ᠪᠥᠬᠥ ᠤᠯᠤᠰ ᠤ᠋ᠨ ᠸᠠᠭᠠᠷ ᠱᠠᠭᠠᠵᠠᠩ ᠤ᠋ᠨ ᠤᠷᠠᠯᠢᠭ᠋ ᠤ᠋ᠨ ᠤᠷᠤᠯᠳᠤᠭᠠᠨ ᠵᠡᠭᠦᠨᠭᠠᠷ ᠬᠣᠰᠢᠭᠤᠨ ᠳ᠋ᠤ ᠠᠮᠵᠢᠯᠲᠠ ᠲᠠᠢ ᠦᠨᠳᠦᠷᠯᠡᠪᠡ
2026-06-16 17:15:22
ᠵᠣᠬᠢᠶᠠᠭ᠍ᠴᠢ᠄
ᠪᠤᠶᠠᠠᠡᠨᠡᠷᠢᠯ
ᠣᠩᠱᠢᠭ᠍ᠰᠠᠨ ᠣᠳᠠᠭ᠎ᠠ᠄
★★★☆☆

 ᠤᠢᠷ᠎ᠠ ᠎ᠳᠤ ᠂ 《ᠰᠠᠢ ᠱᠠᠩ ᠬᠤᠨᠳᠠᠭᠠᠲᠤ》 ᠪᠥᠬᠥ ᠤᠯᠤᠰ ᠤ᠋ᠨ ᠸᠠᠭᠠᠷ ᠱᠠᠭᠠᠵᠠᠩ ᠤ᠋ᠨ ᠤᠷᠠᠯᠢᠭ᠋ ᠤ᠋ᠨ ᠤᠷᠤᠯᠳᠤᠭᠠᠨ ᠤ᠋ ᠰᠢᠢᠳᠪᠦᠷᠢᠲᠦ ᠤᠷᠤᠯᠳᠤᠭᠠᠨ ᠵᠡᠭᠦᠨᠭᠠᠷ ᠤ᠋ᠨ ᠠᠵᠤ ᠠᠬᠤᠢ ᠵᠢᠨ ᠨᠡᠭᠡᠭᠡᠯᠲᠡ ᠵᠢᠨ ᠲᠣᠭᠣᠷᠢᠭ᠋ ᠲᠤ᠌ ᠥᠨᠳᠥᠷᠯᠡᠪᠡ᠃ ᠳᠤᠰ ᠤᠷᠤᠯᠳᠤᠭᠠᠨ ᠨᠢ ᠤᠯᠤᠰ ᠤ᠋ᠨ ᠲᠡᠰ ᠤ᠋ᠨ ᠸᠠᠭᠠᠷ ᠱᠠᠭᠠᠵᠠᠩ ᠤ᠋ᠨ ᠤᠷᠠᠯᠢᠭ᠋ ᠤ᠋ᠨ ᠦᠪᠡᠳᠡᠭᠰᠢ ᠴᠤᠭᠯᠠᠭᠠᠨ ᠪᠣᠯᠤᠭᠰᠠᠨ ᠤ᠋ ᠬᠤᠪᠢ ᠳ᠋ᠤ᠂ ᠪᠦᠬᠦ ᠤᠯᠤᠰ ᠤ᠋ᠨ ᠸᠠᠭᠠᠷ ᠱᠠᠭᠠᠵᠠᠩ ᠤ᠋ᠨ ᠤᠷᠠᠯᠢᠭ᠋ ᠤ᠋ᠨ ᠴᠢᠳᠠᠪᠤᠷᠢᠲᠠᠨ ᠪᠣᠯᠣᠨ ᠰᠢᠯᠢᠳᠡᠭ ᠪᠦᠲᠦᠭᠡᠯ ᠢ᠋ ᠰᠢᠯᠭᠠᠷᠠᠭᠤᠯᠵᠤ᠂ ᠸᠠᠭᠠᠷ ᠱᠠᠭᠠᠵᠠᠩ ᠤ᠋ᠨ ᠤᠯᠠᠮᠵᠢᠯᠠᠯᠲᠤ ᠰᠣᠶᠣᠯ ᠤ᠋ᠨ ᠠᠭᠤᠯᠬᠤᠨ ᠢ᠋ ᠭᠦᠢᠴᠡᠳ ᠢᠯᠡᠷᠡᠭᠦᠯᠦᠨ᠂ ᠣᠨᠴᠠᠯᠢᠭ᠍ᠲᠤ ᠸᠠᠭᠠᠷ ᠱᠠᠭᠠᠵᠠᠩ ᠤ᠋ᠨ ᠠᠵᠤ ᠦᠢᠯᠡᠰ ᠤ᠋ᠨ ᠬᠥᠭᠵᠢᠯᠲᠡ ᠵᠢᠨ ᠦᠷ᠎ᠡ ᠪᠦᠲᠦᠮᠵᠢ ᠵᠢ ᠲᠤᠪᠤᠢ᠍ᠢᠯᠭᠠᠵᠡᠢ᠃

ᠣᠢᠯᠠᠭᠠᠭᠰᠠᠨ ᠶ᠋ᠢᠡᠷ᠂ ᠤᠷᠤᠯᠳᠤᠭᠠᠨ ᠨᠢ ᠪᠥᠬᠥ ᠤᠯᠤᠰ ᠤ᠋ᠨ ᠸᠠᠭᠠᠷ ᠱᠠᠭᠠᠵᠠᠩ ᠤ᠋ᠨ ᠤᠷᠠᠯᠢᠭ᠋ ᠤ᠋ᠨ ᠠᠵᠢᠯᠲᠠᠨ᠂ ᠤᠷᠠᠯᠢᠭ᠋ ᠤ᠋ᠨ ᠳᠡᠭᠡᠳᠦ ᠰᠤᠷᠭᠠᠭᠤᠯᠢ ᠵᠢᠨ ᠪᠠᠭ᠍ᠰᠢ ᠰᠤᠷᠤᠭ᠍ᠴᠢᠳ ᠡᠴᠡ ᠪᠦᠳᠦᠭᠡᠯ ᠡᠯᠰᠡᠵᠦ᠂ ᠨᠡᠶ᠋ᠢᠲᠡ 768 ᠵᠣᠬᠢᠶᠠᠨ ᠪᠦᠲᠦᠭᠡᠭᠴᠢᠳ ᠤᠷᠤᠯᠳᠤᠭᠠᠨ ᠳ᠋ᠤ ᠣᠷᠣᠯᠴᠠᠨ᠂  1000 ᠭᠠᠷᠤᠢ ᠸᠠᠭᠠᠷ ᠱᠠᠭᠠᠵᠠᠩ ᠤ᠋ᠨ ᠤᠷᠠᠯᠢᠭ᠋ ᠤ᠋ᠨ ᠪᠦᠲᠦᠭᠡᠯ ᠢ᠋ ᠡᠯᠰᠡᠵᠦ᠂ ᠳᠡᠯᠭᠡᠨ ᠦᠵᠡᠭᠦᠯᠬᠦ ᠱᠠᠭᠠᠵᠠᠩ᠂ ᠡᠳᠦᠷ ᠲᠤᠲᠤᠮ ᠤ᠋ᠨ ᠬᠡᠷᠡᠭᠯᠡᠭᠡᠨ ᠤ᠋ ᠱᠠᠭᠠᠵᠠᠩ᠂ ᠸᠠᠭᠠᠷ ᠱᠠᠭᠠᠵᠠᠩ ᠤ᠋ᠨ ᠰᠣᠶᠣᠯ ᠤ᠋ᠨ ᠡᠭᠦᠳᠦᠯᠲᠡ ᠶ᠋ᠢᠨ ᠪᠦᠳᠦᠭᠡᠭᠳᠡᠬᠦᠨ ᠵᠡᠷᠭᠡ ᠭᠤᠷᠪᠠᠨ ᠲᠥᠷᠥᠯ ᠢ᠋  ᠬᠠᠮᠤᠷᠤᠬᠰᠠᠨ ᠪᠠᠶᠠᠯᠢᠭ ᠰᠡᠳᠦᠪᠯᠡᠬᠦᠨ᠂ ᠪᠦᠲᠦᠭᠡᠯᠴᠢ ᠰᠡᠳᠬᠢᠮᠵᠢ ᠪᠦᠬᠦᠢ ᠤᠯᠠᠨ ᠪᠦᠳᠦᠭᠡᠯ ᠪᠤᠢ᠃ ᠵᠣᠬᠢᠶᠠᠨ ᠪᠠᠶ᠋ᠢᠭᠤᠯᠬᠤ ᠺᠣᠮᠢᠰ ᠡᠴᠡ ᠲᠤᠰᠬᠠᠢ ᠮᠡᠷᠭᠡᠵᠢᠯᠲᠡᠨ ᠢ᠋ ᠤᠷᠢᠨ ᠰᠢᠯᠭᠠᠷᠠᠭᠤᠯᠬᠤ ᠺᠣᠮᠢᠰ ᠢ᠋ ᠵᠤᠬᠢᠶᠠᠨ ᠪᠠᠢᠭᠤᠯᠵᠤ᠂ ᠠᠩᠬᠠᠨ ᠤ᠋ ᠰᠢᠯᠭᠠᠷᠠᠭᠤᠯᠤᠯᠳᠠ᠂ ᠳᠠᠬᠢᠨ ᠰᠢᠯᠭᠠᠷᠠᠭᠤᠯᠤᠯᠳᠠ ᠪᠡᠷ ᠰᠢᠯᠢᠨ ᠰᠣᠩᠭᠣᠵᠦ᠂ 144 ᠪᠦᠲᠦᠭᠡᠯ ᠢ᠋ ᠳᠡᠰ ᠳᠡᠪᠰᠢᠬᠦ ᠰᠢᠢᠳᠪᠦᠷᠢᠲᠦ ᠤᠷᠤᠯᠳᠤᠭᠠᠨ ᠳ᠋ᠤ ᠣᠷᠣᠯᠴᠠᠭᠤᠯᠵᠠᠢ᠃ ᠡᠴᠦᠰ ᠤ᠋ᠨ ᠱᠠᠩᠨᠠᠯ ᠣᠯᠭᠣᠬᠤ ᠶᠣᠰᠣᠯᠠᠯ ᠳᠡᠭᠡᠷ᠎ᠡ᠂ ᠭᠣᠣᠯᠯᠠᠨ ᠡᠷᠭᠢᠯᠡᠭᠰᠡᠨ ᠲᠠᠯ᠎ᠠ ᠡᠴᠡ ᠱᠠᠩᠨᠠᠯ ᠣᠯᠣᠭᠰᠠᠳ ᠲᠤ᠌ ᠱᠠᠩᠨᠠᠯ ᠣᠯᠭᠣᠪᠠ᠃

ᠴᠢᠩᠬᠤᠧᠠ ᠶᠡᠬᠡ ᠰᠤᠷᠭᠠᠭᠤᠯᠢ ᠵᠢᠨ ᠤᠷᠠᠨ ᠵᠢᠷᠤᠭ ᠤ᠋ᠨ ᠳᠡᠭᠡᠳᠦ ᠰᠤᠷᠭᠠᠭᠤᠯᠢ ᠵᠢᠨ ᠳᠡᠳ᠋ ᠫᠷᠤᠹᠧᠰᠰᠤᠷ ᠵᠠᠩ ᠰᠢᠩ᠄《ᠲᠤᠰ ᠤᠳᠠᠭᠠᠨ ᠤ᠋ ᠤᠷᠤᠯᠳᠤᠭᠠᠨ ᠳ᠋ᠤ ᠣᠷᠣᠯᠴᠠᠭᠰᠠᠨ ᠪᠦᠲᠦᠭᠡᠯ ᠤ᠋ᠳ ᠤ᠋ᠨ ᠪᠦᠬᠦᠯᠢ ᠴᠣᠭᠴᠠ ᠵᠢᠨ ᠬᠢᠷᠢ ᠲᠦᠪᠰᠢᠨ ᠦᠨᠳᠦᠷ ᠪᠠᠢᠵᠤ᠂ ᠵᠣᠬᠢᠶᠠᠨ ᠪᠦᠲᠦᠭᠡᠭᠴᠢᠳ ᠥᠪᠥᠷ ᠮᠣᠩᠭᠣᠯ ᠤ᠋ᠨ ᠰᠣᠶᠣᠯ ᠢᠷᠭᠡᠨᠰᠢᠯ ᠤ᠋ᠨ ᠣᠨᠴᠠᠯᠢᠭ᠋ ᠢ᠋ ᠭᠦᠨ ᠠᠭᠤᠳᠠᠯᠤᠨ᠂ ᠭᠠᠵᠠᠷ ᠣᠷᠣᠨ ᠤ᠋ ᠡᠯᠧᠮᠧᠨ᠋ᠲ ᠢ᠋ ᠸᠠᠭᠠᠷ ᠱᠠᠭᠠᠵᠠᠩ ᠤ᠋ᠨ ᠤᠷᠠᠯᠢᠭ᠋ ᠤ᠋ᠨ ᠵᠣᠬᠢᠶᠠᠨ ᠪᠦᠲᠦᠭᠡᠯᠭᠡ ᠳ᠋ᠤ ᠠᠭᠤᠰᠬᠠᠵᠤ᠂ ᠪᠦᠲᠦᠭᠡᠯ ᠨᠢ ᠢᠯᠡ ᠲᠣᠳᠣ᠌ ᠣᠨᠴᠠᠯᠢᠭ᠋ ᠲᠠᠢ ᠪᠦᠭᠡᠳ ᠤᠯᠠᠮᠵᠢᠯᠠᠯᠲᠤ ᠸᠠᠭᠠᠷ ᠱᠠᠭᠠᠵᠠᠩ ᠬᠢᠬᠦ ᠤᠷᠠᠯᠠᠯ ᠳ᠋ᠤ ᠰᠠᠭᠤᠷᠢᠯᠠᠨ᠂ ᠰᠢᠲᠠᠭᠠᠨ ᠦᠢᠯᠡᠳᠬᠦ᠂ ᠪᠤᠳᠤᠭ ᠤᠷᠤᠭᠤᠯᠬᠤ᠂ ᠰᠠᠪᠠ ᠵᠢᠨ ᠬᠡᠯᠪᠡᠷᠢ ᠵᠢᠨ ᠲᠠᠯ᠎ᠠ ᠳ᠋ᠦ ᠵᠣᠷᠢᠭ᠍ᠲᠠᠢ ᠪᠡᠷ ᠰᠢᠨ᠎ᠡ ᠵᠢ ᠡᠭᠦᠳᠴᠦ᠂ ᠤᠳᠤ ᠦᠶ᠎ᠡ ᠵᠢᠨ ᠵᠢᠷᠤᠭ ᠲᠥᠯᠥᠪᠯᠡᠭᠡ ᠵᠢ ᠠᠭᠤᠰᠤᠯᠴᠠᠭᠤᠯᠤᠨ᠂ ᠸᠠᠭᠠᠷ ᠱᠠᠭᠠᠵᠠᠩ ᠤ᠋ᠨ ᠤᠷᠠᠯᠢᠭ᠋ ᠤ᠋ᠨ ᠰᠢᠨᠡᠴᠢᠯᠡᠭᠳᠡᠨ ᠬᠥᠭᠵᠢᠬᠦ ᠵᠢ ᠠᠬᠢᠭᠤᠯᠪᠠ》 ᠭᠡᠵᠠᠢ᠃  ᠬᠤᠷᠠᠯ ᠳ᠋ᠤ ᠣᠷᠣᠯᠴᠠᠭᠰᠠᠳ ᠥᠪᠥᠷ ᠮᠣᠩᠭᠣᠯ ᠤ᠋ᠨ ᠨᠤᠲᠤᠭ ᠤ᠋ᠨ ᠸᠠᠭᠠᠷ ᠱᠠᠭᠠᠵᠠᠩ ᠤ᠋ᠨ ᠰᠣᠶᠣᠯ ᠤ᠋ᠨ ᠪᠠᠢᠭᠤᠯᠤᠯᠲᠠ᠂ ᠰᠣᠶᠣᠯ ᠤ᠋ᠨ ᠡᠭᠦᠳᠦᠯᠲᠡ ᠵᠢᠨ ᠸᠠᠭᠠᠷ ᠱᠠᠭᠠᠵᠠᠩ ᠤ᠋ᠨ ᠬᠡᠯᠪᠡᠷᠢ ᠪᠡᠨ ᠬᠤᠪᠢᠷᠠᠭᠤᠯᠤᠨ ᠲᠠᠰ ᠳᠡᠪᠰᠢᠭᠦᠯᠬᠦ᠂ ᠣᠨᠴᠠᠯᠢᠭ᠍ᠲᠤ ᠸᠠᠭᠠᠷ ᠱᠠᠭᠠᠵᠠᠩ ᠤ᠋ᠨ IP ᠶ᠋ᠢ ᠪᠣᠢᠵᠢᠭᠤᠯᠤᠨ ᠴᠣᠭᠴᠠᠯᠠᠬᠤ ᠵᠡᠷᠭᠡ ᠭᠣᠣᠯᠳᠠᠯᠭ᠎ᠠ ᠲᠠᠢ ᠵᠥᠪᠯᠡᠬᠦ ᠰᠡᠳᠦᠪ ᠲᠠᠢ ᠨᠢᠭ᠍ᠲᠠ ᠤᠶᠠᠯᠳᠤᠭᠤᠯᠤᠨ᠂ ᠸᠠᠭᠠᠷ ᠱᠠᠭᠠᠵᠠᠩ ᠤ᠋ᠨ ᠰᠣᠶᠣᠯ ᠤ᠋ᠨ ᠡᠭᠦᠳᠦᠯᠲᠡ ᠵᠢᠨ ᠠᠵᠤ ᠦᠢᠯᠡᠰ ᠢ᠋ ᠪᠤᠵᠠᠭᠠᠢᠷᠠᠭᠤᠯᠬᠤ ᠵᠢᠨ ᠲᠣᠭᠣᠷᠢᠨ ᠳ᠋ᠤ ᠭᠦᠨᠵᠡᠭᠡᠢ ᠰᠤᠳᠤᠯᠤᠨ ᠶᠠᠷᠢᠯᠴᠠᠵᠤ᠂ ᠰᠠᠨᠠᠯ ᠵᠥᠪᠯᠡᠯᠭᠡ ᠳᠤᠷᠠᠳᠴᠠᠢ᠃

ᠳᠤᠰ ᠤᠳᠠᠭᠠᠨ ᠤ᠋ ᠤᠷᠤᠯᠳᠤᠭᠠᠨ ᠢ᠋ ᠳᠤᠮᠳᠠᠳᠤ ᠤᠯᠤᠰ ᠤ᠋ᠨ ᠸᠠᠭᠠᠷ ᠱᠠᠭᠠᠵᠠᠩ ᠤ᠋ᠨ ᠠᠵᠤ ᠦᠢᠯᠡᠳᠪᠦᠷᠢ ᠵᠢᠨ ᠨᠡᠢᠭᠡᠮᠯᠢᠭ᠂ ᠴᠢᠩᠬᠤᠸᠠ ᠶᠡᠬᠡ ᠰᠤᠷᠭᠠᠭᠤᠯᠢ ᠵᠢᠨ ᠤᠷᠠᠨ ᠵᠢᠷᠤᠭ ᠤ᠋ᠨ ᠳᠡᠭᠡᠳᠦ ᠰᠤᠷᠭᠠᠭᠤᠯᠢ ᠵᠢᠨ ᠸᠠᠭᠠᠷ ᠱᠠᠭᠠᠵᠠᠩ ᠤ᠋ᠨ ᠤᠷᠠᠯᠢᠭ᠋ ᠤ᠋ᠨ ᠵᠢᠷᠤᠭ ᠲᠥᠯᠥᠪᠯᠡᠭᠡᠨ ᠤ᠋ ᠰᠠᠯᠪᠤᠷᠢ᠂ ᠥᠪᠥᠷ ᠮᠣᠩᠭᠣᠯ ᠤ᠋ᠨ ᠠᠷᠠᠳ ᠤ᠋ᠨ ᠤᠳᠬ᠎ᠠ ᠤᠷᠠᠯᠢᠭ᠍ᠴᠢᠳ ᠤ᠋ᠨ ᠨᠡᠢᠭᠡᠮᠯᠢᠭ ᠪᠤᠯᠤᠨ ᠵᠡᠭᠦᠨᠭᠠᠷ ᠬᠣᠰᠢᠭᠤᠨ ᠤ᠋ ᠵᠠᠰᠠᠭ ᠤ᠋ᠨ ᠣᠷᠳᠣᠨ ᠡᠴᠡ ᠬᠠᠮᠲᠤᠷᠠᠨ ᠡᠷᠬᠢᠯᠡᠵᠦ᠂ ᠣᠷᠳᠣᠰ ᠬᠤᠳᠠ ᠵᠢᠨ ᠭᠦᠸᠧ ᠯᠢ ᠸᠠᠭᠠᠷ ᠱᠠᠭᠠᠵᠠᠩ ᠤ᠋ᠨ ᠬᠢᠵᠠᠭᠠᠷᠲᠤ ᠺᠣᠮᠫᠠᠨᠢ ᠡᠴᠡ ᠳᠠᠭᠠᠭᠠᠴᠢᠯᠠᠨ ᠡᠷᠬᠢᠯᠡᠪᠡ᠃ ᠤᠷᠤᠯᠳᠤᠭᠠᠨ ᠳ᠋ᠤ ᠡᠯ᠎ᠡ ᠱᠠᠲᠤᠨ ᠤ᠋ ᠭᠣᠣᠯᠯᠠᠨ ᠡᠷᠭᠢᠯᠡᠭᠰᠡᠨ ᠪᠠᠢᠭᠤᠯᠭ᠎ᠠ ᠨᠢᠭᠡᠴᠢ ᠵᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠶᠡᠬᠡ ᠳᠡᠭᠡᠳᠦ ᠰᠤᠷᠭᠠᠭᠤᠯᠢ ᠵᠢᠨ ᠲᠤᠰᠬᠠᠢ ᠮᠡᠷᠭᠡᠵᠢᠯᠲᠡᠨ᠂ ᠠᠵᠢᠯ ᠲᠥᠷᠥᠯ ᠤ᠋ᠨ ᠲᠥᠯᠥᠭᠡᠯᠡᠭᠴᠢ ᠵᠢᠴᠢ ᠡᠯ᠎ᠡ ᠭᠠᠵᠠᠷ ᠤ᠋ᠨ ᠸᠠᠭᠠᠷ ᠱᠠᠭᠠᠵᠠᠩ ᠤ᠋ᠨ ᠤᠷᠠᠯᠢᠭ᠋ ᠤ᠋ᠨ ᠠᠵᠢᠯᠲᠠᠳ ᠣᠷᠣᠯᠴᠠᠵᠠᠢ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号