2026 ᠤᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠯᠲᠠ᠎ᠶᠢᠨ ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠰᠢᠷᠢᠰ ᠤᠷᠢᠵᠤ ᠡᠯᠰᠡᠬᠦ ᠠᠵᠢᠯᠯᠠᠭ᠎ᠠ ᠡᠬᠢᠯᠡᠵᠡᠢ
2026-06-18 10:50:42
ᠵᠣᠬᠢᠶᠠᠭ᠍ᠴᠢ᠄
ᠪᠤᠤ ᠢᠤᠢ ᠶᠢᠡᠭ
ᠣᠩᠱᠢᠭ᠍ᠰᠠᠨ ᠣᠳᠠᠭ᠎ᠠ᠄
★★★☆☆

 ᠤᠢᠷ᠎ᠠ ᠳ᠋ᠤ᠂ 2026 ᠤᠨ ᠤ᠋ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠯᠲᠠ᠎ᠶᠢᠨ ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠰᠢᠷᠢᠰ ᠤᠷᠢᠵᠦ ᠡᠯᠰᠡᠬᠦ ᠠᠵᠢᠯᠯᠠᠭ᠎ᠠ ᠥᠪᠥᠷ ᠮᠣᠩᠭᠣᠯ ᠎ᠤᠨ ᠲᠠᠷᠢᠶᠠᠯᠠᠩ ᠎ᠤᠨ ᠶᠡᠬᠡ ᠰᠤᠷᠭᠠᠭᠤᠯᠢ᠎ᠳᠤ ᠶᠠᠪᠤᠭᠳᠠᠪᠠ᠂ ᠲᠣᠰ ᠤᠳᠠᠭᠠᠨ᠎ᠤ ᠠᠵᠢᠯᠯᠠᠭ᠎ᠠ ᠎ᠶᠢ  ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠭᠣᠣᠯᠯᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠲᠥᠪ᠎ᠡᠴᠡ ᠳᠠᠭᠠᠭᠠᠴᠢᠯᠠᠨ ᠡᠷᠭᠢᠯᠡᠵᠦ᠂ 100 ᠭᠠᠷᠤᠢ ᠬᠥᠮᠥᠨ ᠬᠡᠷᠡᠭᠯᠡᠬᠦ ᠨᠢᠭᠡᠴᠢ᠎ᠡᠴᠠ 1800 ᠭᠠᠷᠤᠢ ᠠᠵᠢᠯ᠎ᠤᠨ ᠪᠠᠢᠷᠢ ᠬᠠᠡᠭᠭᠠᠵᠠᠢ᠃ ᠲᠤᠰ ᠠᠵᠢᠯᠯᠠᠭ᠎ᠠ ᠨᠢ 12 ᠰᠠᠷ᠎ᠠ ᠪᠣᠯᠲᠠᠯ᠎ᠠ ᠶᠠᠪᠤᠭᠳᠠᠵᠤ᠂  ᠶᠠᠬᠡ ᠳᠡᠭᠡᠳᠦ ᠰᠤᠷᠭᠠᠭᠤᠯᠢ᠂ ᠬᠤᠳᠠᠯᠳᠤᠭᠠᠨ᠎ᠤ ᠲᠠᠯᠠᠪᠤᠷ ᠬᠠᠮ ᠳᠡᠯᠭᠡᠭᠦᠷ᠂ ᠠᠭᠤᠳᠠᠮ ᠲᠠᠯᠠᠪᠠᠶ ᠵᠡᠷᠭᠡ ᠡᠯ᠎ᠡ ᠲᠥᠷᠥᠯ᠎ᠦᠨ ᠪᠦᠯᠬᠦᠮ ᠨᠠᠢᠲᠠ ᠳ᠋ᠤ ᠭᠣᠣᠯ ᠰᠡᠳᠦᠪᠲᠦ ᠤᠷᠢᠵᠤ ᠡᠯᠰᠡᠬᠦ ᠪᠠ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠷᠨᠢᠭᠦᠯᠣᠨ᠎ᠠ᠃

ᠤᠢᠯᠠᠭᠠᠭᠰᠠᠨ ᠶ᠋ᠢᠡᠷ᠂ ᠲᠣᠰ ᠤᠳᠠᠭᠠᠨ᠎ᠤ ᠠᠵᠢᠯᠯᠠᠭ᠎ᠠ ᠨᠢ 《 ᠵᠠᠭᠤᠨ ᠡᠳᠦᠷ᠎ᠦᠨ ᠦᠢᠯᠡᠴᠢᠯᠡᠭᠡ᠎ᠶᠢ ᠰᠤᠷᠭᠠᠭᠤᠯᠢ᠎ᠶᠢᠨ ᠬᠦᠷᠢᠶᠡᠨ᠎ᠳᠦ ᠣᠷᠣᠭᠤᠯᠵᠤ  ᠠᠵᠢᠯ ᠣᠯᠭᠣᠯᠲᠠ᠎ᠳᠤ ᠬᠦᠴᠦᠨ ᠨᠡᠮᠡᠷᠢᠯᠡᠵᠦ ᠢᠷᠡᠭᠡᠳᠦᠢ ᠪᠠᠨ ᠴᠤᠭᠴᠠᠯᠠᠬᠤ 》 ᠪᠠᠷ ᠭᠣᠣᠯ ᠰᠡᠳᠦᠪ ᠪᠣᠯᠭᠠᠵᠤ᠂ ᠠᠵᠢᠯ ᠣᠯᠭᠣᠯᠲᠠ ᠎ᠶᠢᠨ ᠬᠡᠷᠡᠭᠴᠡᠭᠡ ᠱᠠᠭᠠᠷᠳᠠᠯᠭ᠎ᠠ᠎ᠲᠠᠢ ᠨᠢᠭ᠍ᠲᠠ ᠤᠶᠠᠯᠳᠤᠭᠤᠯᠤᠨ᠂ ᠠᠵᠢᠯ ᠲᠥᠷᠥᠯ᠎ᠦᠨ ᠴᠢᠨᠠᠷ ᠰᠠᠢᠲᠠᠢ ᠡᠬᠢ ᠪᠠᠶᠠᠯᠢᠭ᠋᠎ᠢ ᠨᠠᠷᠢᠯᠢᠭ ᠤᠨᠤᠴᠠᠲᠠᠢ ᠵᠣᠯᠭᠠᠭᠤᠯᠵᠤ᠂《ᠰᠦᠯᠵᠢᠶᠡᠨ ᠳᠡᠭᠡᠷᠡᠬᠢ + ᠪᠤᠲᠠᠲᠤ ᠴᠤᠭᠴᠠ》ᠬᠠᠷᠢᠯᠴᠠᠨ ᠤᠶᠠᠯᠳᠤᠭᠰᠠᠨ ᠵᠠᠭᠪᠤᠷ᠎ᠢᠶᠠᠷ ᠥᠷᠨᠢᠭᠦᠯᠦᠨ᠂ ᠲᠤᠬᠠᠢ᠎ᠶᠢᠨ ᠭᠠᠵᠠᠷ᠎ᠲᠤ ᠠᠵᠤ ᠠᠬᠤᠢᠯᠠᠯ ᠲᠣᠬᠢᠷᠠᠭᠤᠯᠤᠨ ᠤᠷᠢᠬᠤ᠂ ᠰᠢᠭᠤᠳ ᠨᠡᠪᠲᠡᠷᠡᠭᠦᠯᠭᠡ ᠪᠠᠷ ᠠᠵᠢᠯ ᠤ᠋ᠨ ᠪᠠᠢᠷᠢ ᠲᠠᠨᠢᠯᠴᠠᠭᠤᠯᠬᠤ᠂ ᠲᠥᠷᠥ᠎ᠶᠢᠨ ᠪᠣᠳᠣᠯᠭ᠎ᠠ᠎ᠶᠢᠨ ᠲᠠᠢᠯᠤᠮᠵᠢ᠂ ᠠᠵᠢᠯ ᠮᠡᠷᠭᠡᠵᠢᠯ᠎ᠦᠨ ᠵᠢᠯᠣᠭᠣᠳᠤᠯᠭ᠎ᠠ ᠵᠡᠷᠭᠡ ᠣᠯᠠᠨ ᠴᠢᠳᠠᠮᠵᠢᠲᠤ ᠲᠤᠰᠬᠠᠢ ᠲᠤᠭᠤᠷᠢᠭ ᠭᠠᠷᠭᠠᠵᠦ᠂ ᠪᠦᠬᠦ ᠬᠡᠯᠬᠢᠶᠡᠨ᠎ᠦ ᠠᠵᠢᠯ ᠣᠯᠭᠣᠯᠲᠠ᠎ᠶᠢᠨ ᠦᠢᠯᠡᠴᠢᠯᠡᠭᠡ ᠬᠠᠡᠭᠭᠠᠪᠠ᠃

ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ ᠎ᠶᠢᠨ ᠲᠢᠩᠬᠢᠮ ᠎ᠦᠨ ᠬᠠᠮᠢᠶ᠎ᠠ ᠪᠦᠬᠦᠢ ᠬᠠᠷᠢᠭᠤᠴᠠᠯᠭᠠᠲᠠᠨ᠄ 《ᠥᠪᠡᠷᠲᠡᠭᠡᠨ ᠵᠠᠰᠠᠬᠤ ᠣᠷᠣᠨ ᠎ᠤ ᠬᠥᠮᠥᠨ ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ 〈 ᠰᠦᠯᠵᠢᠶᠡᠨ ᠳᠡᠭᠡᠷᠡᠬᠢ + ᠪᠤᠲᠠᠲᠤ ᠴᠤᠭᠴᠠ 〉 ᠵᠢᠨ ᠠᠵᠢᠯ ᠣᠯᠭᠣᠬᠤ ᠦᠢᠯᠡᠴᠢᠯᠡᠭᠡᠨ ᠎ᠦ ᠵᠠᠭᠪᠤᠷ᠎ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠤᠷᠢᠵᠤ ᠡᠯᠰᠡᠬᠦ ᠠᠵᠢᠯᠯᠠᠭ᠎ᠠ᠎ᠶᠢ ᠪᠠᠢᠩᠭᠤ ᠥᠷᠨᠢᠭᠦᠯᠦᠨ᠂ ᠲᠥᠷᠥ᠎ᠶᠢᠨ ᠪᠣᠳᠣᠯᠭ᠎ᠠ ᠬᠦᠷᠭᠡᠬᠦ᠂ ᠠᠵᠢᠯ᠎ᠤᠨ ᠪᠠᠢᠷᠢ ᠬᠦᠷᠭᠡᠬᠦ᠂ ᠦᠢᠯᠡᠴᠢᠯᠡᠭᠡ ᠬᠦᠷᠭᠡᠬᠦ᠂ ᠬᠠᠢᠷ᠎ᠠ ᠬᠠᠯᠠᠮᠵᠢ ᠬᠦᠷᠭᠡᠬᠦ  〈ᠳᠥᠷᠪᠡ᠎ᠶᠢ ᠬᠦᠷᠭᠡᠬᠦ 〉 ᠦᠢᠯᠡᠴᠢᠯᠡᠭᠡ᠎ᠶᠢ ᠦᠷᠭᠦᠯᠵᠢᠯᠡᠨ ᠥᠷᠨᠢᠭᠦᠯᠬᠦ᠎ᠪᠡᠷ ᠳᠠᠮᠵᠢᠨ᠂ ᠤᠷ᠎ᠠ ᠮᠡᠷᠬᠡᠵᠢᠯ ᠤ᠋ᠨ ᠪᠣᠯᠪᠠᠰᠤᠷᠠᠯ᠎ᠤᠨ ᠬᠣᠯᠪᠤᠭᠠᠯᠠᠨ ᠬᠥᠳᠡᠯᠦᠯᠴᠡᠬᠦ᠂ ᠠᠵᠢᠯ ᠣᠯᠭᠣᠯᠲᠠ᠎ᠶᠢᠨ ᠮᠡᠳᠡᠭᠡ ᠵᠠᠩᠭᠢ᠎ᠶᠢ ᠬᠠᠮᠲᠤ᠎ᠪᠠᠷ ᠡᠳ᠋ᠯᠡᠬᠦ᠂ ᠲᠥᠷᠥ ᠎ᠶᠢᠨ ᠪᠣᠳᠣᠯᠭ᠎ᠠ ᠵᠢ  ᠬᠠᠮᠵᠢᠯᠴᠠᠨ ᠨᠠᠢᠳᠠᠪᠤᠷᠢᠵᠢᠭᠤᠯᠬᠤ᠎ᠶᠢ ᠴᠢᠩᠭᠠᠳᠬᠠᠵᠦ᠂ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ ᠪᠤᠯᠤᠨ ᠭᠤᠤᠯᠳᠠᠯᠭ᠎ᠠ ᠲᠠᠢ ᠬᠦᠷᠢᠶᠡᠨ᠎ᠳᠡᠬᠢ ᠠᠵᠢᠯ ᠤᠯᠭᠤᠯᠳᠠ ᠵᠢ ᠤᠯᠠᠮ ᠨᠢᠭᠡ ᠠᠯᠬᠤᠮ ᠠᠬᠢᠭᠤᠯᠵᠤ᠂ ᠥᠪᠥᠷ ᠮᠣᠩᠭᠣᠯ᠎ᠤᠨ ᠠᠵᠤ ᠠᠬᠤᠢ ᠨᠡᠢᠭᠡᠮ ᠎ᠦᠨ ᠴᠢᠨᠠᠷ ᠰᠠᠢᠲᠠᠢ ᠬᠥᠭᠵᠢᠯᠲᠡ᠎ᠳᠦ ᠬᠦᠴᠦᠨ ᠨᠡᠮᠡᠷᠢᠯᠠᠨ᠎ᠠ 》 ᠬᠡᠵᠡᠢ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号