ᠪᠡᠭᠡᠵᠢᠡᠭ᠎ᠳᠦ ᠠᠯᠠᠱᠠ ᠵᠢᠨ ᠢᠡᠭᠭᠡᠨ ᠰᠦ ᠵᠢᠨ ᠪᠦᠳᠦᠭᠡᠭᠳᠡᠭᠦᠨ᠎ᠤ ᠳᠡᠯᠭᠡᠭᠦᠷ ᠳᠠᠢ ᠪᠤᠯᠤᠯ᠎ᠠ
2026-06-17 11:05:10
ᠵᠣᠬᠢᠶᠠᠭ᠍ᠴᠢ᠄
ᠠᠯᠠᠱᠠ ᠠᠢᠮᠠᠭ᠎ᠤᠨ ᠬᠠᠮ ᠵᠠᠭᠤᠴᠢᠯᠠᠭᠤᠷ ᠎ᠤᠨ ᠰᠣᠷᠪᠣᠯᠵᠢᠯᠠᠭᠴᠢ ᠵᠣᠨ᠎ᠠ ᠱ᠌ᠢ ᠰᠢᠨ ᠶᠣᠸᠠᠨ
ᠣᠩᠱᠢᠭ᠍ᠰᠠᠨ ᠣᠳᠠᠭ᠎ᠠ᠄
★★★☆☆

ᠤᠢᠷ᠎ᠠ᠎ᠳᠦ᠂ ᠠᠯᠠᠱᠠ ᠪᠠᠷᠠᠭᠤᠨ ᠬᠤᠰᠢᠭᠤᠨ᠎ᠤ ᠱᠸᠨ ᠳᠦᠸᠸ ᠰᠦ ᠵᠢᠨ ᠦᠢᠯᠡᠰ᠎ᠤᠨ ᠰᠢᠨᠵᠢᠯᠡᠭᠡ ᠮᠡᠷᠭᠡᠵᠢᠯ᠎ᠤᠨ ᠭᠢᠵᠠᠭᠠᠷᠳᠦ ᠺᠤᠮᠫᠠᠨᠢ ᠪᠡᠭᠡᠵᠢᠡᠭ ᠬᠤᠳᠠ ᠵᠢᠨ ᠠᠡᠭᠬᠠᠳᠠᠭᠴᠢ ᠰᠦᠨ᠎ᠤ ᠨᠡᠷᠡᠳᠦ ᠳᠡᠮᠳᠡᠭᠳᠦ ᠵᠡᠭᠡᠯᠢ ᠪᠤᠯᠬᠤ ᠵᠡᠭᠦᠨ ᠬᠤᠳᠠ ᠳᠤᠭᠤᠷᠢᠭ᠎ᠤᠨ ᠭᠦᠢ ᠵᠢᠶᠸ ᠵᠡᠭᠡᠯᠢ᠎ᠳᠦ ᠪᠠᠢᠭᠤᠯᠤᠭᠰᠠᠨ ᠠᠯᠠᠱᠠ ᠵᠢᠨ ᠢᠡᠭᠭᠡᠨ ᠰᠦ ᠵᠢᠨ ᠪᠦᠳᠦᠭᠡᠭᠳᠡᠭᠦᠨ᠎ᠤ ᠳᠡᠯᠭᠡᠭᠦᠷ ᠡᠵᠡᠡᠭᠨᠡᠯᠳᠠ ᠪᠡᠨ ᠡᠭᠢᠯᠡᠭᠦᠯᠵᠤ᠂ 《ᠳᠤᠮᠳᠠᠳᠤ ᠤᠯᠤᠰ᠎ᠤᠨ ᠢᠡᠭᠭᠡᠨ ᠰᠦ ᠵᠢᠨ ᠨᠤᠳᠤᠭ》 ᠠᠯᠠᠱᠠ ᠵᠢᠨ ᠴᠤᠯ ᠪᠠᠢᠭᠠᠯᠢᠯᠢᠭ ᠴᠢᠨᠠᠷ ᠰᠠᠢᠳᠠᠢ ᠢᠡᠭᠭᠡᠨ ᠰᠦᠨ᠎ᠤ ᠴᠠᠭᠠᠨ ᠢᠳᠡᠭᠡ ᠵᠢ ᠰᠦᠯᠵᠢᠶᠠᠨ ᠭᠠᠳᠠᠨᠠᠭᠢ ᠳᠤᠰᠬᠠᠢ ᠡᠵᠡᠡᠭᠨᠡᠯᠳᠠ ᠵᠢᠨ ᠭᠡᠯᠪᠡᠷᠢ ᠪᠡᠷ ᠨᠡᠢᠰᠯᠡᠯ ᠪᠡᠭᠡᠵᠢᠡᠭ᠎ᠳᠦ ᠨᠤᠳᠤᠭᠰᠢᠭᠤᠯᠵᠠᠢ᠃

ᠳᠤᠰ ᠳᠡᠯᠭᠡᠭᠦᠷ᠎ᠲᠦ ᠡᠯ᠎ᠠ ᠨᠠᠰᠤᠨ᠎ᠤ ᠭᠡᠷᠡᠭᠯᠡᠭᠴᠢᠳ᠎ᠲᠦ ᠵᠤᠷᠢᠭᠤᠯᠵᠤ ᠤᠯᠠᠨ ᠳᠦᠷᠦᠯ᠎ᠤᠨ ᠢᠡᠭᠭᠡᠨ ᠰᠦᠨ᠎ᠤ ᠳᠠᠯᠬ᠎ᠠ ᠪᠤᠯᠤᠨ ᠢᠡᠭᠭᠡᠨ ᠰᠦᠨ᠎ᠤ ᠠᠭᠠᠷᠤᠤᠯ ᠵᠡᠷᠭᠡ ᠰᠤᠯᠠ ᠢᠳᠡᠭᠡᠨ᠎ᠢ ᠪᠤᠷᠤᠯᠠᠭᠤᠯᠵᠤ ᠪᠠᠢᠨ᠎ᠠ᠃ ᠭᠦᠢ ᠵᠢᠶᠸ ᠵᠡᠭᠡᠯᠢ ᠨᠢ ᠪᠡᠭᠡᠵᠢᠡᠭ ᠬᠤᠳᠠ ᠵᠢᠨ ᠳᠦᠯᠦᠭᠡᠯᠡᠭᠴᠢ ᠴᠢᠨᠠᠷᠳᠠᠢ ᠬᠤᠳᠠᠯᠳᠤᠭᠠᠨ᠎ᠤ ᠳᠤᠭᠤᠷᠢᠭ ᠪᠤᠯᠤᠭᠰᠠᠨ᠎ᠤ ᠬᠤᠪᠢ᠎ᠳᠦ ᠢᠡᠭᠭᠡᠨ ᠰᠦ ᠵᠢᠨ ᠪᠦᠳᠦᠭᠡᠭᠳᠡᠭᠦᠨ᠎ᠤ ᠳᠡᠯᠭᠡᠭᠦᠷ᠎ᠢ ᠡᠨᠳᠠ ᠪᠠᠢᠭᠤᠯᠤᠭᠰᠠᠨ ᠨᠢ ᠠᠯᠠᠱᠠ ᠵᠢᠨ ᠢᠡᠭᠭᠡᠨ ᠰᠦ ᠵᠢᠨ ᠨᠡᠷᠡᠳᠦ ᠳᠠᠮᠳᠡᠭ᠎ᠢ ᠤᠬᠠᠭᠤᠯᠤᠨ ᠳᠡᠯᠭᠡᠷᠡᠭᠦᠯᠭᠦ᠎ᠳᠦ ᠴᠢᠬᠤᠯᠠ ᠳᠠᠪᠴᠠᠡᠭ ᠬᠠᠡᠭᠭᠠᠭᠰᠠᠨ ᠪᠠᠢᠨ᠎ᠠ᠃ ᠪᠡᠭᠡᠵᠢᠡᠭ ᠬᠤᠳᠠ ᠵᠢᠨ ᠰᠠᠭᠤᠭᠠᠯᠢ ᠠᠷᠠᠳ ᠸᠡᠡᠭ ᠯᠸᠢ᠄ 《ᠭᠡᠷ᠎ᠤᠨ ᠵᠢᠠᠨ ᠬᠠᠵᠠᠭᠤ ᠪᠠᠢᠭ᠎ᠠ ᠳᠠᠯᠭᠡᠭᠦᠷ ᠡᠴᠡ ᠠᠯᠠᠱᠠ ᠵᠢᠨ ᠴᠤᠯ ᠪᠠᠢᠭᠠᠯᠢᠯᠢᠭ ᠢᠡᠭᠭᠡᠨ ᠰᠦ ᠵᠢᠨ ᠪᠦᠳᠦᠭᠡᠭᠳᠡᠭᠦᠨ᠎ᠢ ᠰᠤᠡᠭᠭᠤᠨ ᠠᠪᠴᠦ ᠴᠢᠳᠠᠬᠤ ᠪᠤᠯᠵᠠᠢ》 ᠭᠡᠪᠡ᠃


640.jpg


ᠠᠯᠠᠱᠠ ᠪᠠᠷᠠᠭᠤᠨ ᠬᠤᠰᠢᠭᠤᠨ᠎ᠤ ᠱᠸᠨ ᠳᠦᠸᠸ ᠰᠦ ᠵᠢᠨ ᠦᠢᠯᠡᠰ᠎ᠤᠨ ᠰᠢᠨᠵᠢᠯᠡᠭᠡ ᠮᠡᠷᠭᠡᠵᠢᠯ᠎ᠤᠨ ᠭᠢᠵᠠᠭᠠᠷᠳᠦ ᠺᠤᠮᠫᠠᠨᠢ ᠨᠢ ᠠᠯᠠᠱᠠ ᠠᠢᠮᠠᠭ᠎ᠤᠨ ᠰᠦᠨ᠎ᠤ ᠦᠢᠯᠡᠰ᠎ᠤᠨ ᠳᠤᠯᠤᠭᠠᠢᠯᠠᠭᠴᠢ ᠠᠵᠤ ᠠᠬᠤᠢᠯᠠᠯ ᠪᠤᠯᠤᠭᠰᠠᠨ᠎ᠤ ᠬᠤᠪᠢ᠎ᠳᠦ᠂ ᠪᠡᠭᠡᠵᠢᠡᠭ᠎ᠳᠦ ᠳᠡᠯᠭᠡᠭᠦᠷ ᠨᠡᠭᠡᠭᠡᠵᠤ ᠨᠤᠳᠤᠭᠰᠢᠭᠰᠠᠨ ᠨᠢ ᠠᠵᠤ ᠠᠬᠤᠢᠯᠠᠯ᠎ᠤᠨ ᠦᠪᠦᠷ ᠮᠤᠡᠭᠭᠤᠯ ᠡᠴᠡ ᠪᠡᠨ ᠭᠠᠷᠴᠦ ᠳᠤᠮᠤ ᠬᠤᠳᠠ᠎ᠳᠦ ᠵᠠᠬ᠎ᠠ ᠳᠡᠯᠭᠡᠭᠦᠷ ᠦᠷᠭᠡᠳᠭᠡᠭᠰᠡᠨ᠎ᠤ ᠵᠠᠡᠭᠭᠢᠯᠠᠭ᠎ᠠ ᠵᠢᠨ ᠶᠠᠪᠤᠴᠠ ᠪᠤᠯᠤᠨ᠎ᠠ᠃ ᠮᠦᠨ᠎ᠴᠦ ᠮᠠᠯᠵᠢᠬᠤ ᠳᠠᠷᠢᠶᠠᠯᠠᠬᠤ ᠤᠷᠤᠨ᠎ᠤ ᠴᠢᠨᠠᠷ ᠰᠠᠢᠳᠠᠢ ᠪᠦᠳᠦᠭᠡᠭᠳᠡᠭᠦᠨ᠎ᠢ ᠨᠡᠢᠰᠯᠡᠯ ᠪᠡᠭᠡᠵᠢᠡᠭ᠎ᠤᠨ ᠠᠷᠠᠳ ᠳᠦᠮᠠᠨ᠎ᠤ ᠬᠤᠭᠤᠯᠠᠨ ᠰᠢᠷᠡᠭᠡᠨ᠎ᠳᠦ ᠭᠦᠷᠭᠡᠵᠦ᠂ ᠭᠡᠷᠡᠭᠯᠡᠭᠴᠢᠳ᠎ᠲᠦ ᠠᠯᠠᠱᠠ ᠵᠢᠨ ᠢᠡᠭᠭᠡᠨ ᠰᠦ ᠵᠢᠨ ᠪᠦᠳᠦᠭᠡᠭᠳᠡᠭᠦᠨ᠎ᠢ ᠬᠤᠳᠠᠯᠳᠤᠨ ᠠᠪᠬᠤ᠎ᠳᠦ ᠮᠠᠰᠢ ᠰᠠᠢᠨ ᠨᠦᠭᠦᠴᠡᠯ ᠬᠠᠡᠭᠭᠠᠨ ᠦᠭᠴᠠᠢ᠃ ᠠᠯᠠᠱᠠ ᠪᠠᠷᠠᠭᠤᠨ ᠬᠤᠰᠢᠭᠤᠨ᠎ᠤ ᠱᠸᠨ ᠳᠦᠸᠸ ᠰᠦ ᠵᠢᠨ ᠦᠢᠯᠡᠰ᠎ᠤᠨ ᠰᠢᠨᠵᠢᠯᠡᠭᠡ ᠮᠡᠷᠭᠡᠵᠢᠯ᠎ᠦᠨ ᠬᠢᠵᠠᠭᠠᠷᠳᠣ ᠺᠣᠮᠫᠠᠨᠢ᠎ᠶᠢᠨ ᠭᠦᠢᠴᠡᠳᠬᠡᠭᠴᠢ ᠵᠠᠬᠢᠷᠣᠯ ᠸᠠᠩ ᠬᠠᠢ ᠳ᠋ᠦᠩ᠄ 《ᠮᠠᠨ᠎ᠤ ᠺᠣᠮᠫᠠᠨᠢ ᠦᠪᠡᠷ᠎ᠦᠨ ᠭᠡᠰᠡᠨ ᠲᠡᠮᠡᠭᠡ ᠲᠡᠵᠢᠭᠡᠨ ᠦᠷᠡᠵᠢᠭᠦᠯᠬᠦ᠌ ᠲᠠᠯᠠᠪᠠᠢ᠂ ᠢᠩᠭᠡ ᠰᠦ᠎ᠶᠢ ᠪᠣᠯᠪᠠᠰᠣᠷᠠᠭᠣᠯᠵᠦ᠍ ᠰᠢᠯᠭᠠᠬᠣ ᠪᠦᠬᠦ᠌ ᠶᠠᠪᠣᠴᠠ᠎ᠶᠢ ᠪᠡᠶᠡᠯᠡᠭᠦᠯᠵᠦ᠍᠂ ᠰᠦᠨ᠎ᠦ ᠴᠢᠨᠠᠷ᠎ᠢ ᠪᠠᠳᠣᠯᠠᠵᠦ᠍ ᠭᠡᠷᠡᠭᠯᠡᠭᠴᠢᠳ᠎ᠲᠦ᠍ ᠬᠠᠷᠢᠭᠣᠴᠠᠵᠦ᠍ ᠴᠢᠳᠠᠨ᠎ᠠ᠂ ᠬᠣᠶ᠋ᠢᠰᠢᠳᠠ ᠭᠦᠢ ᠵᠢᠶᠸ ᠵᠡᠭᠡᠯᠢ᠎ᠶᠢᠨ ᠳᠡᠯᠭᠡᠭᠦᠷ᠎ᠢᠶᠡᠷ ᠭᠣᠣᠯ ᠪᠣᠯᠭᠠᠨ᠂ ᠪᠡᠭᠡᠵᠢᠩ ᠬᠣᠲᠠ᠎ᠶᠢᠨ ᠡᠯ᠎ᠡ ᠬᠣᠲᠠ ᠲᠣᠭᠣᠷᠢᠭ᠂ ᠴᠢᠨᠠᠭᠰᠢᠯᠠᠨ ᠪᠡᠭᠡᠵᠢᠩ᠂ ᠲᠢᠶᠠᠨᠵᠢᠨ᠂ ᠡᠾᠸᠪᠸᠢ ᠣᠷᠣᠨ᠎ᠤ ᠡᠯ᠎ᠡ ᠬᠣᠲᠠ᠎ᠪᠡᠷ ᠳᠡᠯᠭᠡᠭᠦᠷ ᠨᠡᠭᠡᠭᠡᠵᠦ᠍᠂ ᠰᠦᠯᠵᠢᠶᠠᠨ ᠭᠠᠳᠠᠨᠠᠬᠢ ᠳᠡᠯᠭᠡᠭᠦᠷ᠎ᠦᠨ ᠪᠣᠷᠣᠯᠠᠭᠣᠯᠭ᠎ᠠ᠎ᠪᠠᠨ ᠦᠷᠭᠡᠳᠬᠡᠨ᠎ᠡ》 ᠭᠡᠪᠡ᠃


640 (1).jpg


《ᠳᠤᠮᠳᠠᠳᠤ ᠤᠯᠤᠰ᠎ᠤᠨ ᠲᠡᠮᠡᠭᠡᠲᠦ᠍ ᠨᠣᠳᠣᠭ》᠂ 《ᠳᠤᠮᠳᠠᠳᠤ ᠤᠯᠤᠰ᠎ᠤᠨ ᠢᠩᠭᠡᠨ ᠰᠦ᠎ᠶᠢᠨ ᠨᠤᠲᠤᠭ》 ᠪᠣᠯᠤᠭᠰᠠᠨ᠎ᠤ ᠬᠤᠪᠢ᠎ᠳᠤ᠂ ᠠᠯᠠᠱᠠ ᠠᠶ᠋ᠢᠮᠠᠭ ᠨᠢ ᠥᠪᠡᠷᠮᠢᠴᠡ ᠭᠠᠵᠠᠷ ᠵᠦᠢ᠎ᠶᠢᠨ ᠪᠠᠶ᠋ᠢᠷᠢᠯᠠᠯ ᠪᠠ ᠡᠪᠡᠰᠣ ᠪᠡᠯᠴᠢᠭᠡᠷ ᠲᠡᠬᠡᠨ ᠲᠦᠰᠢᠭᠯᠡᠨ᠂ ᠴᠢᠨᠠᠷ ᠰᠠᠶ᠋ᠢᠲᠠᠶ ᠰᠦᠨ᠎ᠦ ᠢᠷᠡᠯᠳᠡ᠎ᠶᠢ ᠪᠠᠳᠣᠯᠠᠵᠦ᠍ ᠪᠠᠶ᠋ᠢᠨ᠎ᠠ᠃ 2025 ᠣᠨ᠎ᠤ ᠡᠴᠦᠰ ᠪᠣᠯᠲᠠᠯ᠎ᠠ᠂ ᠪᠥᠬᠦ᠌ ᠠᠶ᠋ᠢᠮᠠᠭ᠎ᠤᠨ ᠬᠤᠤᠰ ᠪᠥᠬᠦᠲᠦ᠍ ᠲᠡᠮᠡᠭᠡᠨ᠎ᠤ ᠲᠤᠭ᠎ᠠ 17.4 ᠲᠦᠮᠡ᠎ᠳᠤ ᠬᠦᠷᠴᠦ᠍᠂ ᠰᠦ᠎ᠶᠢᠨ ᠢᠷᠡᠯᠲᠡ᠎ᠶᠢᠨ ᠰᠠᠭᠤᠷᠢᠨ 318 ᠪᠠᠶ᠋ᠢᠵᠤ᠂ ᠢᠩᠭᠡᠨ ᠰᠦ᠎ᠶᠢᠨ ᠭᠠᠷᠤᠯᠲᠠ 1.6 ᠲᠦᠮᠡᠨ ᠲᠣᠨ᠎ᠢ ᠳᠠᠪᠠᠵᠤ᠂ ᠢᠩᠭᠡᠨ ᠰᠦ᠎ᠶᠢᠨ ᠠᠵᠤ ᠦᠢᠯᠡᠰ᠎ᠤᠨ ᠬᠥᠭᠵᠢᠯᠲᠡ᠎ᠳᠦ ᠴᠢᠨᠠᠷ ᠰᠠᠶ᠋ᠢᠲᠠᠢ᠎ᠶᠢᠨ ᠰᠦ᠎ᠶᠢᠨ ᠢᠷᠡᠯᠳᠡ᠎ᠶᠢᠨ ᠪᠠᠳᠣᠯᠠᠭ᠎ᠠ ᠬᠠᠩᠭᠠᠵᠠᠢ᠃


640 (2).jpg


ᠠᠯᠠᠱᠠ ᠠᠶ᠋ᠢᠮᠠᠭ᠎ᠤᠨ ᠲᠠᠷᠢᠶᠠᠯᠠᠩ ᠮᠠᠯ ᠠᠵᠤ ᠠᠬᠤᠶ᠎ᠶᠢᠨ ᠲᠣᠪᠴᠢᠶ᠎ᠠ᠎ᠶᠢᠨ ᠵᠠᠬ᠎ᠠ ᠳᠡᠯᠭᠡᠭᠦᠷ᠎ᠤᠨ ᠰᠠᠯᠠᠭᠠᠨ᠎ᠤ ᠳᠠᠷᠤᠭ᠎ᠠ ᠴᠣᠯᠮᠣᠨ ᠬᠡᠯᠡᠬᠦ᠌᠎ᠳᠡᠭᠡᠨ᠄ 《ᠱᠧᠨ ᠲᠦᠸᠧ ᠰᠦ᠎ᠶᠢᠨ ᠦᠢᠯᠡᠰ᠎ᠤᠨ ᠰᠢᠨᠵᠢᠯᠡᠭᠡ ᠮᠡᠷᠭᠡᠵᠢᠯ᠎ᠦᠨ ᠺᠣᠮᠫᠠᠨᠢ ᠪᠡᠭᠡᠵᠢᠩ ᠬᠣᠲᠠ᠎ᠳᠤ ᠠᠩᠬᠠᠳᠠᠭᠴᠢ ᠳᠡᠯᠭᠡᠭᠦᠷ᠎ᠢ ᠠᠮᠵᠢᠯᠲᠠ ᠨᠡᠭᠡᠭᠡᠭᠡᠭᠰᠡᠨ᠎ᠨᠢ ᠠᠯᠠᠱᠠ᠎ᠶᠢᠨ ᠢᠩᠭᠡᠨ ᠰᠦ᠎ᠶᠢᠨ ᠠᠵᠤ ᠦᠢᠯᠡᠰ᠎ᠤᠨ ᠨᠠᠷᠠᠲᠤ᠌ ᠲᠡᠮᠳᠡᠭᠴᠢᠯᠡᠭᠰᠡᠨ᠂ ᠵᠠᠬ᠎ᠠ ᠳᠡᠯᠭᠡᠭᠦᠷᠴᠢᠯᠡᠭᠰᠡᠨ ᠬᠥᠭᠵᠢᠯᠲᠡ᠎ᠶᠢᠨ ᠠᠮᠢᠳᠤᠯᠢᠭ ᠵᠢᠱ᠌ᠢᠶ᠎ᠡ ᠪᠣᠯᠤᠨ᠎ᠠ᠃ ᠲᠠᠷᠠᠭᠠᠴᠢ᠎ᠪᠠᠷ᠂ ᠠᠯᠠᠱᠠ ᠠᠶ᠋ᠢᠮᠠᠭ ᠠᠵᠤ ᠦᠢᠯᠡᠰ᠎ᠤᠨ ᠬᠡᠯᠬᠢᠶ᠎ᠡ᠎ᠪᠠᠨ ᠲᠠᠰᠤᠷᠠᠯᠲᠠ ᠥᠬᠡᠶ ᠲᠡᠭᠦᠯᠳᠡᠷᠵᠢᠭᠦᠯᠵᠦ᠍᠂ ᠦᠢᠯᠡᠳᠬᠦᠨ᠎ᠤ ᠶᠠᠰᠤ ᠴᠢᠨᠠᠷ᠎ᠢᠶᠠᠨ ᠳᠡᠭᠡᠭᠰᠢᠯᠡᠭᠦᠯᠦᠨ᠂ ᠣᠷᠣᠨ ᠪᠦᠰᠡ᠎ᠶᠢᠨ ᠨᠠᠷᠠᠲᠤ᠌ ᠲᠥᠷᠥᠯ ᠲᠡᠮᠳᠡᠭᠲᠦ᠎ᠪᠠᠨ ᠬᠦᠴᠦᠷᠬᠡᠭᠵᠢᠭᠦᠯᠵᠦ᠍᠂ ᠨᠠᠩ ᠣᠯᠠᠨ ᠴᠢᠨᠠᠷ ᠰᠠᠶ᠋ᠢᠲᠠᠶ ᠤᠨᠴᠠᠯᠢᠬᠳᠤ ᠪᠦᠲᠦᠭᠡᠭᠳᠡᠬᠦᠨ᠎ᠢ ᠪᠥᠬᠦ᠌ ᠤᠯᠤᠰ᠎ᠤᠨ ᠵᠠᠬ᠎ᠠ ᠳᠡᠯᠭᠡᠭᠦᠷ᠎ᠲᠤ᠌ ᠣᠷᠣᠭᠤᠯᠬᠤ᠎ᠳᠤ ᠬᠦᠴᠦᠨ ᠨᠡᠮᠡᠷᠢᠯᠡᠵᠦ᠍᠂ ᠠᠮᠢ ᠠᠬᠤᠶ᠎ᠶᠢᠨ ᠡᠬᠢ ᠪᠠᠶᠠᠯᠢᠭ᠎ᠤᠨ ᠳᠠᠪᠠᠭᠤᠯᠢᠭ᠎ᠢ ᠦᠨᠡᠨ ᠬᠦ᠌ ᠠᠵᠤ ᠦᠢᠯᠡᠰ᠎ᠤᠨ ᠬᠥᠭᠵᠢᠯᠲᠡ᠎ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠮᠠᠯᠴᠢᠨ ᠲᠠᠷᠢᠶᠠᠴᠢᠨ᠎ᠢ ᠳᠠᠶ᠋ᠢᠴᠢᠯᠠᠨ ᠣᠷᠣᠯᠭ᠎ᠠ᠎ᠶᠢ᠎ᠨᠡᠮᠡᠭᠳᠡᠭᠦᠯᠵᠤ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠳ᠋ᠤ ᠰᠢᠨ᠎ᠡ ᠦᠷ᠎ᠡ ᠪᠦᠲᠦᠮᠵᠢ ᠤᠯᠬᠤ᠎ᠶᠢ ᠠᠬᠢᠭᠤᠯᠤᠨ᠎ᠠ》 ᠭᠡᠯ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号