6 ᠰᠠᠷ᠎ᠠ᠎ᠶᠢᠨ 17᠎ᠤ᠋ ᠦᠳᠡ᠎ᠶᠢᠨ ᠡᠮᠦᠨ᠎ᠡ᠂ ᠬᠥᠬᠡᠬᠣᠲᠠ᠎ᠶᠢᠨ ᠳᠥᠷᠪᠡᠨ ᠲᠣᠭᠣᠷᠢᠭ᠋᠎ᠤᠨ ᠪᠠᠭ᠎ᠠ ᠰᠤᠷᠭᠠᠭᠤᠯᠢ᠎ᠠᠴᠠ ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ᠎ᠳᠤ ᠳᠡᠪᠰᠢᠬᠦ ᠠᠯᠪᠠᠨ ᠠ᠋ᠴᠠ ᠡᠷᠭᠢᠯᠡᠭᠰᠡᠨ ᠰᠤᠷᠭᠠᠭᠤᠯᠢ᠎ᠶᠢᠨ ᠺᠣᠮᠫᠢᠦ᠋ᠲᠧᠷ᠎ᠢᠶᠡᠷ ᠪᠠᠢᠷᠢ ᠳᠤᠭᠳᠠᠭᠠᠨ ᠡᠯᠰᠡᠬᠦ ᠪᠠ ᠠᠷᠠᠳ ᠠ᠋ᠴᠠ ᠡᠷᠭᠢᠯᠡᠭᠰᠡᠨ ᠰᠤᠷᠭᠠᠭᠤᠯᠢ᠎ᠶᠢᠨ ᠺᠤᠮᠫᠢᠦ᠋ᠲᠧᠷ᠎ᠢᠶᠠᠷ ᠰᠤᠩᠭᠤᠨ ᠡᠯᠰᠡᠬᠦ ᠲᠤᠬᠠᠢ᠎ᠶᠢᠨ ᠲᠠᠯᠠᠪᠤᠷ᠎ᠤᠨ ᠬᠤᠷᠠᠯ ᠬᠥᠬᠡᠬᠣᠲᠠ᠎ᠶᠢᠨ ᠠᠷᠪᠠ ᠶᠢᠰᠦᠳᠦᠭᠡᠷ ᠳᠤᠮᠳᠠᠳᠤ ᠰᠤᠷᠭᠠᠭᠤᠯᠢ᠎ᠳᠤ ᠶᠠᠪᠤᠭᠳᠠᠪᠠ᠃
6 ᠰᠠᠷ᠎ᠠ᠎ᠶᠢᠨ 1᠎ᠤ᠋ ᠡᠳᠦᠷ᠎ᠡᠴᠡ 5᠎ᠤ᠋ ᠡᠳᠦᠷ ᠪᠣᠯᠲᠠᠯ᠎ᠠ᠂ ᠪᠦᠭᠦ ᠬᠣᠲᠠ᠎ᠶᠢᠨ ᠳᠥᠷᠪᠡᠨ ᠲᠣᠭᠣᠷᠢᠭ᠋᠎ᠤᠨ ᠨᠥᠬᠥᠴᠡᠯ᠎ᠳᠦ ᠨᠡᠢᠴᠡᠬᠦ 21602 ᠨᠡᠷ᠎ᠡ ᠪᠠᠭ᠎ᠠ ᠰᠤᠷᠭᠠᠭᠤᠯᠢ᠎ᠶᠢᠨ ᠰᠤᠷᠤᠯᠭ᠎ᠠ ᠲᠡᠭᠦᠰᠦᠭᠰᠡᠨ ᠰᠣᠷᠣᠭ᠍ᠴᠢ ᠪᠠᠭ᠎ᠠ ᠰᠤᠷᠭᠠᠭᠤᠯᠢ᠎ᠠᠴᠠ ᠠᠩᠬ᠎ᠠ ᠵᠡᠷᠬᠡ ᠵᠢᠨ ᠳᠤᠮᠳᠠᠳᠤ ᠰᠤᠷᠭᠠᠭᠤᠯᠢ ᠳ᠋ᠤ ᠳᠠᠪᠰᠢᠬᠦ ᠡᠷᠡᠮᠡᠯᠵᠡᠯ᠎ᠢᠶᠡᠨ ᠲᠠᠭᠯᠠᠪᠠ᠂ ᠡᠭᠦᠨ᠎ᠦ ᠳᠣᠲᠣᠷ᠎ᠠ 17066 ᠰᠤᠷᠤᠭᠴᠢ ᠨᠢ ᠠᠯᠪᠠᠨ᠎ᠠᠴᠠ ᠡᠷᠭᠢᠯᠡᠭᠰᠡᠨ ᠰᠤᠷᠭᠠᠭᠤᠯᠢ᠎ᠳᠤ ᠡᠷᠡᠮᠡᠯᠵᠡᠯ ᠵᠢᠡᠨ ᠮᠡᠳᠡᠭᠦᠯᠵᠦ᠂ 4536 ᠰᠤᠷᠤᠭᠴᠢ ᠨᠢ ᠠᠷᠠᠳ᠎ᠠᠴᠠ ᠡᠷᠭᠢᠯᠡᠭᠰᠡᠨ ᠰᠤᠷᠭᠠᠭᠤᠯᠢ᠎ᠳᠤ ᠡᠷᠡᠮᠡᠯᠵᠡᠯ ᠵᠢᠡᠨ ᠮᠡᠳᠡᠬᠦᠯᠪᠡ᠃
6 ᠰᠠᠷ᠎ᠠ᠎ᠶᠢᠨ 17 ᠤ᠋ ᠡᠳᠦᠷ᠎ᠦᠨ ᠦᠳᠡ᠎ᠶᠢᠨ ᠡᠮᠦᠨ᠎ᠡ᠂ ᠠᠯᠪᠠᠨ ᠠ᠋ᠴᠠ ᠡᠷᠭᠢᠯᠡᠭᠰᠡᠨ ᠰᠤᠷᠭᠠᠭᠤᠯᠢ ᠨᠤᠭᠤᠳ ᠺᠣᠮᠫᠢᠦ᠋ᠲᠧᠷ᠎ᠢᠶᠡᠷ ᠣᠷᠣᠨ ᠪᠠᠢᠷᠢ ᠳᠤᠭᠳᠠᠭᠠᠨ 17066 ᠰᠤᠷᠤᠭᠴᠢ ᠵᠢ ᠡᠯᠰᠡᠵᠦ᠂ ᠠᠷᠠᠳ ᠠ᠋ᠴᠠ ᠡᠷᠭᠢᠯᠡᠭᠰᠡᠨ ᠰᠤᠷᠭᠠᠭᠤᠯᠢ 2158 ᠰᠤᠷᠤᠭᠴᠢ ᠵᠢ ᠺᠤᠮᠫᠢᠦ᠋ᠲᠧᠷ᠎ᠢᠶᠠᠷ ᠰᠤᠩᠭᠤᠨ ᠡᠯᠰᠡᠪᠡ᠂ ᠠᠷᠠᠳ ᠠ᠋ᠴᠠ ᠡᠷᠭᠢᠯᠡᠭᠰᠡᠨ ᠰᠤᠷᠭᠠᠭᠤᠯᠢ᠎ᠳᠤ ᠡᠷᠡᠮᠡᠯᠵᠡᠯ ᠮᠡᠳᠡᠭᠦᠯᠦᠭᠡᠳ ᠡᠯᠰᠡᠭᠳᠡᠭᠰᠡᠨ ᠦᠭᠡᠢ ᠰᠣᠷᠣᠭ᠍ᠴᠢ᠎ᠶᠢ ᠬᠣᠶᠠᠳᠠᠭᠢ ᠤᠳᠠᠭ᠎ᠠ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ᠎ᠳᠦ ᠣᠷᠣᠯᠴᠠᠭᠤᠯᠤᠨ᠎ᠠ᠃
2026 ᠣᠨ᠎ᠳᠤ ᠬᠥᠬᠡᠬᠣᠲᠠ᠎ᠶᠢᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠰᠣᠷᠣᠭ᠍ᠴᠢ ᠡᠯᠰᠡᠬᠦ᠎ᠳᠦ ᠰᠢᠯᠭᠠᠬᠤ ᠦᠭᠡᠢ᠎ᠪᠡᠷ ᠭᠡᠷ ᠡᠴᠡ ᠨᠢ ᠣᠶ᠋ᠢᠷᠠᠯᠴᠠᠭ᠎ᠠ ᠰᠤᠷᠭᠠᠭᠤᠯᠢ᠎ᠳᠤ ᠣᠷᠣᠭᠤᠯᠬᠤ᠎ᠶᠢ ᠦᠷᠭᠦᠯᠵᠢᠯᠡᠨ ᠬᠡᠷᠡᠭᠵᠢᠭᠦᠯᠵᠦ᠂ 《ᠢᠯᠡ᠎ᠪᠡᠷ ᠰᠣᠷᠣᠭ᠍ᠴᠢ ᠡᠯᠰᠡᠬᠦ᠂ ᠢᠯᠡ᠎ᠪᠡᠷ ᠠᠩᠭᠢ ᠬᠤᠪᠢᠶᠠᠬᠤ᠂ ᠠᠯᠪᠠᠨ ᠡᠴᠡ ᠡᠷᠬᠢᠯᠡᠭᠰᠡᠨ ᠪᠠ ᠠᠷᠠᠳ ᠡᠴᠡ ᠡᠷᠬᠢᠯᠡᠭᠰᠡᠨ ᠰᠤᠷᠭᠠᠭᠤᠯᠢ ᠵᠡᠷᠭᠡ ᠪᠡᠷ ᠡᠯᠰᠡᠬᠦ》 ᠲᠥᠷᠥ᠎ᠶᠢᠨ ᠪᠣᠳᠣᠯᠭ᠎ᠠ᠎ᠶᠢ ᠴᠢᠩᠭ᠎ᠠ ᠨᠠᠢᠳᠠᠪᠤᠷᠢᠵᠢᠭᠤᠯᠤᠨ᠂ ᠪᠥᠬᠥ ᠬᠣᠲᠠ᠎ᠶᠢᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠰᠣᠷᠣᠭ᠍ᠴᠢ ᠡᠯᠰᠡᠬᠦ ᠶᠠᠪᠤᠴᠠ ᠨᠢ ᠵᠢᠷᠤᠮᠵᠢᠯ᠎ᠲᠠᠢ ᠢᠯᠡ ᠲᠣᠳᠣ᠌ ᠪᠠᠢᠵᠤ᠂ ᠪᠥᠬᠥ ᠶᠠᠪᠤᠴᠠ᠎ᠶᠢ ᠮᠥᠷᠳᠡᠵᠦ ᠪᠤᠯᠬᠤ ᠪᠦᠬᠡᠳ ᠪᠠᠭ᠎ᠠ ᠰᠤᠷᠭᠠᠭᠤᠯᠢ᠎ᠶᠢᠨ ᠰᠤᠷᠤᠯᠭ᠎ᠠ ᠲᠡᠭᠦᠰᠦᠭᠰᠡᠨ ᠰᠣᠷᠣᠭ᠍ᠴᠢ ᠨᠢᠭᠡᠪᠦᠷᠢ᠎ᠶᠢᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠢ ᠡᠷᠬᠡ ᠲᠡᠭᠰᠢ᠎ᠪᠡᠷ ᠭᠥᠷᠳᠡᠬᠦ ᠡᠷᠬᠡ᠎ᠶᠢ ᠦᠨᠡᠨ ᠬᠦ᠌ ᠪᠠᠲᠤᠯᠠᠪᠠ᠃
ᠺᠣᠮᠫᠢᠦ᠋ᠲᠧᠷ᠎ᠢᠶᠡᠷ ᠣᠷᠣᠨ ᠪᠠᠢᠷᠢ ᠳᠤᠭᠳᠠᠭᠠᠨ ᠡᠯᠰᠡᠭᠰᠡᠨ ᠪᠠ ᠺᠤᠮᠫᠢᠦ᠋ᠲᠧᠷ ᠵᠢᠡᠷ ᠰᠤᠩᠭᠤᠨ ᠡᠯᠰᠡᠬᠦ᠎ᠳᠦ ᠣᠷᠣᠯᠴᠠᠭᠰᠠᠨ ᠰᠣᠷᠣᠭ᠍ᠴᠢ 6 ᠰᠠᠷ᠎ᠠ᠎ᠶᠢᠨ 17᠎ᠤ᠋ ᠡᠳᠦᠷ᠎ᠦᠨ 18᠄ 00 ᠴᠠᠭ᠎ᠠᠴᠠ ᠰᠡᠭᠦᠯᠡᠷ 《ᠮᠦᠩᠬᠡ ᠰᠤᠪᠠᠭ》 APP ᠡᠴᠡ ᠡᠯᠰᠡᠭᠳᠡᠭᠰᠡᠨ ᠦᠷ᠎ᠡ ᠳ᠋ᠦᠩ ᠵᠢᠡᠨ ᠪᠠᠢᠴᠠᠭᠠᠨ ᠯᠠᠪᠯᠠᠵᠤ ᠪᠣᠯᠣᠨ᠎ᠠ᠃