ᠤᠢᠷ᠎ᠠ ᠵᠢᠨ ᠡᠳᠦᠷ᠂ ᠬᠦᠬᠡᠬᠤᠳᠠ ᠵᠢᠨ ᠬᠤᠳᠤᠩ ᠠᠷᠠᠳ ᠤ᠋ᠨ ᠲᠤᠭᠤᠷᠢᠬ ᠤ᠋ᠨ ᠠᠷᠠᠳ ᠤ᠋ᠨ ᠪᠠᠢᠴᠠᠭᠠᠬᠤ ᠬᠤᠷᠢᠶ᠎ᠠ ᠨᠢ ᠬᠦᠬᠡᠬᠤᠳᠠ ᠪᠠ ᠬᠤᠳᠤᠩ ᠠᠷᠠᠳ ᠤ᠋ᠨ ᠲᠤᠭᠤᠷᠢᠬ ᠤ᠋ᠨ ᠡᠮᠡᠭᠳᠡᠢᠴᠦᠳ ᠤ᠋ᠨ ᠬᠤᠯᠪᠤᠭ᠎ᠠ ᠲᠠᠢ ᠬᠠᠮᠵᠢᠯᠴᠠᠨ ᠬᠤᠳᠤᠩ ᠠᠷᠠᠳ ᠤ᠋ᠨ ᠲᠤᠭᠤᠷᠢᠬ ᠤ᠋ᠨ ᠵᠠᠯᠠᠭᠤᠴᠤᠳ ᠪᠠᠭᠠᠴᠤᠳ ᠤ᠋ᠨ ᠬᠠᠤᠯᠢ ᠪᠡᠷ ᠵᠠᠰᠠᠬᠤ ᠬᠦᠮᠦᠵᠢᠯ ᠤ᠋ᠨ ᠰᠠᠭᠤᠷᠢᠨ ᠳ᠋ᠸ᠋᠂ 《ᠬᠡᠦᠬᠡᠳ ᠤ᠋ᠨ ᠰᠡᠳᠬᠢᠯ ᠨᠠᠮ ᠳ᠋ᠠᠭᠠᠨ ᠬᠠᠨᠳᠤᠵᠤ᠂ ᠬᠠᠯᠠᠮᠵᠢ ᠵᠢᠨ ᠰᠡᠳᠬᠢᠯ ᠬᠦᠰᠡᠯ ᠮᠦᠷᠦᠬᠡᠳᠦᠯ ᠢ ᠬᠦᠪᠦᠷᠡᠬᠦᠯᠬᠦ》 ᠬᠦᠴᠢᠷᠳᠡᠯ ᠳ᠋ᠸ᠋ ᠲᠤᠯᠭᠠᠷᠠᠬᠰᠠᠨ ᠬᠡᠦᠬᠡᠳ ᠢ ᠬᠠᠢᠷᠠᠯᠠᠨ ᠬᠠᠯᠠᠮᠵᠢᠯᠠᠬᠤ ᠠᠵᠢᠯᠯᠠᠭ᠎ᠠ ᠡᠷᠬᠢᠯᠡᠵᠦ᠂ 84 ᠬᠡᠷ ᠲᠡᠭᠡᠨ ᠦᠯᠡᠳᠡᠵᠦ ᠬᠤᠴᠤᠷᠤᠬᠰᠠᠨ᠂ ᠵᠡᠮᠳᠡᠭ ᠪᠠ ᠠᠷᠠᠴᠢᠯᠠᠨ ᠲᠡᠵᠢᠬᠡᠬᠦ ᠬᠦᠮᠦᠨ ᠦᠬᠡᠢ ᠬᠡᠦᠬᠡᠳ ᠲᠦ᠍ ᠬᠠᠤᠯᠢ ᠪᠡᠷ ᠵᠠᠰᠠᠬᠤ ᠬᠠᠯᠠᠮᠵᠢᠯᠠᠯ ᠪᠠ ᠪᠠᠶᠠᠷ ᠤ᠋ᠨ ᠡᠳᠦᠷ ᠤ᠋ᠨ ᠬᠦᠰᠡᠯ ᠵᠦᠩᠨᠡᠯ ᠢ ᠲᠡᠪᠰᠢᠬᠦᠯᠵᠡᠢ᠃
ᠠᠵᠢᠯᠯᠠᠭ᠎ᠠ ᠨᠢ ᠬᠠᠤᠯᠢ ᠴᠠᠭᠠᠵᠠ ᠵᠢᠨ ᠬᠠᠮᠠᠭᠠᠯᠠᠯᠳᠠ ᠵᠢ ᠬᠠᠯᠠᠭᠤᠨ ᠰᠡᠳᠬᠢᠯ ᠵᠢᠡᠷ ᠬᠠᠪᠰᠤᠷᠤᠨ ᠲᠡᠳᠬᠦᠬᠦ ᠠᠵᠢᠯ ᠳ᠋ᠸ᠋ ᠠᠭᠤᠰᠬᠠᠨ ᠤᠷᠤᠭᠤᠯᠵᠤ᠂ ᠲᠤᠰᠬᠠᠢ ᠰᠡᠳᠦᠪᠳᠦ ᠬᠠᠤᠯᠢ ᠪᠡᠷ ᠵᠠᠰᠠᠬᠤ ᠶᠠᠷᠢᠶ᠎ᠠ ᠲᠠᠢᠯᠤᠮᠵᠢ᠂ ᠲᠤᠬᠤᠨᠢᠭᠤᠯᠬᠤ ᠵᠡᠷᠬᠡ ᠭᠤᠬᠴᠤᠭ᠎ᠠ ᠪᠡᠷ ᠲᠠᠮᠵᠢᠨ᠂ ᠬᠠᠢᠷ᠎ᠠ ᠬᠠᠯᠠᠮᠵᠢ ᠵᠢ ᠪᠤᠳᠠᠳᠠᠢ ᠳ᠋ᠸ᠋ ᠨᠠᠢᠳᠠᠪᠤᠷᠢᠵᠢᠭᠤᠯᠤᠨ᠂ ᠬᠠᠮᠠᠭᠠᠯᠠᠯᠳᠠ ᠵᠢ ᠨᠠᠷᠢᠯᠢᠬ ᠰᠠᠢᠬᠠᠨ ᠬᠢᠪᠡ᠃ ᠠᠵᠢᠯᠯᠠᠭ᠎ᠠ ᠡᠬᠢᠯᠡᠮᠡᠭᠴᠡ ᠬᠡᠦᠬᠡᠳ ᠤᠳ ᠪᠠᠢᠴᠠᠭᠠᠬᠤ ᠠᠵᠢᠯᠳᠠᠳ ᠤ᠋ᠨ ᠲᠠᠭᠠᠭᠤᠯᠭ᠎ᠠ ᠲᠤᠤᠷ᠎ᠠ ᠬᠠᠤᠯᠢ ᠪᠡᠷ ᠵᠠᠰᠠᠬᠤ ᠬᠦᠮᠦᠵᠢᠯ ᠤ᠋ᠨ ᠰᠠᠭᠤᠷᠢᠨ ᠵᠢᠡᠷ ᠲᠤᠭᠤᠷᠢᠨ ᠦᠵᠡᠵᠦ᠂ ᠪᠡᠶᠡᠴᠢᠯᠡᠨ ᠤᠢᠯᠠᠭᠠᠬᠤ ᠪᠡᠷ ᠲᠠᠮᠵᠢᠨ ᠬᠠᠤᠯᠢ ᠴᠠᠭᠠᠵᠠ ᠵᠢᠨ ᠮᠡᠳᠡᠯᠬᠡ ᠵᠢ ᠰᠤᠷᠤᠯᠴᠠᠵᠠᠢ᠃ ᠲᠠᠷᠠᠭ᠎ᠠ ᠨᠢ ᠨᠠᠰᠤᠨ ᠳ᠋ᠸ᠋ ᠦᠯᠦ ᠬᠦᠷᠦᠭᠰᠡᠳ ᠤ᠋ᠨ ᠪᠠᠢᠴᠠᠭᠠᠬᠤ ᠠᠵᠢᠯ ᠤ᠋ᠨ ᠪᠠᠢᠴᠠᠭᠠᠬᠤ ᠲᠤᠰᠢᠶᠠᠯᠳᠠᠨ ᠡᠴᠨ ᠬᠡᠦᠬᠡᠳ ᠪᠠᠭᠠᠴᠤᠳ ᠤ᠋ᠨ ᠪᠡᠶ᠎ᠡ ᠰᠡᠳᠬᠢᠴᠡ ᠵᠢᠨ ᠤᠨᠴᠠᠯᠢᠬ ᠲᠠᠢ ᠤᠶᠠᠯᠳᠤᠭᠤᠯᠤᠨ᠂ ᠬᠠᠤᠯᠢ ᠪᠡᠷ ᠵᠠᠰᠠᠬᠤ ᠶᠠᠷᠢᠶ᠎ᠠ ᠲᠠᠢᠯᠤᠮᠵᠢ ᠬᠢᠵᠦ᠂ ᠬᠠᠯᠳᠠᠯᠭ᠎ᠠ ᠵᠢ ᠰᠡᠷᠬᠡᠢᠯᠡᠬᠦ᠂ ᠦᠪᠡᠷ ᠢ ᠪᠡᠨ ᠬᠠᠮᠠᠭᠠᠯᠠᠬᠤ᠂ ᠡᠷᠬᠡ ᠠᠰᠢᠬ ᠢ ᠬᠠᠮᠠᠭᠠᠯᠠᠬᠤ ᠵᠡᠷᠬᠡ ᠠᠭᠤᠯᠭ᠎ᠠ ᠵᠢᠨ ᠲᠤᠭᠤᠷᠢᠨ ᠳ᠋ᠸ᠋ ᠬᠢᠯᠪᠠᠷ ᠤᠢᠯᠠᠭᠠᠮᠵᠢᠳᠠᠢ ᠬᠡᠯᠡ ᠬᠡᠯᠡᠯᠬᠡ ᠪᠠ ᠨᠡᠢᠳᠡᠯᠢᠭ ᠬᠡᠷᠡᠭ ᠤ᠋ᠨ ᠵᠢᠱ᠌ᠢᠶ᠎ᠡ ᠵᠢ ᠬᠡᠷᠡᠭᠯᠡᠨ᠂ ᠬᠡᠦᠬᠡᠳ ᠤᠳ ᠢ ᠬᠦᠳᠦᠯᠦᠨ ᠲᠠᠭᠠᠭᠤᠯᠵᠤ ᠬᠠᠤᠯᠢ ᠴᠠᠭᠠᠵᠠ ᠵᠢ ᠬᠦᠨᠳᠦᠳᠬᠡᠨ ᠬᠠᠤᠯᠢ ᠴᠠᠭᠠᠵᠠ ᠵᠢ ᠰᠤᠷᠤᠯᠴᠠᠵᠤ ᠬᠠᠤᠯᠢ ᠴᠠᠭᠠᠵᠠ ᠵᠢ ᠰᠠᠬᠢᠨ ᠬᠠᠤᠯᠢ ᠴᠠᠭᠠᠵᠠ ᠵᠢ ᠬᠡᠷᠡᠭᠯᠡᠵᠦ᠂ ᠠᠮᠤᠷ ᠲᠦᠪᠰᠢᠨ ᠤ᠋ ᠦᠵᠡᠯ ᠤᠬᠠᠮᠰᠠᠷ ᠪᠠ ᠦᠪᠡᠷ ᠢ ᠪᠡᠨ ᠬᠠᠮᠠᠭᠠᠯᠠᠬᠤ ᠴᠢᠳᠠᠪᠤᠷᠢ ᠵᠢ ᠲᠡᠭᠡᠭᠰᠢᠯᠡᠬᠦᠯᠵᠡᠢ᠃
ᠪᠠᠢᠴᠠᠭᠠᠬᠤ ᠠᠵᠢᠯᠳᠠᠳ ᠪᠠ ᠡᠮᠡᠭᠳᠡᠢᠴᠦᠳ ᠤ᠋ᠨ ᠬᠤᠯᠪᠤᠭ᠎ᠠ ᠵᠢᠨ ᠠᠵᠢᠯᠳᠠᠨ ᠡᠴᠨ ᠬᠡᠦᠬᠡᠳ ᠤᠳ ᠲᠦ᠍ ᠰᠤᠷᠤᠯᠭ᠎ᠠ ᠵᠢᠨ ᠬᠡᠷᠡᠭᠰᠡᠯ᠂ ᠠᠮᠢᠳᠤᠷᠠᠯ ᠤ᠋ᠨ ᠬᠡᠷᠡᠭᠰᠡᠯ ᠵᠡᠷᠬᠡ ᠬᠠᠢᠷ᠎ᠠ ᠬᠠᠯᠠᠮᠵᠢ ᠵᠢᠨ ᠪᠡᠯᠡᠭ ᠢ ᠬᠦᠷᠬᠡᠨ ᠦᠭᠴᠡᠢ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号