ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ᠎ᠦ ᠬᠡᠷᠡᠭ ᠡᠷᠬᠢᠯᠡᠬᠦ᠌ ᠵᠥᠪᠯᠡᠯ᠎ᠡᠴᠡ ᠤᠢᠯᠠᠭᠠᠬᠰᠠᠨ ᠵᠢᠡᠷ᠂ ᠤᠢᠷ᠎ᠠ ᠳ᠋ᠤ 2026 ᠣᠨ᠎ᠤ ᠪᠦᠬᠦ᠌ ᠣᠷᠣᠨ ᠤ 《ᠦᠨᠳᠦᠰᠦᠲᠡᠨ ᠦ ᠪᠦᠯᠬᠦᠮᠳᠡᠯ ᠬᠤᠨᠳᠠᠭᠠᠲᠤ》 ᠦᠨᠳᠦᠰᠦᠲᠡᠨ᠎ᠦ ᠦᠱᠦ ᠡᠷᠳᠡᠮ᠎ᠦᠨ ᠤᠷᠤᠯᠳᠤᠭᠠᠨ ᠲᠦᠩᠯᠢᠶᠣᠤ ᠬᠤᠳᠠ ᠶ᠋ᠢᠨ ᠣᠯᠢᠮᠫᠢᠺ ᠤᠨ ᠲᠠᠮᠢᠷ᠎ᠤᠨ ᠴᠤᠭ᠍ᠯᠠᠭᠠᠨ ᠤ ᠲᠥᠪ᠎ᠦᠨ ᠪᠡᠶ᠎ᠡ ᠶ᠋ᠢᠨ ᠲᠠᠮᠢᠷ ᠤᠨ ᠣᠷᠳᠣᠨ᠎ᠳᠤ ᠡᠬᠢᠯᠡᠪᠡ᠃ ᠤᠷᠤᠯᠳᠤᠭᠠᠨ ᠳᠤ ᠣᠷᠣᠯᠴᠠᠭᠰᠠᠨ 10 ᠲᠦᠯᠦᠭᠡᠯᠡᠭᠴᠢ᠎ᠵᠢᠨ ᠠᠩᠬᠢ ᠵᠢᠨ ᠬᠢᠨ ᠤᠷᠤᠯᠳᠤᠭᠠᠨ ᠤ ᠲᠠᠯᠠᠪᠠᠢ᠎ᠳᠤ ᠤᠷ᠎ᠠ ᠮᠡᠷᠭᠡᠵᠢᠯ᠎ᠢᠶᠡᠨ ᠰᠣᠯᠢᠯᠴᠠᠵᠤ᠂ ᠴᠤᠭ ᠵᠢᠪᠬᠤᠭ᠎ᠠ᠎ᠪᠠᠨ ᠢᠯᠡᠷᠡᠭᠦᠯᠤᠨ᠂ ᠬᠠᠷᠢᠯᠴᠠᠨ ᠰᠣᠯᠢᠯᠴᠠᠵᠤ᠂ ᠨᠥᠬᠥᠷᠯᠡᠯ᠎ᠢᠶᠡᠨ ᠵᠤᠵᠠᠭᠠᠳᠭᠠᠪᠠ᠃
ᠲᠤᠰ ᠤᠳᠠᠭ᠎ᠠ᠎ᠵᠢᠨ ᠤᠷᠤᠯᠳᠤᠭᠠᠨ ᠢ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠬᠢᠯᠡᠬᠦ᠌ ᠵᠥᠪᠯᠡᠯ᠎ᠡᠴᠡ ᠭᠣᠣᠯᠯᠠᠨ ᠡᠷᠬᠢᠯᠡᠵᠦ᠍᠂ ᠨᠢᠳᠤᠷᠭᠠᠨ ᠡᠷᠳᠡᠮ᠂ ᠦᠱᠦ ᠡᠷᠲᠠᠮ᠂ ᠬᠤᠤᠰᠯᠠᠨ ᠪᠤᠯᠪᠠᠰᠤᠷᠠᠬᠤ ᠭᠤᠷᠪᠠᠨ ᠲᠥᠷᠥᠯ ᠲᠣᠬᠢᠷᠠᠭᠤᠯᠵᠤ᠂ ᠡᠷᠡᠭ᠌ᠲᠡᠶ᠎ᠶ᠋ᠢᠨ ᠳᠤᠭᠤᠢᠯᠠᠩ ᠪᠠ ᠡᠮᠡᠭ᠌ᠲᠡᠶ ᠶ᠋ᠢᠨ ᠳᠤᠭᠤᠢᠯᠠᠩ ᠬᠤᠪᠢᠶᠠᠨ ᠶᠠᠪᠤᠭ᠍ᠳᠠᠭᠤᠯᠵᠠᠢ᠃ ᠤᠷᠤᠯᠳᠤᠭᠠᠨ᠎ᠤ ᠠᠬᠤᠶ ᠲᠠᠯᠠᠪᠠᠶ ᠬᠥᠷ ᠬᠥᠭ᠌ᠵᠢᠶᠡᠨ᠎ᠢᠶᠡᠷ ᠪᠢᠯᠬᠠᠵᠤ᠂ ᠤᠷᠤᠯᠳᠤᠭᠠᠨ ᠳᠤ ᠣᠷᠣᠯᠴᠠᠭ᠍ᠰᠠᠳ᠎ᠤᠨ ᠪᠡᠶ᠎ᠡ ᠪᠢᠯᠳᠠᠷ ᠨᠢ ᠢᠲᠠᠷ ᠴᠢᠭᠢᠷᠠᠭ᠂ ᠬᠥᠳᠡᠯᠦᠯ ᠪᠠᠷᠢᠯ ᠨᠢ ᠪᠤᠰᠢᠭᠤ ᠱᠠᠯᠠᠮᠠᠭᠠᠢ ᠪᠠᠢᠵᠤ᠂ ᠳᠤᠮᠳᠠᠳᠤ᠎ᠶ᠋ᠢᠨ ᠦᠱᠦ ᠡᠷᠲᠠᠮ ᠤ᠋ᠨ ᠤᠶᠠᠨ ᠬᠠᠲᠠᠨ ᠭᠤᠤ᠎ᠠ ᠰᠠᠢᠬᠠᠨ ᠪᠠ ᠳᠤᠮᠳᠠᠳᠤ᠎ᠶ᠋ᠢᠨ ᠰᠣᠶᠣᠯ᠎ᠤᠨ ᠭᠦᠨ ᠵᠤᠵᠠᠭᠠᠨ ᠠᠭᠤᠯᠤᠭ᠍ᠳᠠᠬᠤᠨ ᠢ ᠭᠦᠶ᠋ᠴᠡᠳ ᠢᠯᠡᠷᠡᠭᠦᠯᠵᠦ᠍᠂ ᠲᠤᠬᠠᠶ᠎ᠶ᠋ᠢᠨ ᠲᠠᠯᠠᠪᠠᠶ᠎ᠶ᠋ᠢᠨ ᠦᠵᠡᠭ᠌ᠴᠢᠳ᠎ᠦᠨ ᠬᠠᠯᠠᠭᠤᠨ ᠠᠯᠠᠭ᠎ᠠ ᠲᠡᠱᠢᠯᠲᠡ ᠪᠠ ᠮᠠᠭ᠍ᠲᠠᠭᠠᠯ ᠰᠠᠢᠱᠢᠶᠠᠯ᠎ᠢ ᠤᠯᠵᠠᠢ᠃
ᠲᠤᠰ ᠤᠳᠠᠭ᠎ᠠ᠎ᠵᠢᠨ ᠤᠷᠤᠯᠳᠤᠭᠠᠨ ᠨᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠵᠤ᠂ ᠪᠦᠬᠦ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠪᠠ ᠪᠡᠶ᠎ᠡ᠎ᠶ᠋ᠢᠨ ᠲᠠᠮᠢᠷ᠎ᠤᠨ ᠬᠦᠴᠦᠷᠬᠡᠭ ᠤᠯᠤᠰ᠎ᠢ ᠪᠠᠢᠭᠤᠯᠬᠤ ᠪᠠᠢᠯᠳᠤᠬᠤ ᠪᠤᠳᠤᠯᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ ᠦᠱᠦ ᠡᠷᠲᠠᠮ ᠤ᠋ᠨ ᠤᠷᠤᠯᠳᠤᠭᠠᠨ᠎ᠢᠶᠠᠷ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠠᠪᠴᠠᠩ᠎ᠢ ᠪᠠᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠤ ᠪᠦᠳᠦᠭᠡᠨ ᠪᠠᠢᠭᠤᠯᠤᠯᠲᠠ᠎ᠶ᠋ᠢ ᠠᠬᠢᠭᠤᠯᠬᠤ ᠳ᠋ᠤ ᠪᠤᠲᠠᠲᠠᠢ ᠬᠦᠴᠦᠨ ᠨᠡᠮᠡᠷᠢᠯᠡᠪᠡ᠃
ᠲᠣᠰ ᠤᠳᠠᠭ᠎ᠠ᠎ᠵᠢᠨ ᠤᠷᠤᠯᠳᠤᠭᠠᠨ᠎ᠨᠢ ᠪᠥᠬᠥ᠌ ᠲᠠᠮᠢᠷᠴᠢᠳ ᠪᠣᠯᠤᠨ ᠦᠵᠡᠭ᠌ᠴᠢᠳ᠎ᠲᠦ ᠳᠤᠮᠳᠠᠳᠤ᠎ᠶ᠋ᠢᠨ ᠰᠣᠶᠣᠯ᠎ᠤᠨ ᠥᠷᠭᠡᠨ ᠳᠡᠯᠭᠡᠷ ᠭᠦᠨ ᠭᠦᠨᠵᠡᠭᠡᠶ᠎ᠶ᠋ᠢ ᠣᠢᠯᠠᠭᠠᠭᠤᠯᠵᠤ᠂ ᠰᠣᠯᠢᠯᠴᠠᠭᠠᠨ᠎ᠤ ᠳᠤᠮᠳᠠ ᠦᠨᠳᠦᠰᠦᠲᠡᠨ᠎ᠦ ᠪᠦᠯᠬᠦᠮᠳᠡᠯ ᠦᠨ ᠴᠢᠩ ᠦᠨᠡᠨᠴᠢ ᠬᠠᠢᠷ᠎ᠠ ᠰᠡᠳᠭᠢᠯᠭᠡ᠎ᠶ᠋ᠢ ᠨᠡᠮᠡᠭ᠌ᠳᠡᠭᠦᠯᠤᠨ᠂ ᠡᠷᠡᠯᠬᠡᠭ᠌ᠯᠡᠨ ᠲᠡᠮᠡᠴᠡᠬᠦ᠌ ᠳᠤᠮᠳᠠ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ᠎ᠦᠨ ᠴᠣᠭ ᠪᠠᠳᠠᠷᠠᠩᠭᠤᠶ ᠥᠭᠡᠳᠡᠯᠡᠨ ᠳᠠᠪᠱᠢᠬᠤ ᠣᠶᠤᠨ ᠰᠠᠨᠠᠭᠠᠨ᠎ᠤ ᠳᠦᠷᠰᠦ ᠪᠠᠢᠳᠠᠯ᠎ᠢ ᠢᠯᠡᠷᠡᠭᠦᠯᠵᠡᠢ᠃