ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠣᠶ ᠱᠢᠭᠤᠶ ᠪᠠ ᠨᠤᠲᠤᠭ ᠪᠡᠯᠴᠢᠭᠡᠷ ᠤ᠋ᠨ ᠲᠣᠪᠴᠢᠶ᠎ᠠ ᠡᠴᠡ ᠣᠢᠯᠠᠭᠠᠭ᠍ᠰᠠᠨ ᠵᠢᠡᠷ᠂ 4 ᠰᠠᠷ᠎ᠠ ᠶ᠋ᠢᠨ ᠰᠡᠭᠦᠯᠴᠢ ᠪᠣᠯᠲᠠᠯ᠎ᠠ᠂ ᠥᠪᠥᠷ ᠮᠣᠩᠭᠣᠯ ᠨᠢᠭᠡᠨᠲᠡ 327.86 ᠲᠦᠮᠡᠨ ᠮᠥ᠍ ᠡᠯᠡᠰᠦᠷᠬᠡᠭᠵᠢᠯ ᠢ᠋ᠰᠡᠷᠭᠡᠢᠯᠡᠨ ᠡᠯᠡᠰᠤ ᠶ᠋ᠢ ᠵᠠᠰᠠᠬᠤ ᠡᠭᠦᠷᠭᠡ ᠶ᠋ᠢ ᠪᠡᠶᠡᠯᠡᠭᠦᠯᠵᠦ᠍᠂ ᠣᠨ ᠤ᠋ ᠡᠭᠦᠷᠭᠡ ᠶ᠋ᠢᠨ 21.85% ᠶ᠋ᠢ ᠡᠵᠡᠯᠡᠪᠡ᠃ ᠡᠭᠦᠨᠳᠦ᠂ ᠬᠠᠲᠤᠨ ᠭᠤᠤᠯ ᠤ᠋ᠨ ᠶᠡᠬᠡ ᠲᠤᠬᠤᠢ ᠵᠢᠨ ᠪᠣᠭᠣᠮᠲᠠ ᠱᠢᠪᠲᠤᠯᠬᠤ ᠳᠠᠢᠯᠠᠯᠳᠤᠭᠠᠨ ᠵᠢᠡᠷ ᠳᠠᠮᠵᠢᠨ 266.91 ᠲᠦᠮᠡᠨ ᠮᠥ᠍ ᠡᠯᠡᠰᠦᠷᠬᠡᠭᠵᠢᠯ ᠢ᠋ᠰᠡᠷᠭᠡᠢᠯᠡᠨ ᠡᠯᠡᠰᠤ ᠶ᠋ᠢ ᠵᠠᠰᠠᠪᠠ; ᠬᠣᠷᠴᠢᠨ ᠪᠣᠯᠤᠨ ᠬᠤᠯᠠᠨ ᠱᠢᠷᠭ᠎ᠠ ᠲᠠᠭ᠎ᠠ ᠶ᠋ᠢᠨ ᠡᠯᠡᠰᠦᠷᠬᠡᠭ ᠭᠠᠵᠠᠷ ᠤ᠋ᠨ ᠰᠥᠨᠥᠭᠡᠬᠦ᠌ ᠳᠠᠢᠯᠠᠯᠳᠤᠭᠠᠨ ᠵᠢᠡᠷ ᠳᠠᠮᠵᠢᠨ 35.71 ᠲᠦᠮᠡᠨ ᠮᠥ᠍ ᠡᠯᠡᠰᠤ ᠶ᠋ᠢ ᠵᠠᠰᠠᠪᠠ; ᠾᠸ ᠰᠢ ᠵᠢᠨ ᠬᠤᠩᠬᠢᠯ — ᠲᠠᠺᠯᠢᠮᠠᠺᠠᠨ ᠡᠯᠡᠰᠦᠨ ᠴᠦᠯ ᠤ᠋ᠨ ᠬᠦᠪᠡᠭᠡ ᠵᠠᠬ᠎ᠠ ᠵᠢᠨ ᠬᠣᠷᠢᠭ᠍ᠯᠠᠯᠲᠠ ᠶ᠋ᠢᠨ ᠳᠠᠢᠯᠠᠯᠳᠤᠭᠠᠨ ᠵᠢᠡᠷ ᠳᠠᠮᠵᠢᠨ 25.24 ᠲᠦᠮᠡᠨ ᠮᠦ᠍ ᠡᠯᠡᠰᠦ ᠶ᠋ᠢ ᠵᠠᠰᠠᠪᠠ᠃
2026 ᠣᠨᠳᠤ᠂ ᠥᠪᠥᠷ ᠮᠣᠩᠭᠣᠯ 《ᠤᠮᠠᠷᠠᠲᠤ ᠶ᠋ᠢᠨ ᠭᠤᠷᠪᠠᠨ ᠣᠷᠣᠨ》 ᠤ᠋ ᠢᠨᠵᠧᠨᠧᠷᠢᠩ ᠤ᠋ᠨ ᠶᠠᠰᠤ ᠴᠢᠨᠠᠷ ᠤ᠋ᠨ ᠣᠨ ᠵᠢᠡᠷ ᠭᠠᠷᠳᠠᠴᠠ ᠪᠣᠯᠭᠠᠵᠤ᠂ ᠬᠠᠪᠤᠷ ᠤ᠋ᠨ ᠤᠯᠠᠷᠢᠯ ᠤ᠋ᠨ ᠣᠢᠵᠢᠭᠤᠯᠵᠤ ᠡᠯᠡᠰᠦ ᠶ᠋ᠢ ᠵᠠᠰᠠᠬᠤ ᠲᠤᠬᠢᠷᠠᠮᠵᠢᠲᠠᠢ ᠬᠤᠭᠤᠴᠠᠭ᠎ᠠ ᠶ᠋ᠢ ᠵᠠᠪᠳᠤᠨ᠂ ᠪᠠᠷᠠᠭᠤᠨ ᠡᠴᠡ ᠵᠡᠭᠦᠨᠰᠢ 《ᠤᠮᠠᠷᠠᠲᠤ ᠶ᠋ᠢᠨ ᠭᠤᠷᠪᠠᠨ ᠣᠷᠣᠨ》 ᠤ᠋ ᠢᠨᠵᠧᠨᠧᠷᠢᠩ ᠤ᠋ᠨ ᠪᠥᠲᠥᠭᠡᠨ ᠪᠠᠢᠭᠤᠯᠤᠯᠲᠠ ᠶ᠋ᠢ ᠲᠦᠷᠭᠡᠳᠭᠡᠨ ᠠᠬᠢᠭᠤᠯᠵᠤ᠂ ᠪᠥᠬᠥ᠌ ᠣᠷᠣᠨ ᠪᠦᠰᠡᠳᠦ ᠠᠮᠢ ᠠᠬᠤᠶ ᠶ᠋ᠢᠨ ᠪᠥᠲᠥᠭᠡᠨ ᠪᠠᠢᠭᠤᠯᠤᠯᠲᠠ ᠶ᠋ᠢᠨ ᠬᠠᠯᠠᠭᠤᠨ ᠥᠷᠨᠢᠯᠲᠡ ᠭᠠᠷᠴᠠᠢ᠃ ᠡᠨᠡ ᠵᠢᠯ᠂ ᠥᠪᠥᠷ ᠮᠣᠩᠭᠣᠯ ᠠᠮᠢ ᠠᠬᠤᠶ ᠶ᠋ᠢᠨ ᠪᠥᠲᠥᠭᠡᠨ ᠪᠠᠢᠭᠤᠯᠤᠯᠲᠠ ᠶ᠋ᠢᠨ ᠡᠭᠦᠷᠭᠡ ᠶ᠋ᠢ 4000 ᠲᠦᠮᠡᠨ ᠮᠤ᠌ᠡᠴᠡ ᠳᠡᠭᠡᠭ᠌ᠰᠢ ᠪᠡᠶᠡᠯᠡᠭᠦᠯᠬᠦ ᠪᠡᠷ ᠲᠥᠯᠥᠪᠯᠡᠵᠦ᠍ ᠪᠣᠶ᠂ ᠡᠭᠦᠨᠳᠦ 1500 ᠲᠦᠮᠡᠨ ᠮᠥ᠍ ᠡᠯᠡᠰᠦᠷᠬᠡᠭ᠌ᠵᠢᠯᠢ ᠰᠡᠷᠭᠡᠢᠯᠡᠨ ᠡᠯᠡᠰᠦ ᠶ᠋ᠢ ᠵᠠᠰᠠᠬᠤ ᠪᠡᠷ ᠲᠦᠯᠦᠪᠯᠡᠨ᠂ ᠪᠥᠬᠥ᠌ ᠤᠯᠤᠰ ᠤ᠋ᠨ 《ᠤᠮᠠᠷᠠᠲᠤ ᠶ᠋ᠢᠨ ᠭᠤᠷᠪᠠᠨ ᠣᠷᠣᠨ》 ᠤ᠋ ᠢᠨᠵᠧᠨᠧᠷᠢᠩ ᠤ᠋ᠨ ᠣᠨ ᠤ᠋ ᠡᠭᠦᠷᠭᠡ ᠶ᠋ᠢᠨ ᠭᠤᠷᠪᠠᠨ ᠤ᠋ ᠨᠢᠭᠡ ᠱᠢᠬᠠᠮᠢ ᠡᠵᠡᠯᠡᠪᠡ᠃
ᠪᠣᠭᠣᠮᠲᠠ ᠱᠢᠪᠲᠤᠯᠬᠤ ᠳᠠᠢᠯᠠᠯᠳᠤᠭᠠᠨ ᠤ᠋ ᠣᠷᠣᠨᠳᠤ᠂ ᠠᠯᠠᠱᠠ ᠠᠭᠤᠯᠠ ᠡᠴᠡ ᠮᠤᠨᠢ ᠠᠭᠤᠯᠠ ᠬᠦᠷᠬᠦ᠌ ᠬᠡᠰᠡᠭ ᠤ᠋ᠨ ᠬᠠᠳᠤᠨ ᠭᠣᠣᠯ ᠤ᠋ᠨ ᠡᠷᠭᠢ ᠳᠠᠭᠠᠤ 180 ᠺᠢᠯᠤᠮᠸᠲᠷ ᠤ᠋ᠨ ᠨᠡᠭᠦᠳᠡᠯ ᠡᠯᠡᠰᠦ ᠶ᠋ᠢ ᠭᠣᠣᠯᠳᠠᠯᠭᠠᠲᠠᠶ ᠵᠠᠰᠠᠬᠤ ᠶ᠋ᠢ ᠠᠬᠢᠭᠤᠯᠵᠤ᠂ ᠮᠤᠨᠢ ᠠᠭᠤᠯᠠ ᠶ᠋ᠢᠨ ᠡᠮᠦᠨ᠎ᠡ ᠬᠣᠷᠮᠣᠢ ᠶ᠋ᠢᠨ 175 ᠺᠢᠯᠤᠮᠸᠲᠷ ᠤ᠋ᠨ ᠰᠠᠯᠬᠢ ᠶ᠋ᠢ ᠰᠡᠷᠭᠡᠢᠯᠡᠬᠦ᠌ ᠤᠢ ᠡᠪᠡᠰᠦᠨᠦ ᠪᠦᠰᠡ ᠪᠠ ᠤᠯᠠᠭᠠᠨᠪᠤᠬ᠎ᠠ ᠡᠯᠡᠰᠦᠨ ᠴᠦᠯ ᠤ᠋ᠨ ᠵᠠᠭᠤᠨ ᠲᠦᠮᠡᠨ ᠮᠦ᠍ ᠡᠯᠡᠰᠦ ᠡᠪᠡᠰᠦᠨᠦ ᠠᠵᠤ ᠦᠢᠯᠡᠰ ᠤ᠋ᠨ ᠪᠦᠰᠡ ᠶ᠋ᠢᠨ ᠪᠦᠲᠦᠭᠡᠨ ᠪᠠᠢᠭᠤᠯᠤᠯᠲᠠ ᠶ᠋ᠢ ᠬᠡᠷᠡᠭ᠌ᠵᠢᠭᠦᠯᠦᠨᠡ; ᠰᠥᠨᠥᠭᠡᠯᠲᠡ ᠶ᠋ᠢᠨ ᠳᠠᠢᠯᠠᠯᠳᠤᠭᠠᠨ ᠤ᠋ ᠲᠣᠭᠣᠷᠢᠭᠲᠤ᠂ ᠡᠯᠡᠰᠦ ᠶ᠋ᠢ ᠪᠡᠭᠡᠵᠢᠩᠳᠦ ᠤᠷᠤᠬᠤ ᠶ᠋ᠢ ᠬᠤᠷᠢᠭᠯᠠᠨ᠂ 4 ᠬᠣᠱᠢᠭᠤ ᠬᠤᠲᠠ ᠶ᠋ᠢᠨ ᠨᠡᠭᠦᠳᠡᠯ ᠡᠯᠡᠰᠦᠷᠬᠡᠭ ᠭᠠᠵᠠᠷᠢ ᠪᠦᠬᠦᠨᠢ ᠤᠰᠠᠳᠭᠠᠬᠤ ᠶ᠋ᠢ ᠠᠬᠢᠭᠤᠯᠤᠨ᠎ᠠ; ᠬᠣᠷᠢᠭ᠍ᠯᠠᠯᠲᠠ ᠵᠢᠨ ᠳᠠᠢᠯᠠᠯᠳᠤᠭᠠᠨ ᠤ᠋ ᠲᠣᠭᠣᠷᠢᠭᠲᠤ᠂ ᠬᠠᠷ᠎ᠠ ᠭᠤᠤᠯ ᠤ᠋ᠨ ᠳᠤᠤᠷᠠᠳᠤ ᠤᠷᠤᠰᠭᠠᠯ᠂ ᠡᠵᠡᠨ᠎ᠡ ᠶ᠋ᠢᠨ ᠨᠣᠭᠣᠭᠠᠨ ᠪᠦᠷᠢᠳᠦ᠍ ᠶ᠋ᠢᠨ ᠬᠥᠪᠡᠭᠡ ᠵᠠᠬ᠎ᠠ ᠶ᠋ᠢᠨ 52 ᠲᠦᠮᠡᠨ ᠮᠥ᠍ ᠠᠮᠢ ᠠᠬᠤᠶ ᠶ᠋ᠢᠨ ᠬᠣᠩᠭᠢᠯ ᠤ᠋ᠨ ᠪᠥᠲᠥᠭᠡᠨ ᠪᠠᠢᠭᠤᠯᠤᠯᠲᠠ ᠶ᠋ᠢ ᠲᠦᠷᠭᠡᠳᠭᠡᠨ ᠠᠬᠢᠭᠤᠯᠵᠤ᠂ ᠪᠠᠳᠠᠶ ᠶ᠋ᠢᠨ ᠵᠢᠷᠠᠨ ᠪᠣᠯᠤᠨ ᠲᠩᠷᠢ ᠬᠣᠶᠠᠷ ᠶᠡᠬᠡ ᠡᠯᠡᠰᠦᠨ ᠴᠥᠯ ᠤ᠋ᠨ ᠵᠠᠯᠭᠠᠯᠳᠤᠬᠤ ᠶ᠋ᠢ ᠬᠣᠷᠢᠭ᠍ᠯᠠᠨᠠ᠃