ᠰᠤᠷᠪᠤᠯᠵᠢᠯᠠᠭ᠍ᠴᠢ ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠭᠣᠣᠯᠯᠠᠨ ᠡᠷᠬᠢᠯᠡᠭᠰᠡᠨ 2026 ᠣᠨ ᠤ ᠥᠪᠡᠷᠲᠡᠭᠡᠨ ᠵᠠᠰᠠᠬᠤ ᠣᠷᠣᠨ᠎ᠤ ᠶᠡᠬᠡ ᠳᠡᠭᠡᠳᠦ ᠰᠤᠷᠭᠠᠭᠤᠯᠢ ᠶᠢᠨ ᠠᠵᠢᠯ ᠣᠯᠬᠤ ᠳᠤ ᠬᠦᠴᠢᠷᠲᠡᠢ ᠲᠡᠭᠦᠰᠦᠭᠰᠡᠨ ᠤᠶᠤᠳᠠᠳ ᠢ ᠬᠠᠪᠰᠤᠷᠤᠨ ᠲᠡᠳᠬᠦᠬᠦ ᠠᠵᠢᠯ ᠤᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠥᠪᠥᠷ ᠮᠣᠩᠭᠣᠯ᠎ᠤᠨ ᠡᠳ᠋᠎ᠦᠨ ᠵᠠᠰᠠᠭ ᠠᠵᠤ ᠠᠬᠤᠢ᠎ᠶᠢᠨ ᠶᠡᠬᠡ ᠰᠤᠷᠭᠠᠭᠤᠯᠢ᠎ᠳᠤ ᠶᠠᠪᠤᠭᠳᠠᠪᠠ᠃
ᠬᠤᠷᠠᠯ᠎ᠳ᠋ᠤ ᠵᠡᠭᠦᠨ ᠬᠣᠢᠲᠤ᠎ᠶᠢᠨ ᠪᠠᠭ᠍ᠰᠢ᠎ᠶᠢᠨ ᠶᠡᠬᠡ ᠰᠤᠷᠭᠠᠭᠤᠯᠢ᠎ᠶᠢᠨ ᠰᠤᠷᠤᠭ᠍ᠴᠢᠳ᠎ᠤᠨ ᠠᠵᠢᠯ ᠣᠯᠭᠣᠯᠲᠠ᠎ᠶᠢ ᠵᠢᠯᠤᠭᠣᠳᠬᠤ ᠦᠢᠯᠡᠴᠢᠯᠡᠭᠡᠨ᠎ᠦ ᠲᠥᠪ᠎ᠦᠨ ᠳᠡᠳ᠋ ᠡᠷᠬᠢᠯᠡᠭᠴᠢ ᠯᠢ ᠵᠢᠶᠠᠨ᠎ᠢ ᠤᠷᠢᠵᠤ ᠠᠵᠢᠯ ᠣᠯᠭᠣᠯᠲᠠ᠎ᠶᠢᠨ ᠪᠠᠢᠳᠠᠯ᠎ᠤᠨ ᠵᠠᠳᠠᠯᠤᠯᠲᠠ ᠪᠠ ᠠᠵᠢᠯ ᠣᠯᠭᠣᠯᠲᠠ᠎ᠶᠢᠨ ᠬᠠᠪᠰᠤᠷᠤᠨ ᠲᠡᠳᠬᠦᠬᠦ ᠲᠦᠷᠦ᠎ᠶᠢᠨ ᠪᠣᠳᠣᠯᠭ᠎ᠠ᠎ᠶᠢᠨ ᠲᠠᠢᠯᠤᠮᠵᠢ ᠬᠢᠯᠭᠡᠵᠦ᠂ ᠴᠦᠩᠴᠢᠩ᠎ᠦᠨ ᠪᠠᠭ᠍ᠰᠢ᠎ᠶᠢᠨ ᠶᠡᠬᠡ ᠰᠤᠷᠭᠠᠭᠤᠯᠢ᠎ᠶᠢᠨ ᠨᠠᠮ᠎ᠤᠨ ᠬᠤᠷᠢᠶ᠎ᠠ᠎ᠵᠢᠨ ᠤᠬᠠᠭᠤᠯᠬᠤ ᠬᠡᠯᠲᠡᠰ᠎ᠦᠨ ᠳᠡᠳ᠋ ᠳᠠᠷᠤᠭ᠎ᠠ ᠲᠢᠶᠠᠨ ᠯᠢ ᠠᠵᠢᠯ ᠣᠯᠭᠣᠯᠲᠠ᠎ᠪᠡᠷ ᠬᠠᠪᠰᠤᠷᠤᠨ ᠲᠡᠳᠬᠦᠬᠦ ᠨᠡᠢᠲᠡᠯᠢᠭ ᠲᠤᠷᠰᠢᠯᠭ᠎ᠠ ᠪᠠᠨ ᠬᠤᠪᠢᠶᠠᠯᠴᠠᠪᠠ᠃ ᠡᠭᠦᠨ᠎ᠡᠴᠡ ᠭᠠᠳᠠᠨ᠎ᠠ ᠂ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠶᠡᠬᠡ ᠰᠤᠷᠭᠠᠭᠤᠯᠢ᠂ ᠪᠤᠭᠤᠲᠤ ᠡᠮᠨᠡᠯᠭᠡ᠎ᠶᠢᠨ ᠳᠡᠭᠡᠳᠦ ᠰᠤᠷᠭᠠᠭᠤᠯᠢ᠂ ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠂ ᠲᠦᠩᠯᠢᠶᠣᠣ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠵᠡᠷᠭᠡ ᠣᠷᠣᠨ᠎ᠤ ᠳᠣᠲᠣᠷᠠᠬᠢ ᠶᠡᠬᠡ ᠳᠡᠭᠡᠳᠦ ᠰᠤᠷᠭᠠᠭᠤᠯᠢ᠎ᠨᠤᠭᠤᠳ ᠠᠵᠢᠯ ᠣᠯᠭᠣᠯᠲᠠ᠎ᠶᠢᠨ ᠬᠠᠪᠰᠤᠷᠤᠨ ᠲᠡᠳᠬᠦᠬᠦ ᠠᠵᠢᠯ᠎ᠤᠨ ᠲᠤᠷᠰᠢᠯᠭ᠎ᠠ᠎ᠪᠠᠨ ᠰᠣᠯᠢᠯᠴᠠᠵᠠᠢ ᠃
ᠬᠤᠷᠠᠯ᠎ᠡᠴᠡ᠂ ᠪᠦᠬᠦ ᠤᠷᠤᠨ᠎ᠤ ᠰᠤᠷᠭᠠᠨ ᠬᠥᠮᠦᠵᠢᠯ᠎ᠦᠨ ᠰᠢᠰᠲᠧᠮ᠎ᠦᠨ ᠬᠢᠨ ᠲᠦᠷᠦ᠎ᠶᠢᠨ ᠪᠣᠳᠣᠯᠭ᠎ᠠ᠎ᠶᠢ ᠭᠦᠨᠵᠡᠭᠡᠢ ᠰᠤᠷᠤᠯᠴᠠᠨ ᠨᠠᠷᠢᠨ ᠣᠢᠯᠠᠭᠠᠵᠤ᠂ ᠣᠷᠣᠨ᠎ᠤ ᠳᠣᠲᠣᠨ᠎ᠠ ᠭᠠᠳᠠᠨᠠᠬᠢ ᠲᠡᠷᠢᠭᠦᠨ᠎ᠦ ᠲᠤᠷᠰᠢᠯᠭ᠎ᠠ᠎ᠪᠠᠷ ᠲᠣᠯᠢ ᠪᠣᠯᠭᠠᠵᠤ᠂ ᠳᠤᠲᠠᠭᠤᠳᠠᠯ᠎ᠵᠢᠡᠨ ᠡᠷᠢᠵᠦ᠂ ᠬᠠᠪᠰᠤᠷᠤᠨ ᠲᠡᠳᠬᠦᠬᠦ ᠠᠵᠢᠯ ᠤᠨ ᠲᠤᠰᠬᠠᠢᠵᠢᠭ᠍ᠰᠠᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ; ᠤᠨᠤᠴᠠᠳᠠᠢ ᠦᠢᠯᠡᠴᠢᠯᠡᠵᠦ᠂ ᠶᠠᠳᠠᠭᠤ ᠬᠦᠴᠢᠷᠳᠡᠯᠲᠡᠢ ᠲᠡᠭᠦᠰᠬᠦ ᠰᠤᠷᠤᠭ᠍ᠴᠢᠳ᠎ᠤᠨ ᠰᠠᠭᠤᠷᠢ ᠲᠣᠭ᠎ᠠ ᠪᠣᠯᠣᠨ ᠬᠡᠷᠡᠭᠴᠡᠭᠡ ᠱᠠᠭᠠᠷᠳᠠᠯᠭ᠎ᠠ᠎ᠶᠢ ᠪᠦᠬᠦ ᠲᠠᠯ᠎ᠠ᠎ᠪᠠᠷ ᠣᠢᠯᠠᠭᠠᠵᠤ᠂ ᠬᠥᠳᠡᠯᠦᠩᠭᠦᠢ ᠡᠬᠡ ᠳᠠᠩᠰᠠ ᠪᠠᠢᠭᠤᠯᠵᠤ᠂ ᠨᠢᠭᠡ ᠬᠥᠮᠥᠨ᠎ᠳᠦ ᠨᠢᠭᠡ ᠲᠦᠷᠤ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠵᠤ᠂ ᠪᠦᠬᠦ ᠬᠡᠯᠬᠢᠶ᠎ᠡ ᠶᠢᠨ ᠠᠵᠢᠯ ᠣᠯᠭᠣᠯᠲᠠ᠎ᠶᠢᠨ ᠦᠢᠯᠡᠴᠢᠯᠡᠭᠡ᠎ᠶᠢ ᠲᠡᠭᠦᠯᠳᠡᠷᠵᠢᠭᠦᠯᠵᠦ᠂ AI ᠳᠠᠭᠤᠷᠢᠶᠠᠮᠠᠯ ᠨᠢᠭᠤᠷᠲᠠᠨ ᠰᠢᠯᠭᠠᠯᠲᠠ᠂ ᠣᠶᠤᠨᠲᠤ ᠠᠵᠢᠯ᠎ᠤᠨ ᠪᠠᠢᠷᠢ ᠬᠦᠷᠭᠡᠬᠦ ᠵᠡᠷᠭᠡ ᠠᠷᠭ᠎ᠠ ᠪᠠᠷᠢᠯ᠎ᠤᠨ ᠰᠢᠨ᠎ᠡ᠎ᠵᠢ ᠡᠭᠦᠳᠴᠦ᠂ ᠬᠠᠪᠰᠤᠷᠤᠨ ᠲᠡᠳᠬᠦᠬᠦᠠᠷᠭᠠ ᠬᠡᠮᠵᠢᠶ᠎ᠠ ᠪᠠᠨ ᠨᠡᠩ ᠨᠠᠷᠢᠯᠢᠭ᠋ ᠪᠣᠯᠭᠠᠬᠤ ᠬᠡᠷᠡᠭᠲᠡᠢ; ᠠᠵᠢᠯ ᠣᠯᠭᠣᠯᠲᠠ᠎ᠶᠢᠨ ᠠᠵᠢᠯ᠎ᠤᠨ ᠬᠠᠮᠲᠤᠷᠠᠯᠴᠠᠭ᠎ᠠ᠎ᠶᠢ ᠴᠢᠩᠭᠠᠳᠬᠠᠵᠤ᠂ ᠦᠨᠳᠦᠰᠦᠨ ᠱᠠᠲᠤᠨ᠎ᠤ ᠲᠦᠷᠦᠯ ᠵᠦᠢᠯ᠎ᠢ ᠭᠦᠢᠴᠡᠳ ᠰᠠᠢᠲᠤᠷ ᠬᠡᠷᠡᠭᠯᠡᠵᠦ᠂ ᠲᠡᠭᠦᠰᠦᠭᠰᠡᠨ ᠤᠶᠤᠳᠠᠳ᠎ᠤᠨ ᠦᠨᠳᠦᠰᠦᠨ ᠱᠠᠲᠤᠨ᠎ᠳᠤ ᠬᠦᠷᠴᠦ ᠵᠢᠳᠬᠦᠯ ᠭᠠᠷᠭᠠᠬᠤ ᠵᠢ ᠤᠨᠤᠴᠠᠳᠠᠢ ᠳᠠᠢᠴᠢᠯᠠᠬᠤ ᠬᠡᠷᠡᠭᠲᠡᠢ ᠬᠡᠵᠦ ᠴᠢᠬᠤᠯᠠᠴᠢᠯᠠᠪᠠ᠃