ᠤᠯᠠᠭᠠᠨᠬᠠᠳᠠ᠎ᠶ᠋ᠢᠨ ᠠᠵᠤ ᠦᠢᠯᠡᠳᠪᠦᠷᠢ ᠵᠢᠨ ᠠᠵᠤ ᠠᠬᠤᠢ ᠲᠣᠭ᠍ᠲᠠᠭᠤᠨ᠎ᠤ ᠳᠤᠮᠳᠠ ᠠᠬᠢᠵᠤ ᠡᠷᠴᠢᠮᠲᠡᠢ ᠬᠦᠭᠵᠢᠵᠦ ᠪᠤᠢ
2026-06-17 09:44:02
ᠵᠣᠬᠢᠶᠠᠭ᠍ᠴᠢ᠄
ᠸᠠᠡᠭ ᠲᠠᠨ᠎ᠠ
ᠣᠩᠱᠢᠭ᠍ᠰᠠᠨ ᠣᠳᠠᠭ᠎ᠠ᠄
★★★☆☆

ᠲᠦᠷᠦᠭᠦᠦ 4 ᠰᠠᠷ᠎ᠠ᠎ᠳᠤ ᠠᠵᠤ ᠦᠢᠯᠡᠳᠪᠦᠷᠢ᠎ᠶ᠋ᠢᠨ ᠨᠡᠮᠡᠭ᠌ᠳᠡᠯ ᠥᠷᠲᠡᠭ ᠠᠳᠠᠯᠢ ᠬᠤᠭᠤᠴᠠᠭᠠᠨ᠎ᠤ ᠭᠢ ᠡᠴᠡ 10.2% ᠵᠢᠡᠷ ᠨᠡᠮᠡᠭ᠌ᠳᠡᠪᠡ


ᠵᠤᠨ᠎ᠤ ᠡᠬᠢ᠎ᠪᠠᠷ᠂ ᠤᠯᠠᠭᠠᠨᠬᠠᠳᠠ᠎ᠶ᠋ᠢᠨ ᠡᠬᠡ ᠭᠠᠵᠠᠷ᠎ᠤᠨ ᠠᠵᠤ ᠦᠢᠯᠡᠰ᠎ᠤᠨ ᠬᠥᠳᠡᠯᠭᠡᠬᠦ᠌ ᠬᠦᠴᠦᠨ ᠲᠦᠷᠭᠡᠨ ᠲᠥᠪᠯᠡᠷᠡᠵᠦ᠍᠂ ᠬᠥᠭ᠌ᠵᠢᠯᠲᠡ᠎ᠶ᠋ᠢᠨ ᠠᠮᠢᠵᠢᠷᠠᠯ᠎ᠤᠨ ᠬᠦᠴᠦᠨ ᠦᠷᠭᠦᠯᠵᠢᠯᠡᠨ ᠴᠢᠩᠭᠠᠷᠠᠨ᠎ᠠ᠃ ᠡᠨᠡ ᠵᠢᠯ᠎ᠤᠨ 1— 4 ᠳ᠋ᠤᠭᠡᠷ ᠰᠠᠷ᠎ᠠ ᠳ᠋ᠤ᠂ ᠤᠯᠠᠭᠠᠨᠬᠠᠳᠠ ᠬᠤᠲᠠ᠎ᠶ᠋ᠢᠨ ᠬᠡᠪᠴᠢᠶᠡᠵᠢᠯ᠎ᠠᠴᠠ ᠳᠡᠭᠡᠭ᠌ᠰᠢᠬᠢ ᠠᠵᠤ ᠦᠢᠯᠡᠳᠪᠦᠷᠢ᠎ᠶ᠋ᠢᠨ ᠨᠡᠮᠡᠭ᠌ᠳᠡᠯ ᠥᠷᠲᠡᠭ ᠠᠳᠠᠯᠢ ᠬᠤᠭᠤᠴᠠᠭᠠᠨ᠎ᠤ᠎ᠬᠢ᠎ᠠᠴᠠ 10.2% ᠵᠢᠡᠷ ᠨᠡᠮᠡᠭ᠌ᠳᠡᠵᠦ᠍᠂ ᠨᠡᠮᠡᠭ᠌ᠳᠡᠯ᠎ᠤᠨ ᠬᠤᠷᠳᠤᠴᠠ᠎ᠨᠢ ᠥᠪᠥᠷ  ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠳᠤ ᠲᠡᠷᠢᠭᠦᠯᠡᠵᠦ᠂ ᠪᠥᠬᠦ᠌ ᠣᠷᠣᠨ᠎ᠪᠠ ᠪᠥᠬᠦ᠌ ᠤᠯᠤᠰ᠎ᠤᠨ ᠳᠤᠮᠳᠠᠴᠢ  ᠨᠡᠮᠡᠭ᠌ᠳᠡᠯ᠎ᠤᠨ ᠬᠤᠷᠳᠤᠴᠠ ᠡᠴᠡ ᠵᠠᠭᠤᠨ ᠤ᠋ ᠬᠠᠷᠢᠴᠠᠯ ᠵᠢᠡᠷ 4.6 ᠬᠤᠪᠢ ᠥᠨᠳᠥᠷ ᠪᠤᠯᠪᠠ᠃

ᠬᠥᠭ᠌ᠵᠢᠯᠲᠡ᠎ᠶ᠋ᠢᠨ ᠬᠢᠯᠠᠯᠵᠠᠮ᠎ᠠ ᠠᠮᠵᠢᠯᠲᠠ ᠪᠦᠲᠦᠮᠵᠢ ᠨᠢ ᠬᠡᠨᠡᠳᠳᠡ ᠵᠢᠨ ᠶᠠᠪᠤᠳᠠᠯ ᠪᠢᠰᠢ᠂ ᠤᠯᠠᠭᠠᠨᠬᠠᠳᠠ ᠬᠤᠲᠠ᠎ᠶ᠋ᠢᠨ ᠬᠠᠷᠠᠯᠲᠠ᠎ᠲᠠᠢ᠎ᠪᠠᠷ ᠠᠷᠭ᠎ᠠ ᠪᠣᠳᠣᠯᠭ᠎ᠠ ᠬᠡᠷᠡᠭ᠌ᠵᠢᠭᠦᠯᠬᠦ᠂ ᠨᠠᠷᠢᠯᠢᠭ ᠤᠨᠤᠪᠴᠢᠳᠠᠢ᠎ᠪᠠᠷ ᠬᠦᠴᠦᠯᠡᠬᠦ᠌ ᠬᠠᠲᠠᠭᠤ ᠠᠷᠭ᠎ᠠ ᠬᠡᠮᠵᠢᠶ᠎ᠡ᠎ᠠᠴᠠ ᠢᠷᠡᠯᠲᠡ᠎ᠲᠠᠢ ᠶᠤᠮ᠃ ᠡᠨᠡ ᠵᠢᠯ᠎ᠠᠴᠠ ᠨᠠᠭᠠᠰᠢ᠂ ᠤᠯᠠᠭᠠᠨᠬᠠᠳᠠ ᠬᠤᠲᠠ ᠠᠵᠤ ᠦᠢᠯᠡᠳᠪᠦᠷᠢ᠎ᠶ᠋ᠢᠨ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢᠨ ᠭᠤᠣᠯ ᠱᠢᠵᠢᠮ᠎ᠢ ᠴᠢᠩᠭ᠎ᠠ ᠡᠵᠡᠮᠳᠡᠵᠦ᠍᠂ ᠬᠦᠴᠦᠨ᠎ᠢᠶᠠᠨ ᠲᠥᠪᠯᠡᠷᠡᠭᠦᠯᠦᠨ ᠪᠣᠭᠤᠮᠲᠠ ᠱᠢᠪᠲᠤᠯᠵᠤ᠂ ᠠᠵᠤ ᠦᠢᠯᠡᠳᠪᠦᠷᠢ᠎ᠶ᠋ᠢ ᠳᠠᠬᠢᠨ᠎ᠢᠶᠠᠷ ᠨᠡᠮᠡᠭ᠌ᠳᠡᠭᠦᠯᠬᠦ᠌ ᠠᠵᠢᠯᠯᠠᠭ᠎ᠠ᠎ᠶ᠋ᠢ ᠭᠦᠨᠵᠡᠭᠡᠢ ᠬᠡᠷᠡᠭ᠌ᠵᠢᠭᠦᠯᠵᠦ᠍᠂ ᠲᠠᠪᠤᠨ ᠶᠡᠭᠡ ᠮᠢᠩᠭᠠᠨ ᠳ᠋ᠦᠩᠱᠢᠭᠤᠷ᠎ᠤᠨ ᠲᠡᠰ᠎ᠤᠨ ᠠᠵᠤ ᠦᠢᠯᠡᠰ᠎ᠤᠨ ᠬᠡᠯᠬᠢᠶ᠎ᠡ ᠪᠣᠯᠤᠨ ᠬᠤᠶᠠᠷ ᠶᠡᠭᠡ ᠤᠨᠴᠠᠯᠢᠬ᠍ᠳᠤ ᠠᠵᠤ ᠦᠢᠯᠡᠰ᠎ᠤᠨ ᠰᠦᠷᠦᠭᠵᠢᠯ᠎ᠢ ᠪᠤᠢᠵᠢᠭᠤᠯᠤᠨ ᠪᠦᠲᠦᠭᠡᠨ ᠪᠠᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠠᠵᠤ ᠦᠢᠯᠡᠳᠪᠦᠷᠢ᠎ᠶ᠋ᠢᠨ ᠠᠵᠤ ᠠᠬᠤᠢ᠎ᠶ᠋ᠢᠨ ᠠᠵᠢᠯᠯᠠᠭᠠᠨ᠎ᠤ ᠪᠠᠲᠤᠯᠠᠭ᠎ᠠ᠎ᠶ᠋ᠢᠨ ᠱᠢᠰᠲ᠋ᠧᠮ᠎ᠢ ᠦᠷᠭᠦᠯᠵᠢᠯᠡᠨ ᠲᠡᠭᠦᠯᠳᠡᠷᠵᠢᠭᠦᠯᠵᠦ᠍᠂ ᠠᠵᠤ ᠦᠢᠯᠡᠰ᠎ᠤᠨ ᠬᠡᠯᠬᠢᠶ᠎ᠡ᠎ᠶ᠋ᠢᠨ ᠡᠬᠢᠨ᠎ᠦ ᠪᠠ ᠡᠴᠦᠰ᠎ᠦᠨ ᠬᠡᠯᠬᠢᠶ᠎ᠡ ᠵᠢ  ᠬᠠᠮᠵᠢᠯᠴᠠᠨ ᠬᠥᠭ᠌ᠵᠢᠭᠦᠯᠵᠦ᠂ ᠠᠵᠤ ᠦᠢᠯᠡᠰ᠎ᠤᠨ ᠳᠣᠲᠣᠭᠠᠳᠤ ᠬᠥᠳᠡᠯᠭᠡᠬᠦ᠌ ᠬᠦᠴᠦᠨ᠎ᠢ ᠪᠦᠬᠦ᠌ ᠲᠠᠯ᠎ᠠ᠎ᠪᠠᠷ ᠬᠥᠭ᠌ᠵᠢᠭᠡᠵᠦ᠍᠂ ᠪᠦᠬᠦ᠌ ᠬᠤᠳᠠ᠎ᠶ᠋ᠢᠨ ᠠᠵᠤ ᠦᠢᠯᠡᠳᠪᠦᠷᠢ᠎ᠶ᠋ᠢᠨ ᠠᠵᠤ ᠦᠢᠯᠡᠰ᠎ᠤᠨ ᠬᠡᠪᠴᠢᠶᠡᠵᠢᠯᠲᠡ᠂ ᠳᠡᠭᠡᠳᠦ ᠲᠡᠰᠵᠢᠯᠲᠡ᠂ ᠰᠦᠷᠦᠭᠵᠢᠯᠳᠡ ᠲᠡᠢᠰᠢ ᠤᠷᠤᠭ᠍ᠰᠢᠯᠠᠬᠤ᠎ᠶ᠋ᠢ ᠠᠬᠢᠭᠤᠯᠵᠠᠢ᠃

ᠤᠯᠠᠮᠵᠢᠯᠠᠯᠲᠤ ᠠᠵᠤ ᠦᠢᠯᠡᠰ᠎ᠤᠨ ᠬᠡᠯᠪᠡᠷᠢ ᠵᠢ ᠬᠤᠪᠢᠷᠠᠭᠤᠯᠤᠨ ᠳᠡᠰ ᠳᠡᠪᠱᠢᠬᠦᠯᠵᠦ᠂ ᠠᠵᠤ ᠦᠢᠯᠡᠳᠪᠦᠷᠢ᠎ᠶ᠋ᠢᠨ ᠬᠥᠭ᠌ᠵᠢᠯᠲᠡ᠎ᠶ᠋ᠢᠨ ᠦᠨᠳᠦᠰᠦᠨ ᠪᠠᠢᠳᠠᠯ᠎ᠢ ᠪᠠᠬᠢᠵᠢᠭᠦᠯᠪᠡ᠃ ᠤᠯᠠᠭᠠᠨᠬᠠᠳᠠ᠎ᠶ᠋ᠢᠨ ᠶᠦᠨ ᠲᠦᠩ ᠦᠩᠭᠡᠳᠦ ᠲᠡᠮᠦᠷᠯᠢᠭ᠎ᠤᠨ ᠬᠢᠵᠠᠭᠠᠷᠲᠤ ᠺᠤᠮᠫᠠᠨᠢ᠎ᠵᠢᠨ ᠦᠢᠯᠡᠳᠪᠦᠷᠢᠯᠡᠯ᠎ᠤᠨ ᠲᠠᠰᠤᠭ᠎ᠲᠤ ᠮᠠᠱᠢᠨ ᠮᠧᠬᠠᠨᠢᠭ ᠬᠦᠡᠭᠬᠢᠨᠡᠵᠤ᠂ ᠲᠥᠬᠦᠭᠡᠷᠦᠮᠵᠢ ᠥᠨᠳᠥᠷ ᠪᠦᠲᠦᠮᠵᠢᠲᠡᠢ ᠠᠵᠢᠯᠯᠠᠵᠤ᠂ ᠬᠤᠭᠤᠯᠠᠢ ᠤᠲᠠᠰᠤ᠎ᠶ᠋ᠢ ᠡᠮᠬᠢ ᠴᠡᠭ᠌ᠴᠡ᠎ᠲᠠᠢ ᠪᠠᠢᠷᠢᠯᠠᠭᠤᠯᠵᠤ᠂ ᠦᠢᠯᠡᠳᠪᠦᠷᠢᠯᠡᠯ ᠡᠮᠬᠢ  ᠳᠢᠭ᠌ᠯᠢᠮ᠎ᠲᠠᠢ ᠪᠠᠢᠵᠤ᠂ ᠭᠠᠵᠠᠷ ᠪᠣᠯᠭᠠᠨ᠎ᠳᠤ ᠵᠡᠰ ᠪᠣᠯᠪᠠᠰᠤᠷᠠᠭᠤᠯᠬᠤ ᠠᠵᠤ ᠦᠢᠯᠡᠰ᠎ᠤᠨ ᠲᠡᠰ ᠳᠡᠪᠱᠢᠭ᠌ᠰᠡᠨ ᠴᠣ ᠱᠢᠨ᠎ᠡ ᠳᠦᠷᠰᠦ ᠪᠠᠢᠳᠠᠯ᠎ᠢ ᠢᠯᠡᠷᠡᠭᠦᠯᠦᠨ᠎ᠠ᠃ ᠤᠯᠠᠭᠠᠨᠬᠠᠳᠠ᠎ᠶ᠋ᠢᠨ ᠠᠵᠤ ᠦᠢᠯᠡᠳᠪᠦᠷᠢ᠎ᠶ᠋ᠢᠨ ᠭᠤᠣᠯᠳᠠᠯᠭ᠎ᠠ᠎ᠲᠠᠢ ᠭᠤᠣᠯᠯᠠᠭ᠍ᠴᠢ ᠠᠵᠤ ᠠᠬᠤᠢᠯᠠᠯ ᠪᠣᠯᠤᠭ᠍ᠰᠠᠨ᠎ᠤ ᠬᠤᠪᠢ᠎ᠳᠤ᠂ ᠤᠯᠠᠭᠠᠨᠬᠠᠳᠠ᠎ᠶ᠋ᠢᠨ ᠶᠦᠨ ᠲᠦᠩ ᠺᠤᠮᠫᠠᠨᠢ ᠭᠤᠣᠯ ᠮᠡᠷᠭᠡᠵᠢᠯ᠎ᠢ ᠰᠤᠳᠤᠯᠤᠨ ᠨᠡᠭᠡᠭᠡᠬᠦ ᠵᠢ ᠴᠢᠡᠭᠭ᠎ᠠ ᠠᠳᠬᠤᠵᠤ᠂ ᠵᠢᠨ ᠹᠧᠩ ᠬᠤᠣᠰ ᠲᠠᠯ᠎ᠠ᠎ᠠᠴᠠ ᠦᠯᠢᠶᠡᠨ ᠬᠠᠢᠯᠤᠭᠤᠯᠬᠤ ᠴᠥᠭᠦᠷᠥᠮ᠎ᠳᠤ ᠬᠠᠢᠯᠤᠭᠤᠯᠬᠤ᠂ ᠦᠷᠭᠦᠯᠵᠢᠯᠡᠨ ᠦᠯᠢᠶᠡᠨ ᠪᠣᠯᠪᠠᠰᠤᠷᠠᠭᠤᠯᠬᠤ ᠵᠡᠷᠭᠡ ᠵᠠᠩᠭᠢᠯᠠᠭ᠎ᠠ᠎ᠶ᠋ᠢᠨ ᠤᠷ᠎ᠠ ᠮᠡᠷᠭᠡᠵᠢᠯ᠎ᠢ ᠪᠡᠶ᠎ᠡ᠎ᠪᠠᠨ ᠳᠠᠭᠠᠭᠠᠵᠤ ᠪᠤᠭᠤᠮᠳᠠ ᠱᠢᠪᠲᠤᠯᠵᠤ᠂ ᠪᠦᠬᠦ᠌ ᠶᠠᠪᠤᠴᠠ ᠳ᠋ᠤ ᠠᠵᠢᠯ ᠲᠦᠷᠦᠯ᠎ᠤᠨ ᠤᠷᠦ᠋ᠢᠯᠠᠬ᠍ᠰᠠᠨ ᠲᠡᠮᠦᠷᠯᠢᠭ ᠪᠣᠯᠪᠠᠰᠤᠷᠠᠭᠤᠯᠬᠤ ᠮᠡᠷᠭᠡᠵᠢᠯ᠎ᠢ ᠪᠦᠷᠢᠯᠳᠦᠭᠦᠯᠵᠦ᠍᠂ ᠡᠨᠧᠷᠭᠢ ᠠᠷᠪᠢᠯᠠᠵᠤ ᠬᠤᠷᠣᠭ᠍ᠳᠠᠯ᠎ᠢ ᠪᠠᠭᠠᠰᠭᠠᠬᠤ᠂ ᠪᠣᠬᠢᠷᠲᠤᠯ ᠦᠭᠡᠢ ᠣᠷᠴᠢᠨ ᠲᠣᠭᠤᠷᠢᠨ᠎ᠢ ᠬᠠᠮᠠᠭᠠᠯᠠᠬᠤ᠂ ᠠᠵᠤ ᠠᠬᠤᠢ᠎ᠶ᠋ᠢᠨ ᠦᠷ᠎ᠡ ᠠᠱᠢᠭ᠎ᠢᠶᠠᠷ ᠳᠤᠪᠤᠢᠮ᠎ᠠ ᠵᠡᠷᠭᠡ ᠢᠯᠡᠳᠲᠡ ᠳᠠᠪᠠᠭᠤᠯᠢᠭ᠎ᠢ ᠪᠦᠷᠢᠯᠳᠦᠭᠦᠯᠦᠭ᠌ᠰᠡᠨ ᠪᠠᠢᠨ᠎ᠠ᠃

ᠡᠨᠡ ᠵᠢᠯ ᠤᠯᠠᠭᠠᠨᠬᠠᠳᠠ᠎ᠶ᠋ᠢᠨ ᠶᠦᠨ ᠲᠦᠩ ᠦᠩᠭᠡᠳᠦ ᠲᠡᠮᠦᠷᠯᠢᠭ᠎ᠤᠨ ᠬᠢᠵᠠᠭᠠᠷᠲᠤ ᠺᠤᠮᠫᠠᠨᠢ 《ᠦᠢᠯᠡᠳᠪᠦᠷᠢᠯᠡᠯ᠎ᠢ᠋ ᠲᠣᠭ᠍ᠲᠠᠪᠤᠷᠢᠵᠢᠭᠤᠯᠤᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠂ ᠡᠵᠡᠩᠨᠡᠯᠲᠡ᠎ᠶ᠋ᠢ ᠶᠡᠬᠡᠪᠡᠷ ᠨᠡᠮᠡᠭ᠌ᠳᠡᠭᠦᠯᠬᠦ᠂ ᠳᠤᠭᠠᠴᠢᠯᠠᠯᠳᠠ ᠤᠶᠤᠨᠴᠢᠯᠠᠯᠳᠠ ᠪᠠᠷ ᠡᠨᠧᠷᠭᠢ ᠣᠯᠭᠤᠬᠤ᠂ ᠥᠭᠡᠷᠡᠴᠢᠯᠡᠯᠲᠡ᠎ᠶ᠋ᠢᠨ ᠪᠣᠭᠤᠮᠲᠠ ᠵᠢ ᠱᠢᠪᠲᠤᠯᠬᠤ》 ᠳᠥᠷᠪᠡᠨ ᠶᠡᠭᠡ ᠭᠤᠣᠯ ᠡᠭᠦᠷᠭᠡ᠎ᠶ᠋ᠢ ᠲᠣᠭ᠍ᠲᠠᠭᠠᠵᠤ᠂ ᠦᠢᠯᠡᠳᠪᠦᠷᠢᠯᠡᠯ ᠡᠵᠡᠩᠨᠡᠯᠲᠡ᠎ᠶ᠋ᠢ ᠨᠠᠷᠢᠯᠢᠭ ᠤᠨᠤᠪᠴᠢᠳᠠᠢ ᠪᠠᠢᠷᠢᠱᠢᠭᠤᠯᠵᠤ᠂ ᠪᠣᠭᠤᠮᠲᠠ ᠱᠢᠪᠲᠤᠯᠬᠤ ᠠᠵᠢᠯ᠎ᠢ ᠠᠬᠢᠭᠤᠯᠪᠠ᠃ 《ᠭᠤᠷᠪᠠᠳᠤᠭᠠᠷ ᠰᠠᠷ᠎ᠠ᠎ᠶ᠋ᠢᠨ ᠰᠡᠭᠦᠯᠴᠢ ᠪᠣᠯᠲᠠᠯ᠎ᠠ᠂ ᠠᠵᠤ ᠠᠬᠤᠢᠯᠠᠯ᠎ᠤᠨ ᠴᠠᠬᠢᠯᠭᠠᠨ ᠵᠡᠰ᠂ ᠬᠦᠬᠦᠷ ᠬᠦᠴᠢᠯ᠂ ᠠᠯᠲᠠᠨ ᠲᠡᠪᠬᠡ᠂ ᠮᠥᠩᠭᠦᠨ ᠴᠢᠳᠭᠤᠮᠠᠯ ᠲᠣᠰ ᠲᠣᠰ ᠣᠨ᠎ᠤ ᠬᠠᠷᠠᠯᠲᠠ ᠵᠢᠨ ᠵᠢᠡᠨ 29.85%᠂ 28.81%᠂ 29.86%᠂ 36.22%᠎ᠢ ᠪᠡᠶᠡᠯᠡᠭᠦᠯᠵᠦ᠍᠂ ᠦᠢᠯᠡᠳᠪᠦᠷᠢᠯᠡᠯ᠎ᠤᠨ ᠡᠭᠦᠷᠭᠡ᠎ᠪᠠᠨ ᠱᠠᠲᠤᠴᠢ ᠴᠢᠨᠠᠷᠲᠠᠶ ᠪᠡᠶᠡᠯᠡᠭᠦᠯᠵᠦ᠍᠂ ᠦᠢᠯᠡᠳᠪᠦᠷᠢᠯᠡᠯ ᠡᠵᠡᠩᠨᠡᠯᠲᠡ ᠲᠣᠭ᠍ᠲᠠᠭᠤᠨ᠎ᠤ ᠳᠤᠮᠳᠠ ᠰᠠᠢᠵᠢᠷᠠᠵᠤ᠂ ᠬᠥᠭ᠌ᠵᠢᠯᠲᠡ᠎ᠶ᠋ᠢᠨ ᠶᠠᠰᠤ ᠴᠢᠨᠠᠷ ᠦᠷ᠎ᠡ ᠠᠱᠢᠭ ᠲᠣᠭ᠍ᠲᠠᠭᠤᠨ᠎ᠢᠶᠠᠷ ᠳᠡᠭᠡᠭ᠌ᠰᠢᠯᠡᠪᠡ》 ᠬᠡᠵᠤ ᠤᠯᠠᠭᠠᠨᠬᠠᠳᠠ᠎ᠶ᠋ᠢᠨ ᠶᠦᠨ ᠲᠦᠩ ᠦᠩᠭᠡᠳᠦ ᠲᠡᠮᠦᠷᠯᠢᠭ᠎ᠤᠨ ᠬᠢᠵᠠᠭᠠᠷᠲᠤ ᠺᠤᠮᠫᠠᠨᠢ᠎ᠵᠢᠨ ᠳᠡᠳ᠋ ᠶᠡᠷᠦᠩᠬᠡᠢ ᠳᠠᠭᠠᠭᠠᠮᠠᠯ ᠱᠧᠨ ᠭᠦᠸᠧ ᠬᠤᠸᠠ ᠲᠠᠨᠢᠯᠴᠠᠭᠤᠯᠪᠠ᠃

ᠤᠯᠠᠮᠵᠢᠯᠠᠯᠲᠤ ᠳᠠᠪᠠᠭᠤᠯᠢᠭ ᠠᠵᠤ ᠦᠢᠯᠡᠰ᠎ᠢ ᠭᠦᠨᠵᠡᠭᠡᠶ ᠬᠥᠭ᠌ᠵᠢᠭᠦᠯᠬᠦ᠌᠎ᠶ᠋ᠢᠨ ᠬᠠᠮᠲᠤ᠌᠂ ᠤᠯᠠᠭᠠᠨᠬᠠᠳᠠ ᠬᠤᠲᠠ ᠱᠢᠨ᠎ᠡ᠎ᠪᠠᠷ ᠬᠥᠭ᠌ᠵᠢᠭ᠌ᠰᠡᠨ ᠠᠵᠤ ᠦᠢᠯᠡᠰ᠎ᠢ ᠢᠳᠡᠪᠬᠢᠲᠡᠶ ᠪᠤᠢᠵᠢᠭᠤᠯᠵᠤ᠂ ᠢᠷᠡᠭᠡᠳᠦᠶ᠎ᠶ᠋ᠢᠨ ᠠᠵᠤ ᠦᠢᠯᠡᠰ᠎ᠢ ᠬᠦᠴᠦᠯᠡᠨ ᠪᠠᠢᠷᠢᠱᠢᠭᠤᠯᠵᠤ᠂ ᠠᠵᠤ ᠦᠢᠯᠡᠰ᠎ᠤᠨ ᠪᠦᠲᠦᠴᠡ᠎ᠶ᠋ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠣᠯᠠᠨ ᠡᠱᠢᠵᠢᠨ ᠬᠠᠮᠵᠢᠯᠴᠠᠭ᠍ᠰᠠᠨ᠂ ᠳᠠᠪᠠᠭᠤᠯᠢᠭ ᠲᠠᠯ᠎ᠠ᠎ᠪᠠᠷ᠎ᠢᠶᠠᠨ ᠬᠠᠷᠢᠯᠴᠠᠨ ᠨᠥᠬᠦᠪᠥᠷᠢᠯᠡᠭ᠌ᠰᠡᠨ ᠣᠳᠣᠬᠢᠴᠢᠯᠠᠭ᠍ᠰᠠᠨ ᠠᠵᠤ ᠦᠢᠯᠡᠳᠪᠦᠷᠢ᠎ᠶ᠋ᠢᠨ ᠠᠵᠤ ᠦᠢᠯᠡᠰ᠎ᠤᠨ ᠱᠢᠰᠲ᠋ᠧᠮ᠎ᠢ ᠪᠠᠢᠭᠤᠯᠵᠠᠢ᠃

ᠥᠪᠥᠷ ᠮᠣᠩᠭᠤᠯ᠎ᠤᠨ ᠱᠢᠩ ᠶᠣᠣ ᠱᠢᠨ᠎ᠡ ᠮᠠᠲ᠋ᠧᠷᠢᠶᠠᠯ᠎ᠤᠨ ᠦᠢᠯᠡᠳᠪᠦᠷᠢ ᠵᠢᠨ ᠲᠠᠰᠤᠭ᠎ᠲᠤ ᠬᠦᠷᠬᠦ ᠳ᠋ᠤ᠂ ᠤᠶᠤᠨᠴᠢᠯᠠᠭ᠍ᠰᠠᠨ ᠦᠢᠯᠡᠳᠪᠦᠷᠢᠯᠡᠯ᠎ᠤᠨ ᠱᠤᠭᠤᠮ᠎ᠢ ᠡᠮᠬᠢ ᠵᠢᠷᠤᠮ᠎ᠲᠠᠢ ᠠᠵᠢᠯᠯᠠᠭᠤᠯᠵᠤ᠂ ᠨᠢᠭᠡ ᠰᠠᠭᠤᠷᠢ ᠸᠣᠯᠹᠷᠠᠮ᠎ᠤᠨ ᠬᠠᠢᠯᠤᠰᠢ᠎ᠶ᠋ᠢᠨ ᠰᠢᠳᠡᠮᠯᠢᠭ ᠮᠠᠲ᠋ᠧᠷᠢᠶᠠᠯ ᠨᠢ ᠤᠭ᠍ᠰᠠᠷᠠᠵᠤ ᠪᠣᠯᠪᠠᠰᠤᠷᠠᠭᠤᠯᠬᠤ᠂ ᠤᠲᠠᠰᠤ ᠲᠠᠲᠠᠬᠤ᠂ ᠴᠠᠬᠢᠯᠭᠠᠨ ᠵᠠᠳᠠᠷᠠᠯ᠎ᠢᠶᠠᠷ ᠭᠢᠯᠠᠢᠯᠭᠠᠬᠤ ᠵᠡᠷᠭᠡ ᠤᠯᠠᠨ ᠵᠦᠢᠯ᠎ᠤᠨ ᠨᠠᠷᠢᠯᠢᠭ ᠠᠵᠢᠯ᠎ᠤᠨ ᠶᠠᠪᠤᠴᠠ᠎ᠶ᠋ᠢ ᠥᠩᠭᠡᠷᠡᠭᠡᠵᠦ᠍᠂ ᠸᠣᠯᠹᠷᠠᠮ ᠮᠤᠯᠢᠪᠳᠧᠨ᠎ᠤ ᠬᠠᠢᠯᠤᠱᠢᠨ ᠱᠢᠷᠬᠡᠭ᠎ᠢ ᠪᠣᠯᠪᠠᠰᠤᠷᠠᠭᠤᠯᠤᠨ ᠭᠠᠷᠭᠠᠪᠠ᠃

ᠸᠤᠯᠹᠷᠠᠮ ᠮᠣᠯᠢᠪᠳᠧᠨ ᠤ᠋ ᠳᠡᠭᠡᠳᠦ ᠴᠢᠳᠡᠪᠬᠢᠳᠦ ᠮᠠᠲ᠋ᠧᠷᠢᠶᠠᠯ᠎ᠢ ᠰᠤᠳᠤᠯᠤᠨ ᠦᠶ᠋ᠯᠡᠳᠬᠦ᠌᠎ᠳᠤ ᠠᠩᠬᠠᠷᠤᠯ᠎ᠢᠶᠠᠨ ᠲᠥᠪᠯᠡᠷᠡᠭᠦᠯᠦᠭ᠌ᠰᠡᠨ ᠳᠡᠭᠡᠳᠦ ᠱᠢᠨ᠎ᠡ ᠮᠡᠷᠭᠡᠵᠢᠯ᠎ᠤᠨ ᠠᠵᠤ ᠠᠬᠤᠢᠯᠠᠯ ᠪᠣᠯᠤᠭ᠍ᠰᠠᠨ᠎ᠤ ᠬᠤᠪᠢ᠎ᠳᠤ᠂ ᠥᠪᠥᠷ ᠮᠣᠩᠭᠤᠯ᠎ᠤᠨ ᠱᠢᠩ ᠶᠣᠣ ᠱᠢᠨ᠎ᠡ ᠮᠠᠲ᠋ᠧᠷᠢᠶᠠᠯ᠎ᠤᠨ ᠦᠶ᠋ᠯᠡᠳᠪᠦᠷᠢᠯᠡᠭ᠌ᠰᠡᠨ ᠦᠶ᠋ᠯᠡᠳᠬᠦᠨ᠎ᠨᠢ ᠬᠠᠭᠠᠰ ᠳᠠᠮᠵᠢᠭᠤᠯᠤᠭ᠍ᠴᠢ᠂ ᠬᠡᠷᠡᠯᠴᠢ ᠴᠡᠨᠡᠭ᠎ᠤᠨ ᠱᠢᠨ᠎ᠡ ᠡᠨᠧᠷᠭᠢ᠂ ᠳᠡᠭᠡᠳᠦ ᠲᠠᠰ᠎ᠤᠨ ᠲᠣᠨᠤᠭ ᠲᠥᠬᠦᠭᠡᠷᠦᠮᠵᠢ ᠦᠶ᠋ᠯᠡᠳᠬᠦ᠌ ᠵᠡᠷᠭᠡ ᠬᠦᠷᠢᠶᠡᠨ᠎ᠳᠤ ᠦᠷᠭᠡᠨ ᠵᠢᠡᠷ ᠬᠡᠷᠡᠭᠯᠡᠭᠳᠡᠵᠦ ᠪᠤᠢ᠃ ᠠᠵᠤ ᠠᠬᠤᠢᠯᠠᠯ᠎ᠤᠨ ᠵᠢᠯ᠎ᠳᠤ 3600 ᠲᠣᠨ ᠥᠨᠳᠥᠷ ᠴᠢᠳᠠᠪᠬᠢᠲᠤ ᠸᠣᠯᠹᠷᠠᠮ ᠮᠣᠯᠢᠪᠳᠧᠨ ᠱᠢᠳᠡᠮᠡᠯ ᠮᠠᠲ᠋ᠧᠷᠢᠶᠠᠯ ᠵᠢᠴᠢ ᠪᠦᠲᠦᠭᠡᠭ᠌ᠳᠡᠬᠦᠨ ᠦᠢᠯᠡᠳᠪᠦᠷᠢᠯᠡᠬᠦ ᠲᠦᠷᠦᠯ ᠵᠦᠢᠯ᠎ᠢ ᠭᠤᠷᠪᠠᠨ ᠬᠤᠭᠤᠴᠠᠭ᠎ᠠ ᠬᠤᠪᠢᠶᠠᠨ ᠪᠠᠢᠭᠤᠯᠵᠤ᠂ ᠣᠳᠣᠬᠠᠨ᠎ᠳᠤ ᠨᠢᠭᠡᠳᠦᠭᠡᠷ ᠬᠤᠭᠤᠴᠠᠭᠠᠨ᠎ᠤ ᠲᠦᠷᠦᠯ ᠵᠦᠢᠯ ᠨᠢᠭᠡᠨᠲᠡ ᠪᠦᠬᠦ᠌ ᠲᠠᠯ᠎ᠠ᠎ᠪᠠᠷ ᠠᠱᠢᠭ᠍ᠯᠠᠯᠲᠠ᠎ᠳᠤ ᠣᠷᠣᠵᠤ᠂ ᠦᠢᠯᠡᠳᠬᠦᠨ᠎ᠤ ᠮᠠᠲ᠋ᠧᠷᠢᠶᠠᠯ᠎ᠤᠨ ᠨᠤᠷᠮ᠎ᠠ᠎ᠶ᠋ᠢ ᠤᠯᠤᠰ᠎ᠤᠨ ᠳᠣᠲᠣᠭᠠᠳᠤ᠎ᠶ᠋ᠢᠨ ᠲᠡᠷᠢᠭᠦᠨ᠎ᠤ ᠲᠦᠪᠱᠢᠨ᠎ᠳᠤ ᠬᠦᠷᠭᠡᠵᠡᠢ᠃

ᠠᠵᠤ ᠦᠢᠯᠡᠰ᠎ᠤᠨ ᠥᠷᠨᠢᠩᠭᠦᠢ ᠬᠥᠭ᠌ᠵᠢᠯᠲᠡ᠎ᠶ᠋ᠢᠨ ᠠᠷᠤ᠎ᠳᠤ ᠠᠷᠠᠯᠵᠢᠶ᠎ᠠ ᠡᠵᠡᠩᠨᠡᠬᠦ᠌ ᠰᠠᠢᠨ ᠰᠠᠢᠬᠠᠨ ᠣᠷᠴᠢᠨ ᠨᠦᠬᠦᠴᠡᠯ ᠪᠦᠬᠦ᠌ ᠬᠦᠴᠦᠨ᠎ᠢᠶᠠᠷ᠎ᠢᠶᠠᠨ ᠪᠠᠳᠤᠯᠠᠭ᠎ᠠ ᠬᠠᠡᠭᠭᠠᠵᠤ ᠪᠠᠢᠳᠠᠭ᠃ ᠤᠯᠠᠭᠠᠨᠬᠠᠳᠠ ᠬᠤᠳᠠ 《ᠠᠵᠤ ᠠᠬᠤᠢᠯᠠᠯ᠎ᠳᠤ ᠦᠢᠯᠡᠴᠢᠯᠡᠬᠦ᠌ ᠪᠣᠯ ᠳᠠᠷᠤᠢ ᠬᠥᠭ᠌ᠵᠢᠯᠲᠡ᠎ᠳᠤ ᠦᠢᠯᠡᠴᠢᠯᠡᠬᠦ᠌ ᠶᠠᠪᠤᠳᠠᠯ᠂ ᠲᠦᠷᠦᠯ ᠵᠦᠢᠯ᠎ᠳᠤ ᠦᠢᠯᠡᠴᠢᠯᠡᠬᠦ᠌ ᠪᠣᠯ ᠳᠠᠷᠤᠢ ᠢᠷᠡᠭᠡᠳᠦᠢ᠎ᠳᠤ ᠦᠢᠯᠡᠴᠢᠯᠡᠬᠦ᠌ ᠶᠠᠪᠤᠳᠠᠯ ᠮᠥᠨ》 ᠭᠡᠬᠦ᠌ ᠣᠢᠯᠠᠭᠠᠭ᠍ᠳᠠᠬᠤᠨ᠎ᠢ ᠢᠮᠠᠭ᠍ᠲᠠ ᠪᠠᠷᠢᠮᠲᠠᠯᠠᠵᠤ᠂ ᠠᠷᠠᠯᠵᠢᠶ᠎ᠠ ᠡᠵᠡᠡᠭᠨᠡᠬᠦ ᠣᠷᠴᠢᠨ ᠨᠥᠬᠦᠴᠡᠯ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠠᠵᠤ ᠠᠬᠤᠢᠯᠠᠯ᠎ᠳᠤ ᠠᠱᠢᠭ ᠬᠦᠷᠲᠡᠭᠡᠬᠦ᠌ ᠡᠯ᠎ᠡ ᠲᠦᠷᠦᠯ᠎ᠤᠨ ᠲᠦᠷᠦ᠍᠎ᠶ᠋ᠢᠨ ᠪᠤᠳᠤᠯᠭ᠎ᠠ᠎ᠶ᠋ᠢ ᠤᠨᠢᠨ ᠳᠡᠭᠡᠷ᠎ᠡ᠎ᠨᠢ ᠨᠠᠢᠳᠠᠪᠤᠷᠢᠵᠢᠭᠤᠯᠵᠤ᠂ ᠭᠠᠵᠠᠷ ᠱᠢᠷᠣᠢ᠂ ᠴᠢᠳᠠᠪᠤᠷᠢᠲᠠᠨ᠂ ᠪᠡᠯᠡ ᠮᠥᠩᠭᠦ᠌ ᠵᠡᠷᠭᠡ ᠡᠯᠧᠮᠧᠨ᠋ᠲ᠎ᠤᠨ ᠪᠠᠲᠤᠯᠠᠭ᠎ᠠ᠎ᠶ᠋ᠢ ᠲᠠᠰᠤᠷᠠᠯᠲᠠ ᠦᠭᠡᠢ ᠴᠢᠩᠭᠠᠳᠭᠠᠪᠠ᠃ ᠠᠵᠤ ᠠᠬᠤᠢᠯᠠᠯ᠎ᠤᠨ ᠦᠢᠯᠡᠳᠪᠦᠷᠢᠯᠡᠯ ᠡᠵᠡᠩᠨᠡᠯᠲᠡ᠂ ᠲᠦᠷᠦᠯ ᠵᠦᠢᠯ᠎ᠤᠨ ᠪᠦᠲᠦᠭᠡᠨ ᠪᠠᠢᠭᠤᠯᠤᠯᠲᠠ᠂ ᠵᠠᠬ᠎ᠠ ᠳᠡᠯᠭᠡᠭᠦᠷ᠎ᠢ ᠥᠷᠭᠡᠳᠭᠡᠬᠦ᠌ ᠪᠦᠬᠦ᠌ ᠬᠡᠯᠬᠢᠶ᠎ᠡ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠥᠭ᠌ᠵᠢᠯᠲᠡ᠎ᠶ᠋ᠢᠨ ᠲᠦᠭ᠌ᠵᠢᠷᠡᠯ᠂ ᠬᠦᠴᠢᠷᠳᠡᠯ᠂ ᠡᠪᠡᠷᠱᠢᠶᠡᠯ᠎ᠤᠨ ᠠᠰᠠᠭᠤᠳᠠᠯ᠎ᠢ ᠱᠢᠢᠳᠪᠦᠷᠢᠯᠡᠵᠦ᠍᠂ ᠠᠵᠤ ᠦᠢᠯᠡᠳᠪᠦᠷᠢ᠎ᠶ᠋ᠢᠨ ᠮᠡᠷᠭᠡᠵᠢᠯ᠎ᠤᠨ ᠥᠭᠡᠷᠡᠴᠢᠯᠡᠯᠲᠡ᠂ ᠱᠢᠨ᠎ᠡ᠎ᠪᠠᠷ ᠪᠠᠢᠭᠤᠯᠤᠭ᠍ᠰᠠᠨ ᠠᠵᠤ ᠦᠢᠯᠡᠰ᠎ᠤᠨ ᠲᠦᠷᠦᠯ ᠵᠦᠢᠯ᠎ᠢ ᠲᠦᠷᠭᠡᠨ ᠬᠢᠨᠠᠨ ᠵᠥᠪᠱᠢᠶᠡᠷᠡᠬᠦ᠂ ᠲᠦᠷᠭᠡᠨ ᠪᠦᠲᠦᠭᠡᠨ ᠪᠠᠢᠭᠤᠯᠬᠤ᠂ ᠲᠦᠷᠭᠡᠨ ᠠᠱᠢᠭ᠍ᠯᠠᠯᠲᠠ᠎ᠳᠤ ᠣᠷᠣᠭᠤᠯᠬᠤ᠂ ᠲᠦᠷᠭᠡᠨ ᠦᠷ᠎ᠡ ᠪᠦᠲᠦᠮᠵᠢ ᠣᠯᠬᠤ᠎ᠶ᠋ᠢ ᠪᠦᠬᠦ᠌ ᠬᠦᠴᠦᠨ᠎ᠢᠶᠠᠷ᠎ᠢᠶᠠᠨ ᠠᠬᠢᠭᠤᠯᠵᠤ᠂ ᠰᠡᠳᠭᠢᠯ᠎ᠢ ᠳᠤᠯᠠᠭᠠᠴᠠᠭᠤᠯᠬᠤ ᠦᠢᠯᠡᠴᠢᠯᠡᠭᠡ ᠪᠠᠷ ᠬᠦᠴᠢᠷᠳᠡᠯ᠎ᠢ ᠱᠢᠢᠳᠪᠦᠷᠢᠯᠡᠵᠦ᠍᠂ ᠪᠣᠳᠠᠲᠠᠢ᠎ᠶ᠋ᠢ ᠡᠷᠬᠢᠮᠯᠡᠬᠦ᠌ ᠠᠷᠭ᠎ᠠ ᠬᠡᠮᠵᠢᠶ᠎ᠡ᠎ᠪᠠᠷ ᠬᠦᠴᠦᠨ ᠴᠢᠳᠠᠯ ᠬᠤᠷᠠᠮᠳᠤᠭᠤᠯᠵᠤ᠂ ᠪᠦᠬᠦ᠌ ᠬᠤᠳᠠ᠎ᠶ᠋ᠢᠨ ᠠᠵᠤ ᠦᠢᠯᠡᠳᠪᠦᠷᠢ᠎ᠶ᠋ᠢᠨ ᠠᠵᠤ ᠠᠬᠤᠢ᠎ᠶ᠋ᠢᠨ ᠲᠣᠭ᠍ᠲᠠᠭᠤᠨ ᠡᠷᠡᠭᠦᠯ᠎ᠢᠶᠠᠷ ᠬᠥᠭ᠌ᠵᠢᠬᠦ᠌᠎ᠶ᠋ᠢ ᠪᠠᠲᠤᠯᠠᠵᠤ ᠪᠠᠢᠨ᠎ᠠ᠃

ᠠᠵᠤ ᠦᠢᠯᠡᠳᠪᠦᠷᠢ᠎ᠶ᠋ᠢᠨ ᠠᠵᠤ ᠠᠬᠤᠢ᠎ᠶ᠋ᠢᠨ ᠬᠢᠯᠠᠯᠵᠠᠮ᠎ᠠ ᠱᠢᠯᠭᠠᠯᠲᠠ᠎ᠶ᠋ᠢᠨ ᠬᠠᠭᠤᠳᠠᠰᠤ ᠪᠣᠯ ᠪᠦᠬᠦ᠌ ᠬᠤᠳᠠ᠎ᠶ᠋ᠢᠨ ᠠᠵᠤ ᠦᠢᠯᠡᠳᠪᠦᠷᠢ᠎ᠶ᠋ᠢᠨ ᠹᠷᠣᠨᠲ᠎ᠤᠨ ᠰᠡᠳᠭᠢᠯ᠎ᠢᠶᠠᠨ ᠨᠢᠭᠡᠳᠭᠡᠨ ᠬᠦᠴᠦ᠍᠎ᠪᠠᠨ ᠬᠠᠮᠲᠤᠳᠭᠠᠵᠤ᠂ ᠪᠣᠳᠠᠲᠠᠢ ᠠᠵᠢᠯᠯᠠᠵᠤ ᠡᠷᠡᠯᠬᠡᠭ᠌ᠯᠡᠨ ᠲᠡᠮᠡᠴᠡᠭ᠌ᠰᠡᠨ ᠠᠮᠢᠳᠤᠯᠢᠭ ᠬᠤᠷᠢᠶᠠᠩᠭᠤᠢ ᠳᠦᠷᠢ᠂ ᠨᠡᠩ ᠴᠤ᠌ ᠪᠦᠬᠦ᠌ ᠬᠤᠳᠠ᠎ᠶ᠋ᠢᠨ ᠠᠵᠤ ᠦᠢᠯᠡᠳᠪᠦᠷᠢ᠎ᠶ᠋ᠢᠨ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢᠨ ᠯᠠᠪᠳᠠᠭᠤᠨ᠎ᠢᠶᠠᠷ ᠬᠤᠯᠠ ᠠᠶᠠᠯᠠᠬᠤ᠎ᠶ᠋ᠢᠨ ᠰᠠᠢᠨ ᠰᠠᠢᠬᠠᠨ ᠡᠬᠢᠯᠡᠯᠲᠡ ᠮᠥᠨ᠃ ᠤᠯᠠᠭᠠᠨᠬᠠᠳᠠ ᠬᠤᠳᠠ ᠠᠵᠤ ᠦᠢᠯᠡᠰ᠎ᠢ ᠶᠡᠬᠡ ᠪᠡᠷ ᠠᠳᠭᠤᠬᠤ᠂ ᠠᠵᠤ ᠦᠢᠯᠡᠳᠪᠦᠷᠢ᠎ᠶ᠋ᠢᠨ ᠬᠥᠭ᠌ᠵᠢᠯᠲᠡ᠎ᠶ᠋ᠢᠨ ᠤᠳᠤᠷᠢᠳᠤᠮᠵᠢ᠎ᠶ᠋ᠢ ᠦᠷᠭᠦᠯᠵᠢᠯᠡᠨ ᠪᠠᠷᠢᠮᠲᠠᠯᠠᠵᠤ᠂ ᠠᠵᠤ ᠦᠢᠯᠡᠳᠪᠦᠷᠢ᠎ᠶ᠋ᠢᠨ ᠠᠵᠤ ᠠᠬᠤᠢ᠎ᠶ᠋ᠢᠨ ᠥᠭᠡᠳᠡᠯᠡᠨ ᠰᠠᠢᠵᠢᠷᠠᠬᠤ ᠪᠠᠢᠳᠠᠯ᠎ᠢ ᠪᠠᠬᠢᠵᠢᠭᠦᠯᠦᠨ ᠥᠷᠭᠡᠳᠭᠡᠵᠦ᠍᠂ ᠤᠷᠳᠤ ᠬᠤᠭᠤᠴᠠᠭ᠎ᠠ᠎ᠪᠠᠷ ᠬᠦᠴᠦᠯᠡᠵᠦ᠍᠂ ᠠᠵᠤ ᠦᠢᠯᠡᠳᠪᠦᠷᠢ᠎ᠶ᠋ᠢᠨ ᠠᠵᠤ ᠠᠬᠤᠢ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠵᠦ᠍ ᠦᠷ᠎ᠡ ᠠᠱᠢᠭ᠎ᠢ ᠨᠡᠮᠡᠭ᠌ᠳᠡᠭᠦᠯᠬᠦ᠂ ᠠᠵᠤ ᠦᠢᠯᠡᠰ᠎ᠢ ᠲᠡᠰ ᠳᠡᠪᠱᠢᠭᠦᠯᠬᠦ᠌᠎ᠶ᠋ᠢ ᠪᠦᠬᠦ᠌ ᠬᠦᠴᠦᠨ᠎ᠢᠶᠠᠷ᠎ᠢᠶᠠᠨ ᠠᠬᠢᠭᠤᠯᠵᠤ᠂ ᠪᠦᠬᠦ᠌ ᠬᠤᠳᠠ᠎ᠶ᠋ᠢᠨ ᠠᠵᠤ ᠠᠬᠤᠢ ᠨᠡᠢᠭᠡᠮ᠎ᠤᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号