ᠪᠦᠬᠦ ᠤᠷᠤᠨ᠎ᠤ ᠤᠯᠠᠭᠠᠨᠮᠦ᠋ᠴᠢᠷ᠎ᠤᠨ 《ᠨᠢᠭᠡ᠎ᠳᠤ ᠮᠡᠷᠭᠡᠰᠢᠵᠦ ᠤᠯᠠᠨ᠎ᠳᠤ ᠴᠠᠭᠠᠷᠠᠭᠰᠠᠨ》 ᠮᠡᠷᠭᠡᠵᠢᠯ ᠴᠢᠳᠠᠪᠤᠷᠢ ᠵᠢᠨ ᠤᠷᠤᠯᠳᠤᠭᠠᠨ ᠰᠢᠯᠢ ᠵᠢᠨ ᠭᠤᠤᠯ᠎ᠳᠤ ᠡᠬᠢᠯᠡᠪᠡ
2026-06-17 10:36:29
ᠵᠣᠬᠢᠶᠠᠭ᠍ᠴᠢ᠄
​ ᠪᠢᠯᠢᠭᠪᠡᠭᠠᠳᠤᠷ
ᠣᠩᠱᠢᠭ᠍ᠰᠠᠨ ᠣᠳᠠᠭ᠎ᠠ᠄
★★★☆☆

6 ᠰᠠᠷ᠎ᠠ ᠵᠢᠨ 15᠎ᠤ᠋ ᠡᠳᠦᠷ᠂ 2026 ᠤᠨ᠎ᠤ ᠪᠦᠬᠦ ᠤᠷᠤᠨ᠎ᠤ ᠤᠯᠠᠭᠠᠨᠮᠦ᠋ᠴᠢᠷ᠎ᠤᠨ 《ᠨᠢᠭᠡ᠎ᠳᠤ ᠮᠡᠷᠭᠡᠰᠢᠵᠦ᠂ ᠤᠯᠠᠨ᠎ᠳᠤ ᠴᠠᠭᠠᠷᠠᠭᠰᠠᠨ》 ᠮᠡᠷᠭᠡᠵᠢᠯ ᠴᠢᠳᠠᠪᠤᠷᠢ ᠵᠢᠨ ᠤᠷᠤᠯᠳᠤᠭᠠᠨ ᠰᠢᠯᠢ ᠵᠢᠨ ᠭᠤᠤᠯ ᠠᠢᠮᠠᠭ᠎ᠤᠨ ᠲᠠᠭᠤᠤ ᠪᠦᠵᠢᠭ᠎ᠤᠨ ᠬᠦᠷᠢᠶᠠᠯᠡᠡᠭ᠎ᠳᠤ ᠡᠬᠢᠯᠡᠵᠦ᠂ ᠪᠦᠬᠦ ᠤᠷᠤᠨ᠎ᠤ 12 ᠠᠢᠮᠠᠭ ᠬᠤᠳᠠ ᠵᠢᠴᠢ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠰᠢᠭᠤᠳ ᠬᠠᠷᠢᠶ᠎ᠠ ᠤᠯᠠᠭᠠᠠᠮᠦ᠋ᠴᠢᠷ᠎ᠤᠨ 54 ᠲᠦᠯᠦᠭᠡᠯᠡᠭᠴᠢᠳ᠎ᠤᠨ ᠪᠠᠬ᠎ᠤᠨ 90 ᠭᠠᠷᠤᠢ ᠲᠤᠭᠯᠠᠭᠴᠢ ᠤᠷᠤᠯᠴᠠᠵᠠᠢ᠃

《ᠨᠢᠭᠡ᠎ᠳᠤ ᠮᠡᠷᠭᠡᠰᠢᠵᠦ᠂ ᠤᠯᠠᠨ᠎ᠳᠤ ᠴᠠᠭᠠᠷᠠᠬᠤ》 ᠪᠤᠯ ᠦᠶ᠎ᠡ ᠦᠶ᠎ᠡ ᠵᠢᠨ ᠤᠯᠠᠭᠠᠨᠮᠦ᠋ᠴᠢᠷ᠎ᠤᠨ ᠬᠦᠮᠦᠰ᠎ᠤᠨ ᠤᠯᠠᠮᠵᠢᠯᠠᠨ ᠪᠠᠷᠢᠮᠳᠠᠯᠠᠵᠦ ᠵᠠᠯᠭᠠᠮᠵᠢᠯᠠᠨ ᠪᠠᠳᠠᠷᠠᠭᠤᠯᠤᠭᠰᠠᠭᠠᠷ ᠢᠷᠡᠭᠰᠡᠨ ᠢᠷᠠᠭᠤ ᠠᠯᠳᠠᠷᠳᠤ ᠤᠯᠠᠮᠵᠢᠯᠠᠯ ᠪᠤᠯᠤᠨ᠎ᠠ᠃ ᠡᠢᠨ ᠬᠦ᠌ ᠪᠦᠬᠦ ᠤᠷᠤᠨ᠎ᠤ ᠤᠯᠠᠭᠠᠠᠮᠦ᠋ᠴᠢᠷ ᠡᠨᠡ ᠬᠦ᠌ ᠰᠢᠯᠢᠳᠡᠭ ᠤᠯᠠᠮᠵᠢᠯᠠᠯ ᠵᠢᠡᠨ ᠤᠯᠠᠮ ᠴᠢᠨᠠᠭᠰᠢᠳᠠ ᠤᠯᠠᠮᠵᠢᠯᠠᠨ ᠵᠠᠯᠭᠠᠮᠵᠢᠯᠠᠵᠦ᠂ ᠰᠢᠨ᠎ᠡ ᠴᠠᠭ ᠦᠶ᠎ᠡ ᠵᠢᠨ ᠰᠢᠯᠢᠳᠡᠭ ᠤᠷᠠᠨ ᠰᠠᠢᠬᠠᠨ᠎ᠤ ᠲᠤᠭᠯᠠᠭᠴᠢ ᠵᠢᠨ ᠬᠡᠪ ᠰᠤᠷᠳᠠᠯ ᠵᠢᠠᠨ ᠲᠡᠭᠡᠳᠦᠯᠡᠨ ᠬᠦᠭᠵᠢᠭᠦᠯᠵᠦ᠂ ᠶᠡᠷᠦᠨᠭᠬᠡᠢᠯᠡᠭᠰᠡᠨ ᠬᠡᠪ ᠪᠤᠯᠪᠠᠰᠤᠷᠠᠯ ᠵᠢᠠᠨ ᠦᠷᠭᠦᠯᠵᠢᠯᠡᠨ ᠲᠡᠭᠡᠭᠰᠢᠯᠡᠭᠦᠯᠬᠦ ᠵᠢᠨ ᠲᠤᠯᠠᠳᠠ ᠲᠤᠰ ᠤᠷᠤᠯᠳᠤᠭᠠᠨ᠎ᠳᠤ ᠱᠠᠯᠠᠮᠠᠭᠠᠢᠯᠠᠨ ᠪᠡᠯᠡᠳᠭᠡᠵᠦ ᠢᠳᠡᠪᠬᠢᠯᠡᠨ ᠤᠷᠤᠯᠴᠠᠵᠠᠭᠠᠪᠠ᠃

ᠲᠤᠰ ᠤᠷᠤᠯᠳᠤᠭᠠᠨ ᠨᠢ 3 ᠡᠳᠦᠷ ᠶᠠᠪᠤᠭᠳᠠᠵᠦ᠂ ᠤᠷᠤᠯᠳᠤᠭᠠᠨ᠎ᠳᠤ ᠤᠷᠤᠯᠴᠠᠭᠴᠢ 1 ᠵᠦᠢᠯ᠎ᠤᠨ ᠭᠤᠤᠯ ᠮᠡᠷᠭᠡᠵᠢᠯ ᠪᠠ ᠪᠤᠰᠤᠳ ᠬᠠᠪᠰᠤᠷᠭᠠᠬᠰᠠᠨ 2 ᠵᠦᠢᠯ᠎ᠤᠨ ᠮᠡᠷᠭᠡᠵᠢᠯ ᠵᠢᠡᠨ ᠤᠷᠠᠯᠢᠭ᠎ᠤᠨ ᠲᠠᠢᠰᠠᠨ᠎ᠠ ᠢᠯᠡᠷᠡᠭᠦᠯᠬᠦ ᠪᠤᠯᠤᠨ᠎ᠠ᠃ ᠡᠭᠦᠨ᠎ᠳᠤ ᠲᠠᠭᠤᠯᠠᠬᠤ᠂ ᠪᠦᠵᠢᠭᠯᠡᠬᠦ᠂ ᠬᠦᠭᠵᠢᠮᠳᠡᠬᠦ ᠵᠢᠴᠢ ᠪᠤᠰᠤᠳ ᠮᠡᠷᠭᠡᠵᠢᠯ ᠪᠠᠭᠳᠠᠵᠦ᠂ ᠤᠯᠠᠭᠠᠨᠮᠦ᠋ᠴᠢᠷ᠎ᠤᠨ ᠰᠢᠯᠢᠳᠡᠭ ᠲᠤᠭᠯᠠᠭᠴᠢ ᠵᠢᠨ ᠬᠡᠪ ᠪᠤᠯᠪᠠᠰᠤᠷᠠᠯ᠎ᠢ ᠰᠢᠯᠭᠠᠨ ᠦᠵᠡᠬᠦ᠂ ᠤᠷ᠎ᠠ ᠠᠪᠢᠶᠠᠰ ᠵᠢᠠᠨ ᠪᠠᠳᠠᠷᠠᠭᠤᠯᠬᠤ ᠲᠠᠪᠴᠠᠡᠭ ᠪᠤᠯᠵᠠᠢ᠃

ᠬᠢᠡᠭᠭᠠᠨ ᠠᠢᠮᠠᠭ᠎ᠤᠨ ᠲᠦᠴᠢᠤᠸᠠᠨ ᠰᠢᠶᠠᠨ᠎ᠤ ᠤᠯᠠᠭᠠᠨᠮᠦ᠋ᠴᠢᠷ᠎ᠤᠨ ᠲᠤᠭᠯᠠᠭᠴᠢ ᠭᠤᠤ ᠵᠢᠶᠠ ᠰᠢᠨ᠄ 《ᠪᠢᠳᠡ ᠶᠡᠷᠦ ᠵᠢᠨ ᠴᠠᠭ᠎ᠤᠨ ᠪᠤᠯᠪᠠᠰᠤᠷᠠᠯ ᠬᠢᠭᠡᠳ ᠲᠤᠭᠯᠠᠯᠳᠠ ᠵᠢᠨ ᠵᠢᠷᠤᠮᠵᠢᠯ ᠵᠢᠡᠨ ᠴᠢᠡᠭᠳᠠ ᠰᠠᠬᠢᠵᠦ᠂ ᠪᠦᠬᠦ ᠰᠡᠳᠬᠢᠯ ᠪᠦᠬᠦ ᠵᠤᠷᠢᠭ ᠵᠢᠠᠷ ᠵᠢᠡᠨ ᠤᠷᠤᠯᠳᠤᠭᠠᠨ᠎ᠳᠤ ᠪᠡᠯᠡᠳᠭᠡᠭᠰᠡᠨ ᠲᠤᠯᠠ ᠰᠠᠨᠠᠭᠠᠨ ᠳ᠋ᠠᠭᠠᠨ ᠬᠦᠷᠦᠭᠰᠡᠨ ᠬᠢᠷᠢ ᠪᠦᠲᠦᠮᠵᠢ ᠤᠯᠤᠨ᠎ᠠ ᠭᠡᠵᠦ ᠪᠠᠳᠤ ᠢᠳᠡᠭᠡᠵᠦ ᠪᠠᠢᠨ᠎ᠠ᠃ ᠤᠷᠤᠯᠳᠤᠭᠠᠨ ᠵᠢᠡᠷ ᠲᠠᠮᠵᠢᠭᠤᠯᠤᠨ᠂ ᠬᠡᠪ ᠪᠤᠯᠪᠠᠰᠤᠷᠠᠯ ᠮᠡᠷᠭᠡᠵᠢᠯ ᠴᠢᠳᠠᠪᠤᠷᠢ ᠪᠡᠨ ᠪᠠᠳᠤᠳᠬᠠᠵᠦ᠂ ᠨᠡᠡᠭ ᠠᠷᠪᠢᠨ ᠰᠢᠯᠢᠳᠡᠭ ᠰᠠᠢᠬᠠᠨ ᠤᠷᠨᠨ ᠪᠦᠲᠦᠭᠡᠯ ᠵᠢᠡᠨ ᠦᠵᠡᠭᠴᠢ ᠤᠯᠠᠨ ᠳ᠋ᠠᠭᠠᠨ ᠡᠷᠭᠦᠬᠦ ᠪᠡᠷ ᠴᠢᠷᠮᠠᠢᠨ᠎ᠠ》 ᠭᠡᠵᠦ ᠰᠤᠷᠪᠤᠯᠵᠢᠯᠠᠭᠴᠢ᠎ᠳᠤ ᠶᠠᠷᠢᠪᠠ᠃

ᠲᠤᠰ ᠤᠳᠠᠭᠠᠨ᠎ᠤ ᠤᠷᠤᠯᠳᠤᠭᠠᠨ ᠨᠢ ᠪᠦᠬᠦ ᠤᠷᠤᠨ᠎ᠤ ᠤᠯᠠᠭᠠᠠᠮᠦ᠋ᠴᠢᠷ᠎ᠤᠨ ᠲᠤᠭᠯᠠᠭᠴᠢᠳ᠎ᠲᠦ ᠮᠠᠷᠭᠡᠵᠢᠯ ᠴᠢᠳᠠᠪᠤᠷᠢ ᠪᠠᠨ ᠰᠤᠷᠢᠬᠤ᠂ ᠲᠤᠷᠰᠢᠯᠭ᠎ᠠ ᠰᠤᠷᠭᠠᠮᠵᠢ ᠪᠡᠨ ᠰᠤᠯᠢᠯᠴᠠᠬᠤ᠂ ᠤᠷᠤᠭᠰᠢ ᠲᠠᠪᠰᠢᠬᠤ ᠪᠡᠷ ᠲᠡᠮᠡᠦᠯᠬᠦ᠂ ᠬᠡᠪ  ᠪᠤᠯᠪᠠᠰᠤᠷᠠᠯ ᠵᠢᠡᠨ ᠠᠳᠠᠯᠢᠳᠬᠠᠬᠤ ᠰᠠᠢᠬᠠᠨ ᠵᠠᠪᠰᠢᠶᠠᠨ ᠪᠤᠯᠵᠦ᠂ ᠦᠷᠭᠦᠯᠵᠢᠯᠡᠨ 《ᠰᠢᠨ᠎ᠡ ᠴᠠᠭ ᠦᠶ᠎ᠡ ᠵᠢᠨ ᠬᠤᠪᠢᠰᠬᠠᠯᠳᠤ ᠤᠳᠬ᠎ᠠ ᠤᠷᠠᠯᠢᠭ᠎ᠤᠨ ᠬᠦᠡᠭᠭᠡᠨ ᠮᠤᠷᠢᠳᠤ ᠴᠡᠷᠢᠭ》 ᠪᠤᠯᠬᠤ ᠡᠷᠴᠢ ᠵᠤᠷᠢᠭ᠎ᠢ ᠨᠢ ᠤᠯᠠᠮ ᠬᠦᠪᠴᠢᠯᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号