6 ᠰᠠᠷ᠎ᠠ᠎ᠶᠢᠨ 15᠎ᠤ᠋ ᠡᠳᠦᠷ᠂ 《ᠡᠨᠧᠷᠭᠢ ᠠᠷᠪᠢᠯᠠᠬᠤ ᠰᠢᠨ᠎ᠡ ᠭᠠᠷᠤᠭ᠎ᠠ ᠡᠴᠡ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠤᠨ ᠢᠷᠡᠭᠡᠳᠦᠢ ᠵᠦᠭ ᠤᠷᠤᠭᠰᠢᠯᠠᠨ᠎ᠠ》 ᠬᠡᠬᠦ ᠭᠣᠣᠯ ᠰᠡᠳᠦᠪᠳᠤ 2026 ᠣᠨ᠎ᠤ ᠪᠦᠬᠦ᠌ ᠤᠯᠤᠰ᠎ᠤᠨ ᠡᠨᠧᠷᠭᠢ ᠠᠷᠪᠢᠯᠠᠬᠤ ᠤᠬᠠᠭᠤᠯᠭ᠎ᠠ᠎ᠶᠢᠨ ᠭᠠᠷᠠᠭ᠎ᠤᠨ ᠠᠵᠢᠯᠯᠠᠭ᠎ᠠ ᠡᠬᠢᠯᠡᠵᠦ᠂ 6 ᠰᠠᠷ᠎ᠠ᠎ᠶᠢᠨ 21᠎ᠤ᠋ ᠡᠳᠦᠷ ᠪᠣᠯᠲᠠᠯ᠎ᠠ ᠶᠠᠪᠤᠭᠳᠠᠬᠤ ᠪᠤᠯᠤᠨ᠎ᠠ᠃
ᠲᠣᠰ ᠠᠵᠢᠯᠯᠠᠭ᠎ᠠ᠎ᠳᠤ᠂ ᠦᠪᠦᠷ ᠮᠤᠩᠭᠤᠯ᠎ᠤᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠳᠠ᠎ᠶᠢᠨ ᠬᠦᠷᠢᠶᠡᠨ᠎ᠤ ᠬᠢᠨ ᠳᠥᠷᠪᠡᠨ ᠵᠦᠢᠯ᠎ᠦᠨ ᠣᠨᠴᠠᠯᠢᠭᠳᠤ ᠭᠤᠤᠯ ᠰᠡᠳᠦᠪᠲᠦ᠍ ᠠᠭᠤᠯᠭ᠎ᠠ ᠲᠣᠬᠢᠷᠠᠭᠤᠯᠵᠤ᠂ ᠠᠵᠦ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠬᠦᠷᠢᠶᠡᠨ᠎ᠳᠦ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠦᠢᠯᠡᠳᠪᠦᠷᠢᠯᠡᠯ ᠠᠮᠢᠳᠤᠷᠠᠯ᠎ᠤᠨ ᠠᠷᠭ᠎ᠠ ᠮᠠᠶᠢᠭ᠎ᠢ ᠰᠠᠨᠠᠭᠠᠴᠢᠯᠠᠭ᠎ᠠ᠎ᠠᠴᠠ᠎ᠪᠠᠨ ᠦᠢᠯᠡᠳᠦᠯᠭᠡᠵᠢᠭᠦᠯᠬᠦ᠌᠎ᠶᠢ ᠬᠥᠲᠥᠯᠥᠨ ᠵᠢᠯᠣᠭᠤᠳᠤᠨ᠎ᠠ᠃ ᠰᠦᠯᠵᠢᠶᠡᠨ ᠳᠡᠭᠡᠷᠡᠬᠢ ᠡᠨᠧᠷᠭᠢ ᠠᠷᠪᠢᠯᠠᠬᠤ ᠮᠡᠳᠡᠯᠭᠡ᠎ᠶᠢᠨ ᠤᠷᠤᠯᠳᠤᠭᠠᠨ᠎ᠨᠢ ᠡᠨᠧᠷᠭᠢ ᠠᠷᠪᠢᠯᠠᠬᠤ ᠬᠠᠤᠯᠢ ᠴᠠᠭᠠᠵᠠ ᠬᠠᠤᠯᠢ ᠲᠣᠭᠲᠠᠭᠠᠯ᠂ ᠡᠨᠧᠷᠭᠢ᠎ᠶᠢᠨ ᠠᠰᠢᠭᠯᠠᠮᠵᠢ᠎ᠶᠢᠨ ᠪᠠᠷᠢᠮᠵᠢᠶ᠎ᠠ᠂ ᠬᠤᠤᠰ ᠨᠡᠭᠦᠷᠡᠰᠦᠲᠥ᠋ᠷᠥᠭᠴᠢ᠎ᠶᠢᠨ ᠮᠡᠳᠡᠯᠭᠡ᠂ ᠪᠣᠬᠢᠷᠲᠤᠯ ᠥᠬᠡᠶ ᠦᠢᠯᠡᠳᠭᠡᠯ᠎ᠤᠨ ᠲᠥᠷᠥ᠎ᠶᠢᠨ ᠪᠣᠳᠣᠯᠭ᠎ᠠ᠂ ᠠᠵᠤ ᠦᠢᠯᠡᠳᠪᠦᠷᠢ᠎ᠶᠢᠨ ᠡᠨᠧᠷᠭᠢ ᠠᠷᠪᠢᠯᠠᠬᠤ ᠨᠠᠷᠢᠨ ᠲᠦᠷᠢᠮ ᠵᠡᠷᠭᠡ ᠲᠠᠪᠤᠨ ᠶᠡᠬᠡ ᠠᠭᠤᠯᠭ᠎ᠠ᠎ᠶᠢᠨ ᠲᠣᠭᠣᠷᠢᠨ᠎ᠳᠤ ᠰᠡᠳᠦᠪ ᠬᠠᠷᠢᠭᠤᠯᠵᠤ ᠠᠳᠠᠯᠢᠳᠬᠠᠬᠤ᠂ ᠰᠤᠷᠬᠤ᠎ᠪᠠᠷ ᠬᠡᠷᠡᠭᠯᠡᠬᠦ᠌᠎ᠶᠢ ᠠᠬᠢᠭᠤᠯᠬᠤ᠂ ᠤᠷᠤᠯᠳᠤᠭᠠᠨ᠎ᠢᠶᠠᠷ ᠪᠣᠯᠪᠠᠰᠤᠷᠠᠯ᠎ᠢ ᠠᠬᠢᠭᠤᠯᠵᠤ᠂ ᠠᠵᠤ ᠠᠬᠤᠶ᠋ᠢᠯᠠᠯ᠎ᠤᠨ ᠠᠵᠢᠯᠯᠠᠭᠰᠠᠳ᠎ᠢ ᠬᠠᠪᠰᠤᠷᠤᠨ ᠲᠥᠷᠥ᠎ᠶᠢᠨ ᠪᠣᠳᠣᠯᠭ᠎ᠠ᠎ᠶᠢᠨ ᠱᠠᠭᠠᠷᠳᠠᠯᠭ᠎ᠠ᠎ᠶᠢ ᠣᠨᠣᠪᠴᠢᠲᠠᠶ ᠡᠵᠡᠮᠰᠢᠭᠦᠯᠵᠦ᠍᠂ ᠲᠤᠰᠬᠠᠶ ᠮᠡᠷᠭᠡᠵᠢᠯ᠎ᠦᠨ ᠴᠢᠳᠠᠪᠤᠷᠢ᠎ᠶᠢ᠎ᠨᠢ ᠪᠡᠬᠢᠵᠢᠭᠦᠯᠦᠨ᠎ᠡ; ᠪᠥᠬᠥ᠌ ᠠᠷᠠᠳ᠎ᠤᠨ ᠪᠣᠬᠢᠷᠲᠤᠯ ᠥᠬᠡᠶ ᠵᠢᠭᠤᠯᠴᠢᠯᠠᠨ ᠲᠤᠭᠤᠷᠢᠬᠤ ᠠᠵᠢᠯᠯᠠᠭ᠎ᠠ᠎ᠶᠢ ᠰᠦᠯᠵᠢᠶᠡᠨ ᠳᠡᠭᠡᠷᠡᠬᠢ ᠵᠢᠵᠢᠭ ᠫᠷᠤᠭ᠌ᠷᠠᠮ᠎ᠳᠤ ᠲᠦᠰᠢᠭᠯᠡᠨ ᠥᠷᠨᠢᠭᠦᠯᠵᠦ᠍᠂ ᠠᠵᠤ ᠦᠢᠯᠡᠳᠪᠦᠷᠢ᠎ᠶᠢᠨ ᠦᠢᠯᠡᠳᠪᠦᠷᠢᠯᠡᠯ ᠪᠠ ᠡᠳᠦᠷ ᠲᠤᠲᠤᠮ᠎ᠤᠨ ᠠᠮᠢᠳᠤᠷᠠᠯ᠎ᠤᠨ ᠬᠣᠶᠠᠷ ᠶᠡᠬᠡ ᠠᠬᠤᠶ ᠦᠵᠡᠭᠳᠡᠯ᠎ᠢ ᠬᠣᠯᠪᠣᠭᠠᠯᠠᠨ ᠬᠥᠳᠡᠯᠦᠯᠴᠡᠭᠦᠯᠵᠦ᠂ ᠡᠨᠧᠷᠭᠢ ᠠᠷᠪᠢᠯᠠᠬᠤ ᠤᠢᠯᠠᠭᠠᠭᠳᠠᠬᠤᠨᠤ ᠪᠣᠳᠠᠲᠠᠶ᠋ᠢᠵᠢᠵᠤ ᠦᠷ᠎ᠡ ᠪᠦᠲᠦᠮᠵᠢ ᠤᠯᠬᠤ᠎ᠶᠢ ᠠᠬᠢᠭᠤᠯᠤᠨ᠎ᠠ; ᠵᠢᠷᠤᠭ ᠵᠣᠬᠢᠶᠠᠯ ᠡᠯᠰᠡᠬᠦ᠌ ᠠᠵᠢᠯᠯᠠᠭ᠎ᠠ ᠨᠢ ᠪᠥᠬᠥ᠌ ᠣᠷᠣᠨ᠎ᠤ ᠦᠢᠯᠡᠳᠬᠦ ᠦᠢᠯᠡᠰ᠎ᠦᠨ ᠠᠵᠤ ᠠᠬᠤᠶ᠋ᠢᠯᠠᠯ᠂ ᠠᠵᠦ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ ᠵᠢᠴᠢ ᠡᠨᠧᠷᠭᠢ ᠠᠷᠪᠢᠯᠠᠬᠤ ᠦᠢᠯᠡᠴᠢᠯᠡᠭᠡᠨ᠎ᠦ ᠨᠢᠭᠡᠴᠢ᠎ᠡᠴᠡ ᠡᠬᠡ ᠪᠢᠴᠢᠭ ᠬᠤᠷᠢᠶᠠᠵᠤ᠂ ᠠᠵᠤ ᠠᠬᠤᠶ᠋ᠢᠯᠠᠯ᠎ᠤᠨ ᠡᠨᠧᠷᠭᠢ ᠠᠷᠪᠢᠯᠠᠬᠤ ᠥᠭᠡᠷᠡᠴᠢᠯᠡᠯᠲᠡ᠎ᠶᠢᠨ ᠦᠷ᠎ᠡ ᠪᠦᠲᠦᠭᠡᠯ᠂ ᠲᠡᠷᠢᠭᠦᠨ᠎ᠦ ᠲᠤᠷᠰᠢᠯᠭ᠎ᠠ ᠪᠣᠯᠤᠨ ᠪᠦᠯᠬᠦᠮ ᠨᠡᠶ᠋ᠢᠲᠡ᠎ᠶᠢᠨ ᠴᠣᠭ ᠵᠢᠪᠬᠤᠭ᠎ᠠ᠎ᠶᠢ ᠲᠥᠪᠯᠡᠷᠡᠭᠦᠯᠦᠨ ᠳᠡᠯᠭᠡᠨ ᠦᠵᠡᠭᠦᠯᠦᠨ᠎ᠡ᠃ ᠠᠬᠤᠢ ᠳᠠᠯᠠᠪᠠᠢ᠎ᠶᠢᠨ ᠤᠬᠠᠭᠤᠯᠭ᠎ᠠ᠎ᠶᠢᠨ ᠠᠵᠢᠯᠯᠠᠭ᠎ᠠ᠎ᠨᠢ ᠬᠠᠮᠢᠶ᠎ᠠ ᠪᠥᠬᠥᠶ ᠨᠢᠭᠡᠴᠢ᠎ᠲᠡᠶ ᠬᠠᠮᠲᠤᠷᠠᠨ ᠭᠤᠤᠯᠳᠠᠯᠭ᠎ᠠ᠎ᠲᠠᠶ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠂ ᠭᠤᠤᠯᠯᠠᠬᠤ ᠠᠵᠤ ᠠᠬᠤᠶ᠋ᠢᠯᠠᠯ᠎ᠳᠤ ᠭᠦᠨᠵᠡᠭᠡᠶ᠋ᠢᠷᠡᠨ ᠲᠥᠷᠥ᠎ᠶᠢᠨ ᠪᠣᠳᠣᠯᠭ᠎ᠠ᠎ᠶᠢ ᠤᠬᠠᠭᠤᠯᠤᠨ ᠲᠤᠭᠤᠰᠢᠯᠠᠭᠤᠯᠬᠤ ᠪᠠ ᠰᠣᠯᠢᠯᠴᠠᠨ ᠦᠢᠯᠡᠳᠦᠯᠴᠡᠬᠦ ᠠᠵᠢᠯᠯᠠᠭ᠎ᠠ ᠥᠷᠨᠢᠭᠦᠯᠦᠨ᠎ᠡ᠃
ᠲᠣᠰ ᠤᠳᠠᠭᠠᠨ᠎ᠤ ᠰᠢᠷᠢᠰ ᠠᠵᠢᠯᠯᠠᠭ᠎ᠠ᠎ᠨᠢ ᠦᠪᠦᠷ ᠮᠤᠩᠭᠤᠯ᠎ᠤᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠳᠠ᠎ᠶᠢᠨ ᠬᠦᠷᠢᠶᠡᠨ᠎ᠳᠡᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ᠎ᠶᠢᠨ ᠤᠢᠯᠠᠭᠠᠭᠳᠠᠬᠤᠨ᠎ᠢ ᠤᠯᠠᠮ ᠨᠢᠭᠡ ᠠᠯᠬᠤᠮ ᠪᠡᠬᠢᠵᠢᠭᠦᠯᠵᠦ᠍᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠠᠰᠬᠠᠬᠤ ᠱᠠᠭᠠᠷᠳᠠᠯᠭ᠎ᠠ᠎ᠶᠢ ᠦᠢᠯᠡᠳᠪᠦᠷᠢᠯᠡᠯ ᠡᠵᠡᠩᠨᠡᠯᠲᠡ᠂ ᠡᠳᠦᠷ ᠲᠤᠲᠤᠮ᠎ᠤᠨ ᠠᠮᠢᠳᠤᠷᠠᠯ᠎ᠤᠨ ᠡᠯ᠎ᠡ ᠬᠦᠷᠢᠶ᠎ᠡ ᠴᠠᠷᠠᠭ᠎ᠠ᠂ ᠡᠯ᠎ᠡ ᠭᠣᠭᠴᠣᠭ᠎ᠠ᠎ᠳᠤ ᠭᠦᠨᠵᠡᠭᠡᠶ ᠠᠭᠤᠰᠤᠯᠴᠠᠭᠤᠯᠬᠤ᠎ᠶᠢ ᠠᠬᠢᠭᠤᠯᠤᠨ᠎ᠠ᠃ ᠪᠥᠬᠥ᠌ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠰᠠᠯᠠᠭ᠎ᠠ ᠮᠥᠴᠢᠷ᠎ᠨᠢ ᠲᠣᠰ ᠤᠳᠠᠭᠠᠨ᠎ᠤ ᠤᠬᠠᠭᠤᠯᠭ᠎ᠠ᠎ᠶᠢᠨ ᠭᠠᠷᠠᠭ᠎ᠢᠶᠠᠷ ᠠᠵᠠ ᠲᠣᠬᠢᠶᠠᠯ ᠪᠣᠯᠭᠠᠵᠤ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠠᠰᠬᠠᠬᠤ ᠠᠵᠢᠯ᠎ᠤᠨ ᠰᠠᠭᠤᠷᠢ᠎ᠶᠢ ᠦᠷᠭᠦᠯᠵᠢᠯᠡᠨ ᠪᠡᠬᠢᠵᠢᠭᠦᠯᠵᠦ᠍᠂ ᠠᠵᠤ ᠦᠢᠯᠡᠰ᠎ᠦᠨ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ᠎ᠶᠢᠨ ᠬᠤᠪᠢᠷᠠᠭᠤᠯᠤᠯᠲᠠ᠎ᠶᠢ ᠲᠦᠷᠭᠡᠳᠬᠡᠨ ᠠᠬᠢᠭᠤᠯᠵᠤ᠂ ᠲᠣᠰ ᠤᠳᠠᠭᠠᠨ᠎ᠤ ᠡᠨᠧᠷᠭᠢ ᠠᠷᠪᠢᠯᠠᠬᠤ ᠤᠬᠠᠭᠤᠯᠭ᠎ᠠ᠎ᠶᠢᠨ ᠭᠠᠷᠠᠭ᠎ᠤᠨ ᠡᠯ᠎ᠡ ᠵᠦᠢᠯ᠎ᠦᠨ ᠠᠵᠢᠯ᠎ᠢ ᠪᠣᠳᠠᠲᠠᠶ᠋ᠢᠵᠢᠭᠤᠯᠤᠨ ᠨᠠᠶ᠋ᠢᠳᠠᠪᠤᠷᠢᠵᠢᠭᠤᠯᠵᠤ᠂ ᠪᠣᠳᠠᠲᠤ᠌ ᠦᠷ᠎ᠡ ᠪᠦᠲᠦᠮᠵᠢ ᠤᠯᠬᠤ᠎ᠶᠢ ᠦᠨᠡᠨ ᠬᠦ᠌ ᠪᠠᠲᠤᠯᠠᠵᠦ ᠪᠤᠢ᠃