᠠᠰᠠᠭ᠎ᠤᠨ ᠱᠠᠲᠤᠨ᠎ᠳᠤ ᠣᠷᠣᠵᠠᠢ᠃ 1941 ᠣᠨ᠎ᠤ 4 ᠰᠠᠷ᠎ᠠ᠎ᠶᠢᠨ 15 ᠎ᠤ᠋ ᠡᠳᠦᠷ᠂ ᠨᠠᠮ᠎ᠤᠨ ᠤᠳᠤᠷᠢᠳᠤᠭᠰᠠᠨ ᠰᠦᠢᠶᠤᠸᠠᠨ ᠴᠠᠬᠠᠷ᠎ᠤᠨ ᠵᠠᠬᠢᠷᠭ᠎ᠠ ᠵᠢᠩᠬᠢᠨᠢ᠎ᠪᠡᠷ ᠪᠠᠢᠭᠤᠯᠤᠭᠳᠠᠵᠤ᠂ ᠶᠠᠩ ᡁᠢ ᠯᠢᠨ ᠡᠷᠬᠢᠯᠡᠭᠴᠢ᠎ᠶᠢᠨ ᠲᠤᠰᠢᠶᠠᠯ᠎ᠢ ᠬᠠᠷᠢᠭᠤᠴᠠᠪᠠ᠃ ᠵᠠᠬᠢᠷᠭ᠎ᠠ᠎ᠡᠴᠡ ᠪᠢᠴᠢᠭ ᠮᠠᠲᠧᠷᠢᠶᠠᠯ ᠨᠡᠢᠲᠡᠯᠡᠵᠦ᠂ ᠠᠷᠠᠳᠴᠢᠯᠠᠭᠰᠠᠨ ᠵᠠᠰᠠᠭ᠎ᠤᠨ ᠰᠢᠨᠵᠢ ᠴᠢᠨᠠᠷ ᠪᠠ ᠶᠠᠫᠤᠨ᠎ᠢ ᠡᠰᠡᠷᠭᠦᠴᠡᠬᠦ ᠲᠠᠢ᠍ᠢᠨ᠎ᠢ ᠴᠢᠩᠭᠠᠳᠬᠠᠬᠤ ᠡᠭᠦᠷᠭᠡ᠎ᠶᠢ ᠲᠣᠳᠣᠷᠬᠠᠢᠯᠠᠪᠠ; ᠲᠤᠰᠬᠠᠢ ᠵᠠᠬᠢᠷᠭ᠎ᠠ᠂ ᠰᠢᠶᠠᠨ᠂ ᠲᠣᠭᠣᠷᠢᠭ᠋᠎ᠤᠨ ᠡᠯ᠎ᠡ ᠱᠠᠲᠤᠨ᠎ᠤ ᠶᠠᠫᠤᠨ᠎ᠢ ᠡᠰᠡᠷᠭᠦᠴᠡᠬᠦ ᠠᠷᠠᠳᠴᠢᠯᠠᠭᠰᠠᠨ ᠵᠠᠰᠠᠭ᠎ᠢ ᠠᠯᠬᠤᠮ ᠠᠯᠬᠤᠮ᠎ᠢᠶᠠᠷ ᠪᠠᠢᠭᠤᠯᠵᠤ᠂ ᠲᠣᠰᠬᠣᠨ᠎ᠤ ᠬᠠᠭᠤᠷᠮᠠᠭ ᠵᠠᠰᠠᠭ᠎ᠢ ᠬᠤᠪᠢᠰᠬᠠᠯ᠎ᠤᠨ《ᠬᠣᠶᠠᠷ ᠨᠢᠭᠤᠷᠳᠤ ᠵᠠᠰᠠᠭ》 ᠪᠣᠯᠭᠠᠨ ᠥᠭᠡᠷᠡᠴᠢᠯᠡᠪᠡ; ᠡᠳ᠋᠎ᠦᠨ ᠵᠠᠰᠠᠭ ᠠᠵᠤ ᠠᠬᠤᠢ᠎ᠶᠢᠨ ᠠᠵᠢᠯ᠎ᠢ ᠥᠷᠨᠢᠭᠦᠯᠵᠦ᠂ ᠲᠠᠷᠢᠶᠠᠴᠢᠳ᠎ᠤᠨ ᠳᠠᠷᠤᠭᠠᠰᠤ᠎ᠶᠢ ᠬᠥᠩᠭᠡᠯᠡᠪᠡ; ᠡᠯ᠎ᠡ ᠱᠠᠲᠤᠨ᠎ᠤ ᠵᠠᠰᠠᠭ᠎ᠲᠦ ᠬᠥᠮᠥᠨ᠎ᠦ ᠲᠣᠭ᠎ᠠ᠎ᠪᠠᠷ ᠠᠳᠠᠯᠢ ᠪᠤᠰᠤ ᠫᠠᠷᠲ᠋ᠢᠽᠠᠨ ᠠᠩᠭᠢ᠎ᠶᠢ ᠲᠤᠰ ᠲᠤᠰ ᠪᠠᠢᠭᠤᠯᠪᠠ᠃

ᠳᠠᠯᠠᠨ ᠬᠠᠷ᠎ᠠ ᠠᠭᠤᠯᠠ᠎ᠶᠢᠨ ᠰᠠᠭᠤᠷᠢᠨ ᠭᠠᠵᠠᠷ ᠨᠠᠮ᠎ᠤᠨ ᠦᠨᠳᠦᠰᠦᠲᠡᠨ᠎ᠦ ᠲᠥᠷᠥ᠎ᠶᠢᠨ ᠪᠣᠳᠣᠯᠭ᠎ᠠ᠎ᠶᠢ ᠦᠢᠯᠡᠳᠦᠯᠭᠡᠵᠢᠭᠦᠯᠪᠡ᠃ 1938 ᠣᠨ᠎ᠤ 11 ᠰᠠᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠡᠴᠡ 《ᠰᠦᠢᠶᠤᠸᠠᠨ᠎ᠤ ᠮᠣᠩᠭᠣᠯ᠎ᠤᠨ ᠠᠵᠢᠯ᠎ᠤᠨ ᠲᠤᠬᠠᠢ ᠲᠣᠭᠲᠠᠭᠠᠯ 》 ᠎ᠢ ᠭᠠᠷᠭᠠᠵᠤ᠂ 《ᠮᠣᠩᠭᠣᠯ ᠬᠢᠲᠠᠳ᠎ᠤᠨ ᠠᠯᠢᠪᠠ ᠬᠦᠴᠦᠨ᠎ᠢ ᠰᠡᠷᠭᠦᠭᠡᠨ ᠪᠦᠯᠬᠦᠮᠳᠡᠭᠦᠯᠵᠦ᠂ ᠬᠠᠮᠲᠤ᠎ᠪᠠᠷ ᠶᠠᠫᠤᠨ᠎ᠢ ᠡᠰᠡᠷᠭᠦᠴᠡᠬᠦ》 ᠪᠡᠷ ᠶᠡᠷᠦᠩᠬᠡᠢ ᠡᠭᠦᠷᠭᠡ᠎ᠪᠡᠨ ᠪᠣᠯᠭᠠᠵᠠᠢ᠃ ᠰᠠᠭᠤᠷᠢᠨ ᠭᠠᠵᠠᠷ᠎ᠤᠨ ᠵᠠᠰᠠᠭ᠎ᠤᠨ ᠪᠠᠢᠭᠤᠯᠤᠯᠲᠠ᠎ᠳᠤ ᠲᠤᠰᠬᠠᠢᠯᠠᠨ ᠮᠣᠩᠭᠣᠯ ᠠᠷᠠᠳ᠎ᠤᠨ ᠬᠡᠯᠲᠡᠰ᠂ ᠮᠣᠩᠭᠣᠯ ᠵᠠᠰᠠᠭ᠎ᠤᠨ ᠭᠠᠵᠠᠷ ᠵᠡᠷᠭᠡ ᠦᠨᠳᠦᠰᠦᠲᠡᠨ᠎ᠦ ᠠᠵᠢᠯ᠎ᠤᠨ ᠪᠠᠢᠭᠤᠯᠤᠮᠵᠢ᠎ᠶᠢ ᠪᠠᠢᠭᠤᠯᠵᠤ᠂ ᠮᠣᠩᠭᠣᠯ ᠦᠨᠳᠦᠰᠦᠲᠡᠨ᠎ᠦ ᠤᠯᠠᠨ ᠲᠦᠮᠡᠨ᠂ ᠵᠠᠯᠠᠭᠤᠴᠤᠳ ᠵᠡᠷᠭᠡ ᠡᠯ᠎ᠡ ᠳᠠᠪᠬᠤᠷᠭ᠎ᠠ᠎ᠶᠢᠨ ᠬᠥᠮᠥᠰ᠎ᠦᠨ ᠬᠠᠮᠲᠤ᠎ᠪᠠᠷ ᠶᠠᠫᠤᠨ᠎ᠢ ᠡᠰᠡᠷᠭᠦᠴᠡᠬᠦ᠎ᠶᠢ ᠠᠬᠢᠭᠤᠯᠪᠠ᠃ ᠮᠣᠩᠭᠣᠯ ᠦᠨᠳᠦᠰᠦᠲᠡᠨ᠎ᠦ ᠦ᠋ ᠰᠢᠶᠠᠩ ᠨᠢᠦ᠂ ᠦ᠋ ᠼᠸ ᠯᠣᠣ᠂ ᠦ᠋ ᠱᠧᠩ ᠭᠠ ᠨᠠᠷ ᠴᠡᠷᠢᠭ ᠠᠩᠭᠢ᠎ᠳᠤ ᠴᠡᠷᠢᠭ᠎ᠦᠨ ᠬᠡᠷᠡᠭᠰᠡᠯ ᠴᠤᠭᠯᠠᠭᠤᠯᠤᠨ ᠥᠭᠴᠦ᠂ ᠵᠡᠷ ᠵᠡᠪᠰᠡᠭ ᠰᠤᠮᠤ ᠳᠠᠷᠢ ᠬᠤᠳᠠᠯᠳᠤᠨ ᠠᠪᠴᠤ᠂ ᠰᠢᠷᠬᠠᠲᠠᠨ᠎ᠢ ᠬᠠᠮᠠᠭᠠᠯᠠᠨ᠂ ᠨᠢᠭᠤᠴᠠ ᠮᠡᠳᠡᠭᠡ ᠳᠠᠮᠵᠢᠭᠤᠯᠵᠤ ᠪᠠᠢᠵᠠᠢ᠃ ᠴᠥᠭᠡᠨ ᠪᠤᠰᠤ ᠤᠯᠠᠨ ᠲᠦᠮᠡᠨ ᠶᠠᠫᠤᠨ᠎ᠢ ᠡᠰᠡᠷᠭᠦᠴᠡᠬᠦ ᠪᠡᠬᠢᠯᠡᠯᠲᠡ᠎ᠶᠢᠨ ᠡᠷᠦᠬᠡ ᠪᠣᠯᠵᠤ᠂ ᠮᠠᠰᠢ ᠤᠯᠠᠨ ᠵᠠᠯᠠᠭᠤᠴᠤᠳ ᠪᠡᠶ᠎ᠡ ᠦᠷᠡᠭᠳᠡᠬᠦ᠎ᠡᠴᠡ ᠠᠶᠤᠬᠤ ᠦᠭᠡᠢ᠎ᠪᠡᠷ ᠢᠳᠡᠪᠬᠢᠲᠡᠢ᠎ᠪᠡᠷ ᠴᠡᠷᠢᠭ᠎ᠲᠦ ᠣᠷᠣᠪᠠ᠃

1941—1942 ᠣᠨ᠎ᠳᠤ᠂ ᠶᠠᠫᠤᠨ ᠴᠡᠷᠢᠭ ᠤᠳᠠᠭ᠎ᠠ ᠳᠠᠷᠠᠭᠠᠯᠠᠨ ᠴᠡᠷᠢᠭ᠎ᠦᠨ ᠶᠠᠪᠤᠳᠠᠯ᠎ᠤᠨ 《ᠤᠰᠠᠳᠬᠠᠯᠲᠠ》 ᠪᠠ ᠠᠵᠤ ᠠᠬᠤᠢ᠎ᠶᠢᠨ ᠪᠢᠲᠡᠭᠦᠮᠵᠢᠯᠡᠯ ᠶᠠᠪᠤᠭᠤᠯᠵᠤ᠂ 《ᠭᠤᠷᠪᠠᠨ ᠬᠣᠭᠣᠰᠤᠯᠠᠬᠤ》 ᠲᠥᠷᠥ᠎ᠶᠢᠨ ᠪᠣᠳᠣᠯᠭ᠎ᠠ᠎ᠶᠢ ᠬᠡᠷᠡᠭᠵᠢᠭᠦᠯᠦᠨ᠂ ᠮᠠᠰᠢ ᠣᠯᠠᠨ 《ᠡᠵᠡᠭᠦᠢ ᠣᠷᠣᠨ》 ᠢ᠋ ᠪᠠᠢᠭᠤᠯᠵᠠᠢ᠃ ᠳᠠᠯᠠᠨ ᠬᠠᠷ᠎ᠠ ᠠᠭᠤᠯᠠ᠎ᠶᠢᠨ ᠰᠠᠭᠤᠷᠢᠨ ᠭᠠᠵᠠᠷ ᠬᠠᠮᠤᠭ᠎ᠤᠨ ᠪᠡᠷᠬᠡ ᠬᠠᠲᠠᠭᠤᠵᠢᠯᠲᠠᠢ ᠴᠠᠭ ᠦᠶ᠎ᠡ᠎ᠳᠦ ᠣᠷᠣᠵᠤ᠂ ᠲᠠᠯᠠᠪᠠᠶ ᠨᠢ ᠲᠠᠰᠤᠷᠠᠯᠲᠠ ᠦᠭᠡᠢ ᠪᠠᠭᠠᠰᠴᠤ᠂ ᠴᠡᠷᠢᠭ ᠠᠩᠭᠢ ᠵᠢᠨ ᠬᠦᠮᠦᠨ᠎ᠤ ᠲᠤᠭ᠎ᠠ ᠬᠦᠨᠳᠦ ᠨᠣᠴᠢᠲᠠᠢ ᠬᠠᠰᠤᠭᠳᠠᠵᠤ᠂ ᠵᠠᠰᠠᠭ᠎ᠤᠨ ᠡᠷᠬᠡ ᠪᠣᠯᠣᠨ ᠵᠣᠬᠢᠶᠠᠨ ᠪᠠᠢᠭᠤᠯᠤᠯᠲᠠ ᠬᠦᠨᠳᠦ ᠨᠣᠴᠢᠲᠠᠢ ᠡᠪᠳᠡᠭᠳᠡᠵᠦ᠂ ᠦᠯᠡᠮᠵᠢ ᠣᠯᠠᠨ ᠨᠠᠮ᠎ᠤᠨ ᠰᠢᠯᠢᠳᠡᠭ ᠺᠠᠳ᠋ᠷ ᠡᠷᠡᠯᠬᠡᠭ ᠪᠠᠭᠠᠲᠤᠷᠯᠢᠭ᠋᠎ᠢᠶᠠᠷ ᠪᠡᠶ᠎ᠡ ᠦᠷᠡᠭᠳᠡᠪᠡ᠃ 1943 ᠣᠨ᠎ᠤ 6 ᠰᠠᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠮᠠᠷᠠᠲᠤ ᠣᠷᠣᠨ᠎ᠤ ᠠᠵᠢᠯᠯᠠᠬᠤ ᠬᠣᠷᠢᠶ᠎ᠠ᠎ᠡᠴᠡ ᠬᠡᠳᠦᠨ ᠰᠠᠯᠠᠭ᠎ᠠ ᠵᠡᠪᠰᠡᠭᠲᠦ ᠠᠵᠢᠯᠯᠠᠬᠤ ᠠᠩᠭᠢ᠎ᠶᠢ ᠵᠣᠬᠢᠶᠠᠨ ᠪᠠᠢᠭᠤᠯᠵᠤ ᠳᠠᠢᠰᠤᠨ᠎ᠤ ᠡᠵᠡᠯᠡᠭᠰᠡᠨ ᠣᠷᠣᠨ᠎ᠳᠤ ᠭᠦᠨᠵᠡᠭᠡᠢᠷᠡᠨ ᠳᠠᠢᠰᠤᠨ᠎ᠳᠤ ᠴᠣᠬᠢᠯᠲᠠ ᠥᠭᠬᠦ᠎ᠪᠡᠷ ᠲᠣᠭᠲᠠᠪᠠ᠃ ᠳᠠᠯᠠᠨ ᠬᠠᠷ᠎ᠠ ᠠᠭᠤᠯᠠ᠎ᠶᠢᠨ ᠡᠯ᠎ᠡ ᠭᠠᠵᠠᠷ᠎ᠤᠨ ᠵᠡᠪᠰᠡᠭᠲᠦ ᠠᠵᠢᠯᠯᠠᠬᠤ ᠠᠩᠭᠢ᠂ ᠫᠠᠷᠲ᠋ᠢᠽᠠᠨ ᠠᠩᠭᠢ ᠪᠣᠯᠣᠨ ᠮᠣᠷᠢᠲᠤ ᠴᠡᠷᠢᠭ ᠠᠩᠭᠢ ᠨᠢᠭ᠍ᠲᠠ ᠬᠠᠮᠵᠢᠯᠴᠠᠵᠤ᠂ ᠶᠠᠫᠤᠨ᠎ᠢ ᠡᠰᠡᠷᠭᠦᠴᠡᠵᠦ᠂ 1944 ᠣᠨ᠎ᠤ 8 ᠰᠠᠷ᠎ᠠ ᠪᠣᠯᠬᠤ᠎ᠳᠤ ᠰᠠᠭᠤᠷᠢᠨ ᠭᠠᠵᠠᠷ᠎ᠢ ᠦᠨᠳᠦᠰᠦᠨ᠎ᠳᠡᠭᠡᠨ 1942 ᠣᠨ᠎ᠤ ᠨᠠᠮᠤᠷ᠎ᠤᠨ ᠦᠶ᠎ᠡ ᠎ᠶᠢᠨ ᠬᠢ ᠪᠣᠯᠲᠠᠯ᠎ᠠ ᠰᠡᠷᠭᠦᠭᠡᠪᠡ; 1945 ᠣᠨ᠎ᠤ ᠭᠡᠳᠡᠷᠬᠦ ᠳᠠᠭᠠᠷᠢᠯᠲᠠ᠎ᠡᠴᠡ ᠡᠮᠦᠨᠡᠬᠡᠨ᠂ ᠪᠸᠢᠢᠫᠢᠩ — ᠰᠦᠢᠶᠤᠸᠠᠨ ᠲᠡᠮᠦᠷ ᠵᠠᠮ᠎ᠤᠨ ᠪᠠᠷᠠᠭᠤᠨ ᠬᠡᠰᠡᠭ᠎ᠦᠨ ᠶᠠᠫᠤᠨ ᠴᠡᠷᠢᠭ᠂ ᠬᠠᠭᠤᠷᠮᠠᠭ ᠴᠡᠷᠢᠭ᠎ᠢ ᠨᠢᠭᠡᠨᠲᠡ ᠪᠦᠰᠡᠯᠡᠬᠦ ᠪᠠᠢᠳᠠᠯ᠎ᠲᠠᠢ ᠪᠣᠯᠪᠠ᠃ ᠶᠠᠫᠤᠨ ᠳᠡᠭᠡᠷᠡᠮ᠎ᠲᠠᠢ ᠬᠢᠭᠰᠡᠨ ᠡᠴᠦᠰ᠎ᠦᠨ ᠪᠠᠢᠯᠳᠤᠭᠠᠨ᠎ᠳᠤ᠂ ᠲᠠᠯᠠᠨ ᠬᠠᠷ᠎ᠠ ᠠᠭᠤᠯᠠ᠎ᠶᠢᠨ ᠶᠠᠫᠤᠨ᠎ᠢ ᠡᠰᠡᠷᠭᠦᠴᠡᠬᠦ ᠵᠡᠪᠰᠡᠭᠲᠦ ᠬᠦᠴᠦᠨ ᠭᠣᠣᠯ ᠬᠦᠴᠦᠨ᠎ᠲᠠᠢ ᠬᠠᠮᠵᠢᠯᠴᠠᠨ ᠪᠦᠬᠦ ᠲᠠᠯ᠎ᠠ᠎ᠶᠢᠨ ᠬᠡᠳᠡᠷᠬᠦ ᠳᠠᠭᠠᠷᠢᠯᠲᠠ ᠬᠢᠵᠦ᠂ ᠶᠠᠫᠤᠨ᠎ᠢ ᠡᠰᠡᠷᠭᠦᠴᠡᠬᠦ ᠲᠠᠢ᠍ᠢᠨ᠎ᠦ ᠢᠯᠠᠯᠲᠠ᠎ᠶᠢ ᠣᠯᠬᠤ᠎ᠳᠤ ᠴᠢᠬᠤᠯᠠ ᠬᠤᠪᠢ ᠨᠡᠮᠡᠷᠢ ᠦᠵᠡᠭᠦᠯᠪᠡ᠃

ᠳᠠᠯᠠᠨ ᠬᠠᠷ᠎ᠠ ᠠᠭᠤᠯᠠ᠎ᠶᠢᠨ ᠶᠠᠫᠤᠨ᠎ᠢ ᠡᠰᠡᠷᠭᠦᠴᠡᠬᠦ ᠫᠠᠷᠲ᠋ᠢᠽᠠᠨ ᠲᠠᠢᠨ᠎ᠦ ᠰᠠᠭᠤᠷᠢᠨ ᠭᠠᠵᠠᠷ ᠱᠠᠨᠰᠢ ᠭᠠᠨᠰᠤ ᠨᠢᠩᠰᠢᠶᠠ᠎ᠶᠢᠨ ᠬᠢᠵᠠᠭᠠᠷ ᠣᠷᠣᠨ᠎ᠤ ᠬᠣᠢᠲᠤ ᠬᠠᠭᠠᠯᠭ᠎ᠠ᠎ᠶᠢ ᠰᠠᠬᠢᠵᠤ᠂ ᠱᠠᠨ ᠰᠢ᠎ᠶᠢᠨ ᠪᠠᠷᠠᠭᠤᠨ ᠬᠣᠢᠲᠤ ᠬᠡᠰᠡᠭ᠎ᠦᠨ ᠶᠠᠫᠤᠨ᠎ᠢ ᠡᠰᠡᠷᠭᠦᠴᠡᠬᠦ ᠰᠠᠭᠤᠷᠢᠨ ᠭᠠᠵᠠᠷ᠎ᠤᠨ ᠠᠮᠤᠷ ᠲᠦᠪᠰᠢᠨ᠎ᠢ ᠪᠠᠲᠤᠯᠠᠵᠤ᠂ ᠶᠠᠫᠤᠨ᠎ᠤ ᠲᠦᠷᠢᠮᠡᠬᠡᠢᠯᠡᠭᠴᠢᠳ᠎ᠦᠨ ᠪᠠᠷᠠᠭᠤᠨᠰᠢ ᠲᠦᠷᠢᠵᠦ ᠡᠮᠦᠨᠡᠰᠢ ᠪᠠᠭᠤᠬᠤ ᠭᠣᠷᠢᠳᠠᠯᠭ᠎ᠠ᠎ᠶᠢ ᠪᠦᠲᠦᠮᠵᠢᠲᠡᠶ ᠬᠣᠷᠢᠭ᠍ᠯᠠᠵᠤ᠂ ᠨᠠᠮ᠎ᠤᠨ ᠲᠥᠪ ᠬᠣᠷᠢᠶᠠᠨ᠎ᠤ ᠣᠯᠭᠣᠭᠰᠠᠨ ᠢᠷᠠᠭᠤ ᠠᠯᠳᠠᠷᠲᠤ ᠡᠭᠦᠷᠭᠡ᠎ᠶᠢ ᠲᠡᠭᠦᠰ ᠠᠮᠵᠢᠯᠲᠠ᠎ᠲᠠᠢ ᠪᠡᠶᠡᠯᠡᠭᠦᠯᠪᠡ᠃ ᠡᠨᠡ ᠬᠦ᠌ ᠭᠡᠷᠡᠯ ᠰᠠᠴᠤᠷᠠᠨᠭᠭᠤᠢ ᠲᠡᠤᠬᠡ ᠪᠢᠳᠡᠨ᠎ᠳᠤ ᠨᠠᠮ᠎ᠤᠨ ᠤᠳᠤᠷᠢᠳᠤᠯᠭ᠎ᠠ ᠪᠣᠯ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠦᠨᠳᠦᠰᠦᠨ ᠪᠠᠲᠤᠯᠠᠭ᠎ᠠ ᠮᠥᠨ᠂ ᠦᠨᠳᠦᠰᠦᠲᠡᠨ᠎ᠦ ᠪᠦᠯᠬᠦᠮᠳᠡᠯ ᠪᠣᠯ ᠳᠠᠢᠰᠤᠨ᠎ᠢ ᠳᠠᠷᠤᠵᠤ ᠢᠯᠠᠯᠲᠠ ᠣᠯᠬᠤ᠎ᠶᠢᠨ ᠵᠠᠩᠭᠢᠯᠠᠭ᠎ᠠ᠎ᠶᠢᠨ ᠡᠷᠳᠡᠨᠢ ᠮᠥᠨ᠃ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠲᠠᠰᠤᠷᠠᠯᠲᠠ ᠦᠭᠡᠢ ᠪᠠᠲᠤ ᠴᠣᠭᠴᠠᠯᠠᠵᠤ᠂ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠰᠢᠨ᠎ᠡ ᠠᠶᠠᠨ᠎ᠳᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠦᠷᠭᠦᠯᠵᠢᠯᠡᠨ ᠪᠢᠴᠢᠭᠯᠡᠬᠦ ᠬᠡᠷᠡᠭᠲᠡᠢ ᠭᠡᠳᠡᠭ᠎ᠢ ᠮᠡᠳᠡᠷᠡᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号