ᠬᠥᠯᠥᠨ ᠪᠣᠶ᠋ᠢᠷ ᠬᠣᠲᠠ᠎ᠶᠢᠨ ᠰᠣᠶᠣᠯ ᠵᠢᠭᠤᠯᠴᠢᠯᠠᠯ
ᠷᠠᠳᠢᠣ᠋ ᠲᠧᠯᠸᠢᠰ᠎ᠦᠨ ᠲᠣᠪᠴᠢᠶ᠎ᠠ᠎ᠶᠢᠨ 《ᠳᠣᠯᠣᠳᠤᠭᠠᠷ ᠪᠦᠯᠦᠭ ᠬᠥᠯᠥᠨ ᠪᠣᠶ᠋ᠢᠷ ᠬᠣᠲᠠ᠎ᠶᠢᠨ ᠲᠠᠰ᠎ᠤᠨ ᠪᠣᠳᠠᠰ᠎ᠤᠨ
ᠪᠤᠰᠤ ᠰᠣᠶᠣᠯ᠎ᠤᠨ ᠥᠪ᠎ᠦᠨ ᠲᠥᠯᠥᠭᠡᠯᠡᠬᠦ᠌ ᠴᠢᠨᠠᠷᠲᠠᠶ ᠤᠯᠠᠮᠵᠢᠯᠠᠭᠴᠢ᠎ᠪᠠᠷ ᠭᠤᠶᠤᠴᠢᠯᠠᠨ ᠮᠡᠳᠡᠭᠦᠯᠬᠦ᠌ ᠠᠵᠢᠯ᠎ᠢ
ᠥᠷᠨᠢᠭᠦᠯᠬᠦ᠌ ᠲᠤᠬᠠᠶ ᠮᠡᠳᠡᠭᠳᠡᠯ》 (ᠬᠥᠯᠦᠨ ᠪᠦᠢᠷ ᠬᠤᠲᠠ ᠰᠣᠶᠣᠯ ᠵᠢᠭᠤᠯᠴᠢᠯᠠᠯ
ᠷᠠᠳᠢᠣ᠋ ᠲᠸᠯᠸᠢᠰ ᠪᠢᠴᠢᠭ ᠮᠠᠲᠸᠷᠢᠶᠠᠯ [2026] 2 ᠳ᠋ᠤᠭᠠᠷ ᠲᠣᠭᠠᠲᠤ᠌)᠎ᠤᠨ ᠪᠢᠴᠢᠭ ᠮᠠᠲ᠋ᠧᠷᠢᠶᠠᠯ᠎ᠤᠨ
ᠱᠠᠭᠠᠷᠳᠠᠯᠭ᠎ᠠ᠎ᠶᠢ ᠦᠨᠳᠦᠰᠦᠯᠡᠨ᠂ ᠳᠣᠯᠣᠳᠤᠭᠠᠷ ᠪᠦᠯᠦᠭ ᠬᠣᠲᠠ᠎ᠶᠢᠨ ᠲᠠᠰ᠎ᠤᠨ ᠪᠣᠳᠠᠰ᠎ᠤᠨ ᠪᠤᠰᠤ ᠰᠣᠶᠣᠯ᠎ᠤᠨ
ᠥᠪ᠎ᠦᠨ ᠲᠥᠯᠥᠭᠡᠯᠡᠬᠦ᠌ ᠴᠢᠨᠠᠷᠲᠠᠶ ᠤᠯᠠᠮᠵᠢᠯᠠᠭᠴᠢᠳᠢᠰᠢᠯᠭᠠᠷᠠᠭᠤᠯᠬᠤ ᠠᠵᠢᠯ᠎ᠤᠨ ᠳᠤᠮᠳᠠ᠂ ᠰᠢᠨ᠎ᠡ ᠪᠠᠷᠭᠤ
ᠪᠠᠷᠠᠭᠤᠨ ᠬᠣᠰᠢᠭᠤ ᠨᠢ ᠡᠯᠪᠡᠭ ᠳᠡᠯᠪᠡᠭ ᠦᠷ᠎ᠡ ᠪᠦᠲᠦᠭᠡᠯ ᠣᠯᠵᠤ᠂ ᠪᠥᠬᠥ᠌ ᠬᠣᠰᠢᠭᠤᠨ᠎ᠡᠴᠡ 6 ᠬᠦᠮᠦᠨ ᠬᠣᠰᠢᠭᠤᠨ᠎ᠤ
ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠤᠯᠠᠮᠵᠢᠯᠠᠭᠴᠢ ᠡᠴᠡ ᠪᠠᠨ ᠬᠥᠯᠥᠨ ᠪᠣᠶ᠋ᠢᠷ ᠬᠣᠲᠠ᠎ᠶᠢᠨ ᠲᠠᠰ᠎ᠤᠨ
ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ᠌ ᠴᠢᠨᠠᠷᠲᠠᠶ ᠤᠯᠠᠮᠵᠢᠯᠠᠭᠴᠢ ᠪᠠᠷ ᠦᠨᠡᠯᠡᠭᠳᠡᠵᠦ᠍᠂ ᠪᠥᠬᠥ᠌
ᠬᠣᠰᠢᠭᠤᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠢ ᠦᠪᠯᠡᠨ ᠤᠯᠠᠮᠵᠢᠯᠠᠬᠤ ᠦᠢᠯᠡᠰ᠎ᠲᠦ᠍ ᠳᠠᠬᠢᠨᠲᠠ ᠭᠤᠤᠯᠯᠠᠬᠤ
ᠬᠦᠴᠦᠨ ᠨᠡᠮᠡᠷᠢᠯᠡᠪᠡ᠃
ᠲᠣᠰ ᠤᠳᠠᠭ᠎ᠠ ᠦᠨᠡᠯᠡᠭᠳᠡᠭᠰᠡᠨ ᠬᠣᠲᠠ᠎ᠶᠢᠨ ᠲᠠᠰ᠎ᠤᠨ
6 ᠤᠯᠠᠮᠵᠢᠯᠠᠭᠴᠢ᠎ᠳᠤ ᠮᠤᠩᠭᠤᠯ ᠦᠨᠳᠦᠰᠦᠲᠡᠨ᠎ᠤ ᠤᠷᠲᠤ ᠵᠢᠨ ᠳᠠᠭᠤᠤ (ᠪᠠᠷᠭᠤ ᠤᠷᠲᠤ ᠵᠢᠨ ᠳᠠᠭᠤᠤ) ᠵᠢᠨ ᠤᠯᠠᠮᠵᠢᠯᠠᠭᠴᠢ ᠪᠠᠷᠬ᠎ᠠ᠂ ᠤᠯᠠᠮᠵᠢᠯᠠᠯᠲᠤ᠌ ᠮᠤᠩᠭᠤᠯ
ᠬᠢᠲᠤᠭ᠎ᠠ ᠬᠢᠬᠦ ᠤᠷ᠎ᠠ ᠮᠡᠷᠭᠡᠵᠢᠯ᠎ᠤᠨ ᠤᠯᠠᠮᠵᠢᠯᠠᠭᠴᠢ ᠬᠠᠢ ᠹᠸᠩ ᠱᠠᠨ ᠵᠡᠷᠭᠡ 4 ᠬᠥᠮᠦᠨ᠂ ᠪᠠᠷᠭᠤ
ᠬᠤᠪᠴᠠᠰᠤ ᠵᠠᠰᠠᠯ᠎ᠤᠨ ᠤᠯᠠᠮᠵᠢᠯᠠᠭᠴᠢ ᠰᠤᠨᠤᠷ ᠵᠡᠷᠭᠡ ᠪᠠᠭᠲᠠᠵᠠᠢ᠃





ᠰᠢᠨ᠎ᠡ ᠪᠠᠷᠭᠤ ᠪᠠᠷᠠᠭᠤᠨ ᠬᠣᠰᠢᠭᠤ ᠪᠣᠳᠠᠰ᠎ᠤᠨ ᠪᠤᠰᠤ
ᠰᠣᠶᠣᠯ᠎ᠤᠨ ᠥᠪ᠎ᠢ ᠠᠮᠢᠳᠤ᠎ᠪᠠᠷ ᠦᠪᠯᠡᠨ ᠤᠯᠠᠮᠵᠢᠯᠠᠬᠤ ᠪᠠ ᠬᠠᠮᠠᠭᠠᠯᠠᠬᠤ ᠠᠵᠢᠯ᠎ᠢ ᠳᠡᠭᠡᠳᠦ ᠬᠡᠮᠵᠢᠶ᠎ᠡ᠎ᠪᠡᠷ
ᠴᠢᠬᠤᠯᠠᠴᠢᠯᠠᠵᠦ᠍᠂ ᠳᠡᠭᠡᠳᠦ ᠱᠠᠲᠤᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠦᠨ ᠠᠵᠢᠯ᠎ᠤᠨ ᠪᠠᠶ᠋ᠢᠷᠢᠯᠠᠭᠤᠯᠤᠯᠲᠠ᠎ᠶᠢ
ᠴᠢᠩᠭ᠎ᠠ ᠨᠠᠶ᠋ᠢᠳᠠᠪᠤᠷᠢᠵᠢᠭᠤᠯᠵᠤ᠂ ᠭᠤᠶᠤᠴᠢᠯᠠᠨ ᠮᠡᠳᠡᠭᠦᠯᠵᠦ᠍ ᠬᠢᠨᠠᠨ ᠲᠣᠭᠲᠠᠭᠠᠬᠤ ᠶᠠᠪᠤᠴᠠ᠎ᠶᠢ ᠵᠢᠷᠤᠮᠵᠢᠭᠤᠯᠵᠤ᠂
ᠴᠢᠳᠠᠪᠤᠷᠢᠲᠠᠨ᠎ᠢ ᠬᠥᠮᠦᠵᠢᠭᠦᠯᠬᠦ᠌ ᠠᠷᠭ᠎ᠠ ᠬᠡᠮᠵᠢᠶ᠎ᠡ᠎ᠪᠠᠨ ᠨᠠᠷᠢᠯᠢᠬᠵᠢᠭᠤᠯᠵᠤ᠂ ᠲᠤᠬᠠᠶ᠎ᠶᠢᠨ ᠭᠠᠵᠠᠷ᠎ᠤᠨ
ᠨᠡᠭᠦᠳᠡᠯ ᠮᠠᠯᠵᠢᠯ᠎ᠤᠨ ᠰᠣᠶᠣᠯ᠎ᠤᠨ ᠡᠬᠢ ᠪᠠᠶᠠᠯᠢᠭ᠎ᠢ ᠦᠷᠭᠦᠯᠵᠢᠯᠡᠨ ᠭᠦᠨᠵᠡᠭᠡᠶ᠋ᠢᠷᠡᠭᠦᠯᠵᠦ᠍᠂ ᠪᠣᠳᠠᠰ᠎ᠤᠨ
ᠪᠤᠰᠤ ᠰᠣᠶᠣᠯ᠎ᠤᠨ ᠥᠪ᠎ᠦᠨ ᠴᠢᠳᠠᠪᠤᠷᠢᠲᠠᠨ᠎ᠤ ᠡᠩᠨᠡᠭᠡ᠎ᠶᠢᠨ ᠪᠠᠶ᠋ᠢᠭᠤᠯᠤᠯᠲᠠ᠎ᠶᠢ ᠪᠥᠬᠥ᠌ ᠬᠦᠴᠦᠨ᠎ᠢᠶᠡᠷ᠎ᠢᠶᠡᠨ
ᠠᠬᠢᠭᠤᠯᠵᠤ ᠪᠤᠢ᠃
ᠢᠷᠡᠯᠳᠠ᠄ ᠰᠢᠨ᠎ᠠ ᠪᠠᠷᠭᠤ ᠪᠠᠷᠠᠭᠤᠨ ᠬᠤᠰᠢᠭᠤᠨ᠎ᠤ ᠰᠤᠶᠤᠯ᠎ᠤᠨ ᠤᠷᠳᠤᠨ᠎ᠤ ᠪᠤᠳᠠᠰ᠎ᠤᠨ ᠪᠤᠰᠤ ᠰᠤᠶᠤᠯ᠎ᠤᠨ ᠦᠪ᠎ᠢ
ᠬᠠᠮᠠᠭᠠᠯᠠᠬᠤ ᠳᠦᠪ