ᠥᠪᠥᠷ ᠮᠣᠩᠭᠣᠯ ᠤ᠋ᠨ ᠵᠠᠮ ᠬᠠᠷᠢᠯᠴᠠᠭᠠᠨ ᠤ᠋ ᠪᠦᠯᠦᠭ᠌ᠯᠡᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠬᠢᠭᠡᠳ ᠲᠣᠭᠠᠴᠢᠯᠠᠯᠲᠠ ᠢ᠋ᠢ ᠠᠭᠤᠰᠤᠯᠴᠠᠭᠤᠯᠤᠨ ᠬᠦᠭᠵᠢᠬᠦᠯᠬᠦ ᠵᠢ ᠪᠦᠬᠦ ᠲᠠᠯ᠎ᠠ ᠪᠡᠷ ᠪᠠᠢᠷᠢᠯᠠᠭᠤᠯᠵᠠᠢ
2026-06-16 10:11:41
ᠵᠣᠬᠢᠶᠠᠭ᠍ᠴᠢ᠄
ᠦᠨᠢᠷ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ ᠤ᠋ᠨ ᠵᠠᠮ ᠬᠠᠷᠢᠯᠴᠠᠭᠠᠨ ᠤ᠋ ᠪᠦᠯᠦᠭ᠌ᠯᠡᠯ ᠤᠢᠷ᠎ᠠ ᠳ᠋ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠢ᠋ᠢ ᠡᠭᠦᠳᠬᠦ᠌ ᠬᠥᠭ᠌ᠵᠢᠯᠲᠡ ᠢ᠋ᠢᠨ ᠶᠡᠬᠡ ᠬᠤᠷᠠᠯ ᠬᠢᠵᠤ᠂ 《ᠠᠷᠪᠠᠨ ᠳᠥᠷᠪᠡᠳᠦᠭᠡᠷ ᠲᠠᠪᠤᠨ ᠵᠢᠯ 》 ᠤ᠋ᠨ ᠬᠤᠭᠤᠴᠠᠭᠠᠨ ᠳ᠋ᠠᠬᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠢ᠋ᠢ ᠡᠭᠦᠳᠦᠭ᠌ᠰᠡᠨ ᠦᠷ᠎ᠡ ᠪᠦᠲᠦᠭᠡᠯ ᠵᠢᠡᠨ ᠳ᠋ᠦᠩᠨᠡᠵᠦ᠍᠂ 《ᠠᠷᠪᠠᠨ ᠲᠠᠪᠤᠳᠤᠭᠠᠷ ᠲᠠᠪᠤᠨ ᠵᠢᠯ 》 ᠤ᠋ᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠬᠢᠭᠡᠳ ᠲᠣᠭᠠᠴᠢᠯᠠᠯᠲᠠ ᠢ᠋ᠢ ᠠᠭᠤᠰᠤᠯᠴᠠᠭᠤᠯᠤᠨ ᠬᠦᠭᠵᠢᠬᠦᠯᠬᠦ ᠠᠵᠢᠯ ᠢ᠋ ᠪᠦᠬᠦ ᠲᠠᠯ᠎ᠠ ᠪᠡᠷ ᠪᠠᠢᠷᠢᠯᠠᠭᠤᠯᠪᠠ᠃

《ᠠᠷᠪᠠᠨ ᠳᠥᠷᠪᠡᠳᠦᠭᠡᠷ ᠲᠠᠪᠤᠨ ᠵᠢᠯ 》 ᠤ᠋ᠨ ᠬᠤᠭᠤᠴᠠᠭᠠᠨ ᠳ᠋ᠤ᠂ ᠥᠪᠥᠷ ᠮᠣᠩᠭᠣᠯ ᠤ᠋ᠨ ᠵᠠᠮ ᠬᠠᠷᠢᠯᠴᠠᠭᠠᠨ ᠤ᠋ ᠪᠦᠯᠦᠭ᠌ᠯᠡᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠢ᠋ᠢ ᠡᠭᠦᠳᠬᠦ᠌ ᠢ᠋ᠢ ᠭᠤᠤᠯ ᠪᠠᠢᠷᠢᠨ ᠳ᠋ᠤ ᠲᠠᠯᠪᠢᠵᠤ᠂ ᠮᠤᠵᠢ ᠶᠠᠮᠤᠨ ᠤ᠋ ᠲᠠᠰ ᠤ᠋ᠨ ᠰᠤᠳᠤᠯᠭᠠᠨ ᠤ᠋ ᠰᠡᠳᠦᠪ ᠢ᠋ ᠨᠡᠢᠲᠡ 57 ᠡᠭᠦᠷᠭᠡᠯᠡᠨ᠂ ᠣᠯᠠᠨ ᠤᠯᠤᠰ ᠪᠠ ᠤᠯᠤᠰ ᠤ᠋ᠨ ᠡᠭᠦᠳᠦᠨ ᠪᠦᠲᠦᠭᠡᠯᠲᠡ ᠢ᠋ᠢᠨ ᠲᠤᠰᠭᠠᠶ ᠠᠱᠢᠭ ᠢ᠋ ᠱᠢᠨ᠎ᠡ ᠪᠡᠷ 48 ᠤᠯᠵᠤ᠂ ᠮᠤᠵᠢ ᠶᠠᠮᠤᠨ ᠤ᠋ ᠲᠠᠰ ᠤ᠋ᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠨᠢᠭᠡᠳᠦᠭᠡᠷ ᠳᠡᠰ ᠤ᠋ᠨ ᠱᠠᠩᠨᠠᠯ ᠢ᠋ 9 ᠭᠥᠷᠳᠡᠪᠡ᠃ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠲᠠᠰ ᠡᠴᠡ ᠳᠡᠭᠡᠭ᠌ᠰᠢᠬᠢ ᠱᠢᠨ᠎ᠡ ᠢ᠋ᠢ ᠡᠭᠦᠳᠬᠦ᠌ ᠲᠠᠪᠴᠠᠩ ᠢ᠋ 10 ᠭᠠᠷᠤᠶ ᠪᠠᠢᠭᠤᠯᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠬᠡᠯᠪᠡᠷᠢ ᠢ᠋ᠢᠨ ᠠᠵᠤ ᠠᠬᠤᠢᠯᠠᠯ ᠢ᠋ 26 ᠪᠣᠢᠵᠢᠭᠤᠯᠤᠨ᠂ ᠳᠡᠭᠡᠳᠦ ᠲᠠᠰ ᠳᠠᠪᠬᠤᠷᠭ᠎ᠠ ᠢ᠋ᠢᠨ 34 ᠴᠢᠳᠠᠪᠤᠷᠢᠲᠠᠨ ᠢ᠋ ᠪᠡᠶ᠎ᠡ ᠪᠡᠨ ᠳᠠᠭᠠᠭᠠᠨ ᠬᠥᠮᠦᠵᠢᠭᠦᠯᠵᠦ᠍᠂ ᠳᠤᠮᠳᠠᠳᠤ ᠤᠯᠤᠰ ᠤ᠋ᠨ ᠢᠨᠵᠧᠨᠧᠷᠢᠩ ᠤ᠋ᠨ ᠬᠦᠷᠢᠶᠡᠯᠡᠩ ᠤ᠋ᠨ ᠠᠺᠠᠳᠧᠮᠢᠴᠢ ᠵᠡᠷᠭᠡ 13 ᠣᠷᠣᠢᠯᠠᠭ᠍ᠰᠠᠨ ᠲᠤᠰᠭᠠᠶ ᠮᠡᠷᠭᠡᠵᠢᠯᠲᠡᠨ ᠢ᠋ ᠤᠷᠢᠨ ᠠᠪᠴᠢᠷᠠᠵᠠᠶ᠃

《ᠠᠷᠪᠠᠨ ᠲᠠᠪᠤᠳᠤᠭᠠᠷ ᠲᠠᠪᠤᠨ ᠵᠢᠯ 》 ᠤ᠋ᠨ ᠬᠤᠭᠤᠴᠠᠭᠠᠨ ᠳ᠋ᠤ᠂ ᠥᠪᠥᠷ ᠮᠣᠩᠭᠣᠯ ᠤ᠋ᠨ ᠵᠠᠮ ᠬᠠᠷᠢᠯᠴᠠᠭᠠᠨ ᠤ᠋ ᠪᠦᠯᠦᠭ᠌ᠯᠡᠯ ᠤᠢᠷ᠎ᠠ ᠤᠭᠳᠠᠷᠭᠤᠢ ᠵᠢᠨ ᠠᠵᠤ ᠠᠬᠤᠶ᠂ ᠱᠢᠨ᠎ᠡ ᠡᠨᠧᠷᠭᠢ ᠢ᠋ᠢᠨ ᠬᠦᠨᠳᠦ ᠬᠡᠯᠪᠡᠷᠢ ᠢ᠋ᠢᠨ ᠠᠴᠢᠶᠠᠨ ᠤ᠋ ᠮᠠᠱᠢᠨ᠂ ᠤᠶᠤᠨᠲᠤ ᠵᠠᠮ ᠬᠠᠷᠢᠯᠴᠠᠭ᠎ᠠ᠂ ᠤᠰᠤᠲᠥ᠋ᠷᠥᠭ᠌ᠴᠢ ᠡᠨᠧᠷᠭᠢ ᠢ᠋ᠢᠨ ᠬᠡᠷᠡᠭ᠌ᠯᠡᠯᠲᠡ ᠵᠡᠷᠭᠡ ᠬᠦᠷᠢᠶᠡᠨ ᠳ᠋ᠡᠬᠢ ᠭᠤᠤᠯᠯᠠᠬᠤ ᠮᠡᠷᠭᠡᠵᠢᠯ ᠤ᠋ᠨ ᠪᠣᠭᠣᠮᠲᠠ ᠱᠢᠪᠲᠤᠯᠬᠤ᠎ᠠᠵᠢᠯ ᠢ᠋ ᠭᠤᠤᠯᠳᠠᠯᠭ᠎ᠠ ᠲᠠᠢ ᠠᠬᠢᠭᠤᠯᠵᠤ᠂ ᠪᠡᠶ᠎ᠡ ᠪᠡᠨ ᠳᠠᠭᠠᠭᠠᠨ ᠡᠵᠡᠮᠳᠡᠵᠦ᠍ ᠪᠣᠯᠬᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠦᠷ᠎ᠡ ᠪᠦᠲᠦᠭᠡᠯ ᠢ᠋ ᠲᠦᠷᠭᠡᠳᠭᠡᠨ ᠪᠣᠶ ᠪᠣᠯᠭᠠᠨ᠎ᠠ᠃ ᠡᠭᠦᠨ ᠤ᠋ ᠬᠠᠮᠲᠤ᠂ ᠦᠢᠯᠡᠳᠪᠦᠷᠢᠯᠡᠯ ᠵᠢᠭᠠᠨ ᠰᠤᠷᠭᠠᠯᠲᠡ ᠰᠤᠳᠤᠯᠭᠠᠨ ᠪᠠ ᠬᠡᠷᠡᠭᠯᠡᠬᠡᠨ ᠢ᠋ ᠠᠭᠤᠰᠤᠯᠴᠠᠭᠤᠯᠤᠨ᠂《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠢ᠋ᠢ ᠡᠭᠦᠳᠬᠦ᠌᠂ ᠠᠵᠤ ᠦᠶ᠋ᠯᠡᠰ ᠤ᠋ᠨ ᠱᠢᠨ᠎ᠡ ᠢ᠋ᠢ ᠡᠭᠦᠳᠬᠦ᠌᠂ ᠲᠣᠭ᠍ᠲᠠᠴᠠ ᠢ᠋ᠢᠨ ᠰᠢᠨ᠎ᠠ ᠢ᠋ᠢ ᠡᠭᠦᠳᠬᠦ᠂ ᠰᠡᠳᠭᠢᠬᠦᠶ ᠢ᠋ᠢᠨ ᠰᠢᠨ᠎ᠠ ᠢ᠋ᠢ ᠡᠭᠦᠳᠬᠦ 》 ᠢ᠋ᠢ ᠨᠢᠭᠡ ᠴᠤᠭ᠍ᠴᠠᠵᠢᠭᠤᠯᠤᠭ᠍ᠰᠠᠨ ᠱᠢᠨ᠎ᠡ ᠢ᠋ᠢ ᠡᠭᠦᠳᠬᠦ᠌ ᠬᠡᠯᠬᠢᠶ᠎ᠡ ᠢ᠋ᠢ ᠬᠦᠴᠦᠯᠡᠨ ᠪᠠᠢᠭᠤᠯᠵᠤ᠂ 《 ᠨᠢᠭᠡ ᠴᠣᠭ᠍ᠴᠠ᠂ ᠬᠣᠶᠠᠷ ᠣᠷᠣᠨ ᠪᠦᠰᠡ᠂ ᠵᠢᠷᠭᠤᠭᠠᠨ ᠦᠶ᠋ᠯᠡᠰ 》 ᠤ᠋ᠨ ᠬᠥᠭ᠌ᠵᠢᠯᠲᠡ ᠢ᠋ᠢᠨ ᠪᠠᠢᠷᠢᠱᠢᠭᠤᠯᠤᠯᠲᠠ ᠢ᠋ᠢᠨ ᠲᠣᠭᠣᠷᠢᠨ ᠳ᠋ᠤ   《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠡᠬᠦᠳᠦᠯᠳᠡ ᠪᠡᠷ ᠡᠨ᠋ᠸᠷᠬᠢ ᠣᠯᠭᠣᠬᠤ ᠠᠵᠢᠯᠯᠠᠭ᠎ᠠ 》 ᠪᠣᠯᠤᠨ《ᠲᠣᠭᠠᠴᠢᠯᠠᠯᠲᠠ ᠣᠶᠤᠨᠴᠢᠯᠠᠯᠲᠠ ᠲᠠᠢᠰᠢ ᠬᠡᠯᠪᠡᠷᠢ ᠪᠡᠨ ᠬᠤᠪᠢᠷᠠᠭᠤᠯᠬᠤ ᠠᠵᠢᠯᠯᠠᠭ᠎ᠠ 》 ᠢ᠋ᠢ ᠪᠠᠢᠩᠭᠤᠵᠢᠭᠤᠯᠤᠨ ᠬᠡᠷᠡᠭ᠌ᠵᠢᠭᠦᠯᠵᠦ᠍᠂ ᠶᠡᠷᠦᠩᠬᠡᠢᠯᠡᠭ᠌ᠰᠡᠨ ᠵᠠᠮ ᠬᠠᠷᠢᠯᠴᠠᠭᠠᠨ ᠤ᠋ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠢ᠋ᠢ ᠡᠭᠦᠳᠬᠦ᠌ ᠬᠡᠪ ᠳᠠᠭᠤᠷᠢᠶᠠᠯ ᠢ᠋ ᠲᠦᠷᠭᠡᠳᠭᠡᠨ ᠪᠣᠶ ᠪᠣᠯᠭᠠᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号