ᠬᠤᠸᠠᠢ ᠵᠢᠨ ᠫᠸᠩ ᠸᠠᠩ ᠸᠧᠢ ᠵᠦᠩ ᠶᠠᠷᠢᠶ᠎ᠠ ᠲᠠᠯᠪᠢᠵᠤ ᠪᠦᠦ ᠭᠠᠩ ᠬᠤᠷᠠᠯ᠎ᠢ ᠡᠷᠬᠢᠯᠡᠵᠠᠢ
6 ᠰᠠᠷ᠎ᠠ᠎ᠶᠢᠨ 17᠎ᠤ᠋ ᠡᠳᠦᠷ᠂ ᠰᠤᠷᠭᠠᠨ ᠬᠥᠮᠦᠵᠢᠯ᠎ᠦᠨ ᠶᠠᠮᠤᠨ ᠬᠢᠭᠡᠳ ᠮᠠᠨ᠎ᠤ ᠣᠷᠣᠨ ᠬᠥᠬᠡᠬᠣᠲᠠ᠎ᠳᠤ ᠶᠠᠮᠤᠨ ᠣᠷᠣᠨ᠎ᠤ ᠵᠥᠪᠳᠡᠯᠴᠡᠬᠦ᠌ ᠬᠤᠷᠠᠯ ᠬᠤᠷᠠᠯᠳᠤᠭᠤᠯᠪᠠ᠃ ᠰᠤᠷᠭᠠᠨ ᠬᠥᠮᠦᠵᠢᠯ᠎ᠦᠨ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠰᠠᠶ᠋ᠢᠳ ᠬᠤᠸᠠᠢ ᠵᠢᠨ ᠫᠸᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ ᠵᠢᠨ ᠡᠷᠬᠢᠯᠡᠭᠴᠢ ᠸᠠᠩ ᠸᠧᠢ ᠵᠦᠩ ᠬᠤᠷᠠᠯ᠎ᠳᠤ ᠣᠷᠣᠯᠴᠠᠬᠰᠡᠨ ᠪᠦᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠬᠤᠷᠠᠯ᠎ᠢ ᠡᠷᠭᠢᠯᠡᠵᠡᠶ᠃

6 ᠰᠠᠷ᠎ᠠ᠎ᠶᠢᠨ 17 ᠤ᠋ ᠡᠳᠦᠷ᠂ ᠰᠤᠷᠭᠠᠨ ᠬᠥᠮᠦᠵᠢᠯ᠎ᠦᠨ ᠶᠠᠮᠤᠨ ᠬᠢᠭᠡᠳ ᠮᠠᠨ ᠤ ᠤᠷᠤᠨ ᠬᠥᠬᠡᠬᠣᠲᠠ᠎ᠳᠤ ᠶᠠᠮᠤᠨ ᠣᠷᠣᠨ᠎ᠤ ᠵᠥᠪᠳᠡᠯᠴᠡᠬᠦ᠌ ᠬᠤᠷᠠᠯ ᠬᠤᠷᠠᠯᠳᠤᠭᠤᠯᠪᠠ᠃
ᠰᠤᠷᠪᠤᠯᠵᠢᠯᠠᠭᠴᠢ ᠮᠠ ᠵᠢᠶᠠᠨ ᠪᠢᠩ ᠰᠡᠭᠦᠳᠡᠷᠯᠡᠪᠡ
ᠬᠤᠸᠠᠢ᠎ᠶᠢᠨ ᠫᠧᠩ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠪᠥᠬᠥ᠌ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠰᠤᠷᠭᠠᠨ ᠬᠥᠮᠦᠵᠢᠯ᠎ᠢ ᠤᠷᠢᠳ᠎ᠢᠶᠠᠷ ᠬᠥᠭᠵᠢᠭᠦᠯᠬᠦ᠌ ᠪᠠᠶ᠋ᠢᠯᠳᠤᠬᠤ ᠪᠣᠳᠣᠯᠭ᠎ᠠ᠎ᠶᠢ ᠪᠠᠷᠢᠮᠲᠠᠯᠠᠵᠤ᠂ ᠠᠯᠢ ᠣᠯᠠᠨ ᠪᠣᠳᠠᠲᠠᠶ᠎ᠶᠢ ᠡᠷᠬᠢᠮᠯᠡᠭᠰᠡᠨ ᠠᠷᠭ᠎ᠠ ᠬᠡᠮᠵᠢᠶ᠎ᠡ ᠠᠪᠴᠤ᠌᠂ ᠰᠤᠷᠭᠠᠨ ᠬᠥᠮᠦᠵᠢᠯ᠎ᠢᠶᠡᠷ ᠣᠷᠣᠨ᠎ᠢᠶᠠᠨ ᠬᠦᠴᠦᠷᠬᠡᠭᠵᠢᠭᠦᠯᠬᠦ᠌ ᠪᠥᠲᠥᠭᠡᠨ ᠪᠠᠶ᠋ᠢᠭᠤᠯᠤᠯᠲᠠ᠎ᠶᠢᠨ ᠢᠳᠡᠷᠡᠭᠦᠨ ᠠᠯᠬᠤᠭᠠᠠᠯᠬᠤᠬᠤᠶᠢ ᠠᠬᠢᠭᠤᠯᠪᠠ᠃ ᠶᠠᠮᠤᠨ ᠤᠷᠤᠨ ᠬᠣᠶᠠᠷ ᠲᠠᠯ᠎ᠠ᠎ᠪᠠᠷ᠎ᠢᠶᠠᠨ ᠬᠠᠮᠲᠤᠷᠠᠯᠴᠠᠭ᠎ᠠ᠎ᠪᠠᠨ ᠤᠯᠠᠮ ᠨᠢᠭᠡ ᠠᠯᠬᠤᠮ ᠴᠢᠩᠭᠠᠳᠬᠠᠵᠤ᠂ ᠶᠣᠰᠣ ᠰᠤᠷᠲᠠᠬᠤᠨ᠎ᠢᠶᠠᠷ ᠬᠥᠮᠦᠨ ᠬᠥᠮᠦᠵᠢᠭᠦᠯᠬᠦ᠌ ᠦᠨᠳᠦᠰᠦᠨ ᠡᠭᠦᠷᠭᠡ᠎ᠶᠢ ᠪᠦᠬᠦ᠌ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠰᠤᠷᠭᠠᠨ ᠬᠥᠮᠦᠵᠢᠯ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠴᠢᠳᠠᠪᠤᠷᠢᠲᠠᠨ᠎ᠢ ᠨᠢᠭᠡ ᠴᠤᠬᠴᠠᠵᠢᠭᠤᠯᠤᠨ ᠬᠥᠭᠵᠢᠭᠦᠯᠬᠦ᠌᠎ᠶᠢ ᠠᠬᠢᠭᠤᠯᠵᠤ᠂ ᠰᠤᠷᠭᠠᠨ ᠬᠥᠮᠦᠵᠢᠯᠵᠢᠨᠷ ᠤᠯᠤᠰ ᠵᠢᠨᠨ ᠬᠦᠴᠦᠷᠬᠡᠭᠵᠢᠭᠦᠯᠬᠦ᠌ ᠪᠦᠳᠦᠭᠡᠨ ᠪᠠᠶ᠋ᠢᠭᠤᠯᠤᠯᠲᠠ᠎ᠳᠤ ᠨᠡᠩ ᠶᠡᠬᠡ ᠬᠦᠴᠦᠨ ᠴᠢᠳᠠᠯ᠎ᠢᠶᠠᠨ ᠡᠷᠭᠦᠬᠦ᠌᠎ᠶᠢ ᠬᠦᠰᠡᠵᠦ᠍ ᠪᠠᠶ᠋ᠢᠨ᠎ᠠ᠃ ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ ᠪᠣᠯᠤᠨ ᠪᠠᠭᠰᠢ᠎ᠶᠢᠨ ᠡᠩᠨᠡᠭᠡᠨ᠎ᠦ ᠪᠠᠶ᠋ᠢᠭᠤᠯᠤᠯᠲᠠ᠎ᠶᠢ ᠴᠢᠩᠭᠠᠳᠬᠠᠵᠤ᠂ ᠰᠢᠨ᠎ᠡ ᠴᠠᠭ ᠦᠶ᠎ᠡ᠎ᠶᠢᠨ ᠠᠭᠤᠤ ᠶᠡᠬᠡ ᠦᠢᠯᠡᠳᠦᠯᠭᠡ᠎ᠶᠢ ᠰᠠᠶ᠋ᠢᠲᠤᠷ ᠶᠠᠷᠢᠵᠤ᠂ ᠬᠢᠴᠢᠶᠡᠯ᠎ᠦᠨ ᠲᠠᠩᠬᠢᠮᠵᠢᠡᠷ ᠬᠥᠮᠦᠨ ᠬᠥᠮᠦᠵᠢᠭᠦᠯᠬᠦ᠌᠂ ᠦᠢᠯᠡᠳᠦᠯᠭᠡ᠎ᠪᠡᠷ ᠬᠥᠮᠦᠨᠬᠥᠮᠦᠵᠢᠭᠦᠯᠬᠦ᠌ ᠪᠠ ᠰᠦᠯᠵᠢᠶ᠎ᠡ᠎ᠪᠡᠷ ᠬᠥᠮᠦᠨᠬᠥᠮᠦᠵᠢᠭᠦᠯᠬᠦ᠌ᠶᠢ ᠣᠷᠭᠠᠨᠢᠭ᠎ᠢᠶᠠᠷ ᠤᠶᠠᠯᠳᠤᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ ᠬᠥᠮᠦᠵᠢᠯ᠎ᠢ ᠪᠠᠶ᠋ᠢᠩᠭᠤ ᠪᠦᠲᠦᠮᠵᠢᠲᠡᠢ ᠠᠬᠢᠭᠤᠯᠬᠤ ᠬᠡᠷᠡᠭᠲᠡᠢ᠃ ᠳᠡᠭᠡᠳᠦ ᠵᠡᠷᠭᠡ᠎ᠶᠢᠨ ᠰᠤᠳᠤᠯᠭᠠᠨ᠎ᠤ ᠬᠦᠷᠢᠶᠡᠯᠡᠩ᠎ᠢ ᠪᠦᠬᠦ᠌ ᠬᠦᠴᠦᠨ᠎ᠢᠶᠡᠷ᠎ᠢᠶᠡᠨ ᠰᠠᠶ᠋ᠢᠲᠤᠷ ᠪᠠᠶ᠋ᠢᠭᠤᠯᠵᠤ᠂ ᠡᠯᠧᠮᠧᠨ᠋ᠲ᠎ᠢ ᠲᠥᠪᠯᠡᠷᠡᠭᠦᠯᠬᠦ᠌ ᠪᠠ ᠲᠣᠭᠲᠠᠴᠠ᠎ᠶᠢᠨ ᠰᠢᠨ᠎ᠡ᠎ᠶᠢ ᠡᠭᠦᠳᠬᠦ᠌᠎ᠶᠢ ᠠᠬᠢᠭᠤᠯᠵᠤ᠂ ᠰᠦ᠎ᠶᠢᠨ ᠦᠢᠯᠡᠰ᠂ ᠬᠣᠪᠣᠷ ᠰᠢᠷᠣᠢ᠂ ᠡᠨᠧᠷᠭᠢ ᠵᠡᠷᠭᠡ ᠤᠨᠴᠠᠯᠢᠬᠳᠤ ᠳᠠᠪᠠᠭᠤᠯᠢᠭᠳᠤ ᠠᠵᠤ ᠦᠢᠯᠡᠰ᠎ᠦᠨ ᠲᠣᠭᠣᠷᠢᠨ᠎ᠳᠤ ᠰᠢᠨᠵᠢᠯᠡᠭᠡᠨ᠎ᠦ ᠰᠠᠯᠠᠭ᠎ᠠ᠎ᠶᠢᠨ ᠲᠤᠰᠬᠠᠢ ᠮᠡᠷᠭᠡᠵᠢᠯ᠎ᠦᠨ ᠲᠤᠬᠢᠷᠠᠭᠤᠯᠤᠯᠳᠠ᠎ᠶᠢ ᠰᠢᠯᠢᠳᠡᠭᠵᠢᠭᠦᠯᠵᠦ᠍᠂ ᠥᠪᠥᠷ ᠮᠣᠩᠭᠣᠯ᠎ᠤᠨ ᠣᠳᠣᠬᠢᠴᠢᠯᠠᠭᠰᠠᠨ ᠠᠵᠤ ᠦᠢᠯᠡᠰ᠎ᠦᠨ ᠬᠥᠭᠵᠢᠯᠲᠡ᠎ᠳᠦ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠪᠣᠯᠤᠨ ᠴᠢᠳᠠᠪᠤᠷᠢᠲᠠᠨ᠎ᠤ ᠲᠤᠯᠭᠠᠭᠤᠷᠢᠯᠠᠯ ᠬᠠᠩᠭᠠᠬᠤ ᠭᠡᠷᠡᠭᠳᠠᠢ᠃ ᠰᠠᠭᠤᠷᠢ ᠰᠤᠷᠭᠠᠨ ᠬᠥᠮᠦᠵᠢᠯ᠎ᠢ ᠰᠢᠯᠢᠳᠡᠭᠵᠢᠭᠦᠯᠦᠨ ᠡᠷᠬᠢᠯᠡᠵᠦ᠍ ᠬᠦᠴᠦᠷᠬᠡᠭᠵᠢᠭᠦᠯᠦᠨ᠂ ᠬᠥᠮᠦᠨ ᠠᠮᠠ᠎ᠶᠢᠨ ᠬᠤᠪᠢᠷᠠᠯᠲᠠ᠎ᠯᠤᠭ᠎ᠠ ᠵᠣᠬᠢᠴᠠᠭᠰᠠᠨ ᠰᠤᠷᠭᠠᠨ ᠬᠥᠮᠦᠵᠢᠯ᠎ᠦᠨ ᠡᠬᠢ ᠪᠠᠶᠠᠯᠢᠭ᠎ᠢ ᠨᠢᠭᠡᠳᠦᠯᠲᠡᠢ ᠲᠥᠯᠥᠪᠵᠢᠬᠦᠯᠤᠨ ᠲᠣᠬᠢᠷᠠᠭᠤᠯᠬᠤ ᠲᠣᠭᠲᠠᠴᠠ᠎ᠶᠢ ᠪᠦᠷᠢᠨᠰᠢᠬᠦᠯᠤᠨ᠂ ᠴᠢᠨᠠᠷ ᠰᠠᠶ᠋ᠢᠲᠠᠢ ᠲᠡᠩᠴᠡᠭᠦᠷᠢᠲᠡᠢ ᠬᠥᠭᠵᠢᠯᠲᠡ᠎ᠶᠢ ᠠᠬᠢᠭᠤᠯᠵᠤ᠂ ᠰᠤᠷᠭᠠᠨ ᠬᠥᠮᠦᠵᠢᠯ᠎ᠦᠨ ᠤᠯᠠᠨ ᠨᠡᠶ᠋ᠢᠲᠡ᠎ᠶᠢᠨ ᠦᠢᠯᠡᠴᠢᠯᠡᠭᠡᠨ᠎ᠦ ᠲᠦᠪᠰᠢᠨ᠎ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠳᠡᠢ᠃ ᠶᠡᠬᠡ ᠳᠡᠭᠡᠳᠦ ᠰᠤᠷᠭᠠᠭᠤᠯᠢ ᠲᠡᠭᠦᠰᠦᠭᠰᠡᠳᠲᠦ᠍ ᠠᠵᠢᠯ ᠣᠯᠭᠣᠬᠤ ᠠᠵᠢᠯ᠎ᠢ ᠦᠨᠡᠨ ᠬᠦ᠌ ᠰᠠᠶ᠋ᠢᠲᠤᠷ ᠬᠢᠵᠦ᠍᠂ ᠰᠤᠷᠭᠠᠨ ᠬᠥᠮᠦᠵᠢᠯ᠎ᠦᠨ ᠰᠢᠰᠲ᠋ᠧᠮ᠎ᠦᠨ ᠠᠮᠤᠷ ᠲᠦᠪᠰᠢᠨ ᠲᠣᠭᠲᠠᠭᠤᠨ ᠪᠠᠶ᠋ᠢᠬᠤ᠎ᠶᠢ ᠬᠠᠮᠠᠭᠠᠯᠠᠬᠤ ᠬᠡᠷᠡᠭᠲᠡᠶ ᠭᠡᠵᠤ ᠵᠢᠭᠠᠵᠤ ᠭᠠᠷᠭᠠᠪᠠ᠃
ᠸᠠᠩ ᠸᠧᠶ ᠵᠥᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠡᠮᠦᠨ᠎ᠡ᠎ᠡᠴᠡ ᠰᠤᠷᠭᠠᠨ ᠬᠥᠮᠦᠵᠢᠯ᠎ᠦᠨ ᠶᠠᠮᠤᠨ᠎ᠤ ᠣᠷᠳᠣ ᠬᠤᠭᠤᠴᠠᠭᠠᠨ᠎ᠤ ᠲᠤᠷᠰᠢ ᠥᠪᠥᠷ ᠮᠣᠩᠭᠣᠯ᠎ᠳᠤ ᠦᠵᠡᠭᠦᠯᠦᠭᠰᠡᠨ ᠬᠠᠯᠠᠮᠵᠢᠯᠠᠯ ᠳᠡᠮᠵᠢᠯᠭᠡ᠎ᠳᠦ ᠲᠠᠯᠠᠷᠬᠠᠵᠤ ᠪᠠᠶ᠋ᠢᠬᠤ᠎ᠪᠠᠨ ᠢᠯᠡᠳᠬᠡᠪᠡ᠃ ᠲᠡᠷᠡ᠂ ᠥᠪᠥᠷ ᠮᠣᠩᠭᠣᠯ ᠶᠡᠷᠦᠩᠬᠡᠶ ᠱᠦᠵᠢ ᠰᠢ ᠵᠢᠨ ᠫᠢᠩ᠎ᠦᠨ ᠰᠤᠷᠭᠠᠨ ᠬᠥᠮᠦᠵᠢᠯ᠎ᠦᠨ ᠲᠤᠬᠠᠶ ᠴᠢᠬᠤᠯᠠ ᠥᠭᠦᠯᠡᠯᠲᠡ᠎ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠰᠤᠷᠭᠠᠨ ᠬᠥᠮᠦᠵᠢᠯ᠎ᠦᠨ ᠦᠢᠯᠡᠰ᠎ᠢ ᠲᠡᠷᠢᠭᠦᠨ ᠪᠠᠶ᠋ᠢᠷᠢᠨ᠎ᠳᠤ ᠲᠠᠯᠪᠢᠬᠤ᠎ᠶᠢ ᠪᠠᠷᠢᠮᠲᠠᠯᠠᠨ᠂ ᠶᠣᠰᠣ ᠰᠤᠷᠲᠠᠬᠤᠨ᠎ᠢᠶᠠᠷ ᠬᠥᠮᠦᠨ ᠬᠥᠮᠦᠵᠢᠭᠦᠯᠬᠦ᠌ ᠦᠨᠳᠦᠰᠦᠨ ᠡᠭᠦᠷᠭᠡ᠎ᠶᠢ ᠨᠠᠶ᠋ᠢᠳᠠᠪᠤᠷᠢᠵᠢᠭᠤᠯᠵᠤ᠂ ᠰᠤᠷᠭᠠᠨ ᠬᠥᠮᠦᠵᠢᠯ᠎ᠢᠶᠡᠷ ᠣᠷᠣᠨ᠎ᠢᠶᠠᠨ ᠬᠦᠴᠦᠷᠬᠡᠭᠵᠢᠭᠦᠯᠬᠦ᠌ ᠪᠥᠲᠥᠭᠡᠨ ᠪᠠᠶ᠋ᠢᠭᠤᠯᠤᠯᠲᠠ᠎ᠶᠢᠨ ᠠᠯᠬᠤᠮ᠎ᠢ ᠲᠦᠷᠭᠡᠳᠬᠡᠨ᠂ ᠡᠯ᠎ᠡ ᠱᠠᠲᠤᠨ᠎ᠤ ᠡᠯ᠎ᠡ ᠲᠥᠷᠥᠯ᠎ᠦᠨ ᠰᠤᠷᠭᠠᠨ ᠬᠥᠮᠦᠵᠢᠯ᠎ᠦᠨ ᠬᠥᠭᠵᠢᠯᠲᠡ᠎ᠶᠢᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ᠌᠎ᠶᠢ ᠠᠬᠢᠭᠤᠯᠵᠤ᠂ ᠠᠷᠠᠳ ᠣᠯᠠᠨ᠎ᠤ ᠰᠤᠷᠭᠠᠨ ᠬᠥᠮᠦᠵᠢᠯ᠎ᠦᠨ ᠬᠦᠷᠲᠡᠮᠵᠢ᠎ᠶᠢᠨ ᠲᠥᠷᠥᠭᠳᠡᠯ᠂ ᠬᠠᠨᠤᠮᠵᠢ᠎ᠶᠢᠨ ᠬᠡᠮᠵᠢᠶ᠎ᠡ ᠦᠷᠭᠦᠯᠵᠢᠯᠡᠨ ᠳᠡᠭᠡᠭᠰᠢᠯᠡᠪᠡ᠃ ᠣᠳᠣᠬᠠᠨ᠎ᠳᠤ᠂ ᠣᠷᠣᠨ ᠳᠠᠶᠠᠭᠠᠷ ᠶᠡᠷᠦᠩᠬᠡᠢ ᠱᠦᠵᠢ ᠰᠢ ᠵᠢᠨ ᠫᠢᠩ᠎ᠦᠨ ᠵᠢᠭᠠᠭᠰᠠᠨ ᠴᠢᠭᠯᠡᠯ᠎ᠢᠶᠡᠷ ᠡᠷᠡᠰ ᠭᠤᠢᠪᠢᠰᠢ ᠦᠭᠡᠢ ᠵᠠᠮᠨᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠶ᠋ᠢᠷᠢᠯᠠᠭᠤᠯᠤᠯᠲᠠ᠎ᠶᠢ ᠡᠵᠡᠮᠳᠡᠵᠦ᠂ ᠳᠠᠪᠠᠭᠤᠯᠢᠭ᠎ᠢᠶᠠᠨ ᠪᠠᠳᠠᠷᠠᠭᠤᠯᠵᠤ᠂ ᠠᠵᠠ ᠲᠣᠬᠢᠶᠠᠯ᠎ᠢ ᠠᠮᠵᠢᠵᠤ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠪᠠ ᠨᠠᠮ᠎ᠤᠨ ᠪᠠᠶ᠋ᠢᠭᠤᠯᠤᠯᠲᠠ᠎ᠶᠢᠨ ᠡᠯ᠎ᠡ ᠵᠦᠢᠯ᠎ᠦᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠤᠷᠭᠠᠨ ᠬᠥᠮᠦᠵᠢᠯ᠎ᠦᠨ ᠬᠥᠭᠵᠢᠯᠲᠡ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ ᠡᠭᠦᠳᠦᠯᠲᠡ᠂ ᠴᠢᠳᠠᠪᠤᠷᠢᠲᠠᠨ᠎ᠢ ᠬᠥᠮᠦᠵᠢᠭᠦᠯᠬᠦ᠌᠎ᠶᠢ ᠨᠢᠭᠡ ᠴᠤᠭᠴᠠᠵᠢᠭᠤᠯᠤᠨ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠶ᠋ᠢᠨ ᠪᠢᠴᠢᠭᠯᠡᠵᠦ᠍ ᠪᠠᠶ᠋ᠢᠨ᠎ᠠ᠃ ᠰᠤᠷᠭᠠᠨ ᠬᠥᠮᠦᠵᠢᠯ᠎ᠦᠨ ᠶᠠᠮᠤᠨ ᠥᠩᠭᠡᠷᠡᠭᠰᠡᠨ᠎ᠲᠡᠶ᠎ᠪᠡᠨ ᠠᠳᠠᠯᠢ᠎ᠪᠠᠷ ᠥᠪᠥᠷ ᠮᠣᠩᠭᠣᠯ᠎ᠢ ᠬᠠᠯᠠᠮᠵᠢᠯᠠᠵᠤ᠂ ᠨᠡᠩ ᠤᠯᠠᠨ ᠵᠢᠯᠤᠭᠤᠳᠤᠯᠭ᠎ᠠ ᠪᠠ ᠬᠠᠪᠰᠤᠷᠤᠯᠭ᠎ᠠ ᠦᠵᠡᠭᠦᠯᠵᠦ᠍᠂ ᠮᠠᠨ᠎ᠤ ᠣᠷᠣᠨ᠎ᠤ ᠰᠤᠷᠭᠠᠨ ᠬᠥᠮᠦᠵᠢᠯ᠎ᠦᠨ ᠦᠢᠯᠡᠰ᠎ᠦᠨ ᠬᠥᠭᠵᠢᠯᠲᠡ᠎ᠶᠢᠨ ᠰᠢᠨ᠎ᠡ ᠳᠡᠭᠲᠡᠷ᠎ᠲᠦ᠍ ᠭᠠᠷᠬᠤ᠎ᠳᠤ ᠬᠦᠴᠦᠨ ᠨᠡᠮᠡᠷᠢᠯᠡᠬᠦ᠌᠎ᠶᠢ ᠬᠦᠰᠡᠵᠦ᠍ ᠪᠠᠶ᠋ᠢᠨ᠎ᠠ᠃ ᠥᠪᠥᠷ ᠮᠣᠩᠭᠣᠯ ᠶᠠᠮᠤᠨ ᠣᠷᠣᠨ᠎ᠤ ᠵᠥᠪᠳᠡᠯᠴᠡᠭᠡᠨ᠎ᠦ ᠦᠷ᠎ᠡ ᠪᠦᠲᠦᠭᠡᠯ᠎ᠢ ᠨᠠᠷᠢᠨ ᠬᠢᠨᠠᠮᠠᠭᠠᠶ ᠨᠠᠶ᠋ᠢᠳᠠᠪᠤᠷᠢᠵᠢᠭᠤᠯᠵᠤ᠂ ᠠᠷᠠᠳ ᠲᠦᠮᠡᠨ᠎ᠳᠦ ᠲᠠᠭᠠᠰᠢᠶᠠᠭᠳᠠᠭᠰᠠᠨ ᠰᠤᠷᠭᠠᠨ ᠬᠥᠮᠦᠵᠢᠯ᠎ᠢ ᠴᠢᠷᠮᠠᠶ᠋ᠢᠨ ᠰᠠᠶ᠋ᠢᠲᠤᠷ ᠡᠷᠭᠢᠯᠡᠵᠦ᠍᠂ ᠰᠤᠷᠭᠠᠨ ᠬᠥᠮᠦᠵᠢᠯ᠎ᠵᠢᠡᠷ ᠤᠯᠤᠰ ᠵᠢᠡᠨ ᠬᠦᠴᠦᠷᠬᠡᠭᠵᠢᠭᠦᠯᠭᠦ ᠪᠥᠲᠥᠭᠡᠨ ᠪᠠᠶ᠋ᠢᠭᠤᠯᠤᠯᠲᠠ᠎ᠳᠤ ᠨᠠᠩ ᠣᠯᠠᠨ ᠬᠦᠴᠦᠨ ᠴᠢᠳᠠᠯ᠎ᠢᠶᠠᠨ ᠡᠷᠭᠦᠨ᠎ᠡ ᠭᠡᠪᠡ᠃
ᠰᠤᠷᠭᠠᠨ ᠬᠥᠮᠦᠵᠢᠯ᠎ᠦᠨ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠰᠠᠢᠳ ᠰᠢᠤᠢ ᠴᠢᠩ ᠰᠸᠨ᠂ ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠦᠶ ᠯᠢ ᠰᠢᠨ᠂ ᠰᠦᠬᠡ ᠣᠷᠣᠯᠴᠠᠵᠠᠢ᠃