ᠬᠥᠬᠡᠬᠣᠲᠠ ᠎ᠶ᠋ᠢᠨ ᠠᠵᠤ ᠠᠬᠤᠶ ᠮᠡᠷᠭᠡᠵᠢᠯ ᠎ᠦᠨ ᠨᠡᠭᠡᠭᠡᠯᠲᠡ᠎ᠶ᠋ᠢᠨ ᠲᠣᠭᠣᠷᠢᠭ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠎ᠦᠨ ᠳᠠᠭᠠᠳᠭᠠᠯ ᠎ᠤᠨ ᠬᠠᠮᠢᠶᠠᠷᠤᠯᠲᠠ᠎ᠶ᠋ᠢᠨ ᠠᠷᠭ᠎ᠠ ᠵᠢ ᠬᠡᠷᠡᠭᠵᠢᠬᠦᠯᠪᠡ
2026-06-16 10:13:51
ᠵᠣᠬᠢᠶᠠᠭ᠍ᠴᠢ᠄
ᠪᠠᠢ ᠰᠡᠴᠡᠨ
ᠣᠩᠱᠢᠭ᠍ᠰᠠᠨ ᠣᠳᠠᠭ᠎ᠠ᠄
★★★☆☆

 ᠰᠤᠷᠪᠤᠯᠵᠢᠯᠠᠭ᠍ᠴᠢ ᠬᠥᠬᠡᠬᠣᠲᠠ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠣᠪᠴᠢᠶ᠎ᠠ᠎ᠡᠴᠡ ᠣᠢᠯᠠᠭᠠᠭ᠍ᠰᠠᠨ᠎ᠢᠶᠠᠷ᠂ ᠲᠦᠷᠦᠭᠦᠭᠡᠨ ᠬᠥᠬᠡᠬᠣᠲᠠ ᠎ᠶ᠋ᠢᠨ ᠠᠵᠤ ᠠᠬᠤᠶ ᠮᠡᠷᠭᠡᠵᠢᠯ᠎ᠦᠨ ᠨᠡᠭᠡᠭᠡᠯᠲᠡ᠎ᠶ᠋ᠢᠨ ᠲᠣᠭᠣᠷᠢᠭ 《ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠳᠠᠭᠠᠳᠭᠠᠯ᠎ᠢ ᠬᠡᠷᠡᠭ᠌ᠵᠢᠭᠦᠯᠵᠦ᠍ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠨᠡᠮᠡᠷᠢᠯᠡᠬᠦ᠌ ᠲᠤᠬᠠᠶ ᠬᠠᠮᠢᠶᠠᠷᠤᠯᠲᠠ᠎ᠶ᠋ᠢᠨ ᠠᠷᠭ᠎ᠠ 》 ᠵᠢ ᠳᠠᠷᠤᠮᠠᠯᠯᠠᠨ ᠲᠠᠷᠬᠠᠭᠠᠭ᠍ᠰᠠᠨ ᠪᠥᠭᠡᠳ ᠥᠪᠡᠷᠲᠡᠭᠡᠨ ᠵᠠᠰᠠᠬᠤ ᠣᠷᠣᠨ᠎ᠳᠤ ᠲᠥᠷᠥ᠎ᠶ᠋ᠢᠨ ᠪᠣᠳᠣᠯᠭ᠎ᠠ᠎ᠶ᠋ᠢᠨ《ᠬᠠᠮ ᠠᠷᠭ᠎ᠠ 》 ᠪᠡᠷ ᠬᠦᠴᠦᠨ ᠣᠯᠭᠣᠬᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠡᠯᠪᠡᠷᠢ᠎ᠶ᠋ᠢᠨ ᠠᠵᠤ ᠠᠬᠤᠢᠯᠠᠯ᠎ᠢ ᠪᠥᠬᠥ᠌ ᠬᠡᠯᠬᠢᠶᠡᠵᠢᠭᠦᠯᠦᠨ ᠱᠢᠨ᠎ᠡ᠎ᠶ᠋ᠢ ᠡᠭᠦᠳᠦᠨ ᠬᠥᠭ᠌ᠵᠢᠭᠦᠯᠵᠦ᠍᠂ ᠱᠢᠨ᠎ᠡ ᠴᠢᠨᠠᠷ᠎ᠤᠨ ᠦᠶ᠋ᠯᠡᠳᠪᠦᠷᠢᠯᠡᠯ ᠎ᠦᠨ ᠬᠦᠴᠦᠨ ᠎ᠢ ᠪᠣᠢᠵᠢᠭᠤᠯᠬᠤ᠂ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠮᠥᠩᠭᠥᠨ ᠭᠦᠶ᠋ᠯᠭᠡᠭᠡᠨ᠎ᠦ ᠬᠥᠳᠡᠯᠭᠡᠬᠦ᠌ ᠬᠦᠴᠦᠨ ᠨᠡᠮᠡᠷᠢᠯᠡᠪᠡ᠃

ᠣᠢᠯᠠᠭᠠᠭ᠍ᠰᠠᠨ᠎ᠢᠶᠠᠷ᠂ ᠲᠣᠰ ᠬᠠᠮᠢᠶᠠᠷᠤᠯᠲᠠ᠎ᠶ᠋ᠢᠨ ᠠᠷᠭ᠎ᠠ᠎ᠶ᠋ᠢ ᠨᠡᠢᠲᠡᠯᠡᠭ᠌ᠰᠡᠨ ᠨᠢ ᠠᠵᠤ ᠠᠬᠤᠶ᠎ᠶ᠋ᠢᠨ ᠨᠡᠭᠡᠭᠡᠯᠲᠡ᠎ᠶ᠋ᠢᠨ ᠲᠤᠭᠤᠷᠢᠭ ᠎ᠦᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠮᠥᠩᠭᠥᠨ ᠭᠦᠶ᠋ᠯᠭᠡᠭᠡᠨ᠎ᠦ ᠬᠦᠷᠢᠶᠡᠨ᠎ᠳᠦ ᠬᠠᠢᠨ ᠰᠦᠪᠡᠭ᠌ᠴᠢᠯᠡᠵᠦ᠍᠂ ᠤᠷᠢᠳ᠎ᠢᠶᠡᠷ ᠬᠡᠷᠡᠭ᠌ᠵᠢᠭᠦᠯᠵᠦ᠍ ᠤᠷᠢᠳ᠎ᠢᠶᠡᠷ ᠲᠤᠷᠱᠢᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠳᠠᠭᠠᠳᠭᠠᠯ ᠬᠢᠭᠡᠳ ᠪᠠᠩᠬᠢ᠂ ᠦᠢᠯᠡᠰ ᠪᠤᠰᠬᠠᠬᠤ ᠪᠠᠯᠠ ᠣᠷᠣᠭᠤᠯᠤᠯᠲᠠ ᠵᠡᠷᠭᠡ ᠮᠥᠩᠭᠥᠨ ᠭᠦᠶ᠋ᠯᠭᠡᠭᠡᠨ᠎ᠦ ᠡᠵᠡᠩᠨᠡᠯᠲᠡ᠎ᠶ᠋ᠢᠨ ᠪᠠᠢᠳᠠᠯ᠎ᠯᠤᠭ᠎ᠠ ᠬᠣᠯᠪᠣᠭᠠᠯᠠᠨ ᠬᠥᠳᠡᠯᠦᠯᠴᠡᠬᠦ᠌᠎ᠶ᠋ᠢ ᠭᠦᠨᠵᠡᠭᠡᠢᠷᠡᠭᠦᠯᠬᠦ᠌᠎ᠪᠡᠷ ᠳᠠᠮᠵᠢᠨ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠡᠯᠪᠡᠷᠢ᠎ᠶ᠋ᠢᠨ ᠠᠵᠤ ᠠᠬᠤᠢᠯᠠᠯ᠎ᠤᠨ 《 ᠲᠦᠭ᠌ᠰᠢᠭᠦᠷᠢ ᠶᠡᠬᠡᠲᠡᠶ᠂ ᠪᠠᠯᠠ ᠬᠤᠷᠠᠮᠳᠤᠭᠤᠯᠬᠤ᠎ᠳᠤ ᠬᠦᠴᠢᠷᠲᠡᠶ᠂ ᠱᠢᠨ᠎ᠡ᠎ᠶ᠋ᠢ ᠡᠭᠦᠳᠬᠦ᠌᠎ᠳᠦ ᠡᠷᠡᠭᠡᠯᠵᠡᠭᠡ ᠶᠡᠬᠡᠲᠡᠶ 》 ᠲᠦᠭ᠌ᠵᠢᠷᠡᠯ᠎ᠢ ᠪᠦᠲᠦᠮᠵᠢᠲᠡᠶ ᠨᠡᠪᠲᠡᠷᠡᠭᠦᠯᠵᠦ᠍᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠂ ᠳᠠᠭᠠᠳᠭᠠᠯ᠂ ᠮᠥᠩᠭᠥᠨ ᠭᠦᠶ᠋ᠯᠭᠡᠭᠡᠨ᠎ᠦ ᠡᠬᠢ ᠪᠠᠶᠠᠯᠢᠭ᠎ᠢ ᠥᠨᠳᠥᠷ ᠪᠦᠲᠦᠮᠵᠢᠲᠡᠶ᠎ᠪᠡᠷ ᠳᠣᠭᠢᠷᠠᠭᠤᠯᠬᠤ᠎ᠶ᠋ᠢ ᠠᠬᠢᠭᠤᠯᠤᠨ᠎ᠠ᠃

ᠬᠠᠮᠢᠶᠠᠷᠤᠯᠲᠠ᠎ᠶ᠋ᠢᠨ ᠠᠷᠭ᠎ᠠ᠎ᠳᠤ 《 ᠵᠠᠰᠠᠭ ᠎ᠤᠨ ᠣᠷᠳᠣᠨ ᠬᠥᠲᠥᠯᠦᠨ ᠵᠢᠯᠣᠭᠣᠳᠭᠤ᠂ ᠵᠠᠬ᠎ᠠ ᠳᠡᠯᠭᠡᠭᠦᠷ᠎ᠢᠶᠡᠷ ᠠᠵᠢᠯᠯᠠᠭᠤᠯᠬᠤ᠂ ᠬᠠᠮᠵᠢᠯᠴᠠᠨ ᠠᠬᠢᠭᠤᠯᠬᠤ᠂ ᠲᠦᠭ᠌ᠰᠢᠭᠦᠷᠢ᠎ᠶ᠋ᠢ ᠰᠡᠷᠭᠡᠢᠯᠡᠬᠦ᠌ 》 ᠵᠠᠷᠴᠢᠮ ᠎ᠢ ᠪᠠᠷᠢᠮᠲᠠᠯᠠᠵᠤ᠂ ᠰᠤᠳᠤᠯᠤᠨ ᠨᠡᠭᠡᠭᠡᠬᠦ᠌᠂ ᠦᠷ᠎ᠡ ᠪᠦᠲᠦᠭᠡᠯ᠎ᠢ ᠤᠨᠳᠤᠤᠰᠢᠭᠤᠯᠬᠤ᠂ ᠮᠡᠳᠡᠯᠭᠡ᠎ᠶ᠋ᠢᠨ ᠦᠮᠴᠢᠯᠡᠯ᠎ᠤᠨ ᠡᠷᠬᠡ᠂ ᠰᠦᠯᠵᠢᠶᠡᠨ ᠎ᠦ ᠠᠮᠤᠷ ᠲᠦᠪᠱᠢᠨ ᠵᠡᠷᠭᠡ ᠪᠥᠬᠥ᠌ ᠬᠡᠯᠬᠢᠶ᠎ᠡ ᠎ᠶ᠋ᠢ ᠬᠠᠮᠤᠷᠤᠭ᠍ᠰᠠᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠳᠠᠭᠠᠳᠭᠠᠯ᠎ᠤᠨ ᠪᠠᠲᠤᠯᠠᠭ᠎ᠠ᠎ᠶ᠋ᠢᠨ ᠱᠢᠰᠲ᠋ᠧᠮ᠎ᠢ ᠪᠠᠢᠭᠤᠯᠬᠤ ᠵᠢᠨ ᠬᠠᠮᠲᠤ ᠲᠥᠷᠥᠯ ᠵᠦᠶ᠋ᠯ᠎ᠦᠨ ᠬᠥᠮᠥᠷᠭᠡ ᠪᠠᠢᠭᠤᠯᠵᠤ᠂ ᠬᠡᠰᠡᠭ ᠠᠵᠤ ᠠᠬᠤᠢᠯᠠᠯ᠎ᠢ ᠰᠣᠩᠭᠣᠨ ᠤᠷᠢᠳ᠎ᠢᠶᠠᠷ  ᠬᠡᠷᠡᠭ᠌ᠵᠢᠭᠦᠯᠵᠦ᠍ ᠤᠷᠢᠳ᠎ᠢᠶᠠᠷ  ᠲᠤᠷᠱᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号