ᠬᠥᠬᠡᠬᠣᠲᠠ᠎ᠶᠢᠨ ᠮᠦᠽᠧᠶ᠎ᠶᠢᠨ ᠨᠢᠭᠡ ᠲᠥᠷᠥᠯ ᠵᠦᠢᠯ ᠤᠯᠤᠰ᠎ᠤᠨ ᠲᠠᠰ᠎ᠤᠨ ᠲᠥᠷᠥᠯ ᠵᠦᠢᠯ᠎ᠢᠶᠡᠷ ᠵᠥᠪᠰᠢᠶᠡᠷᠡᠭᠳᠡᠪᠡ
2026-06-18 16:06:37
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠬᠥᠬᠡᠬᠣᠲᠠ᠎ᠶᠢᠨ ᠮᠦᠽᠧᠶ᠎ᠶᠢᠨ ᠨᠢᠭᠡ ᠲᠥᠷᠥᠯ ᠵᠦᠢᠯ᠎ᠢ 2026 ᠣᠨ᠎ᠤ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠲᠠᠰ᠎ᠤᠨ ᠨᠡᠶ᠋ᠢᠭᠡᠮ᠎ᠦᠨ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠥᠷᠥᠯ ᠵᠦᠢᠯ᠎ᠵᠢᠨᠷ ᠵᠥᠪᠰᠢᠶᠡᠷᠡᠪᠡ᠃

ᠣᠶ᠋ᠢᠷ᠎ᠠ᠎ᠳᠤ᠂ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠠᠯᠪᠠᠨ ᠲᠢᠩᠬᠢᠮ 2026 ᠣᠨ᠎ᠤ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠶᠠᠮᠤᠨ ᠤ᠋ ᠲᠠᠰ᠎ᠤᠨ ᠨᠡᠶ᠋ᠢᠭᠡᠮ᠎ᠦᠨ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠥᠷᠥᠯ ᠵᠦᠢᠯ ᠤ᠋ᠨ ᠨᠠᠶ᠋ᠢᠳᠠᠨ ᠲᠣᠭᠲᠠᠭᠠᠯᠭᠠᠬᠤ ᠨᠡᠷᠡᠰ᠎ᠢ ᠢᠯᠡ ᠨᠡᠶ᠋ᠢᠲᠡᠯᠡᠬᠦ᠌ ᠲᠤᠬᠠᠶ ᠮᠡᠳᠡᠭᠳᠡᠯ ᠳᠠᠷᠬᠠᠭᠠᠪᠠ᠃ ᠬᠥᠬᠡᠬᠣᠲᠠ᠎ᠶᠢᠨ ᠮᠦᠽᠧᠶ᠎ᠶᠢᠨ 《ᠰᠣᠶᠣᠯ ᠪᠠ ᠵᠢᠭᠤᠯᠴᠢᠯᠠᠯ᠎ᠢ ᠠᠭᠤᠰᠤᠯᠴᠠᠭᠤᠯᠤᠨ ᠬᠥᠭᠵᠢᠭᠦᠯᠬᠦ᠌ ᠪᠠᠶ᠋ᠢᠭᠤᠯᠤᠮᠵᠢ ᠲᠣᠭᠲᠠᠴᠠ᠎ᠶᠢᠨ ᠰᠤᠳᠤᠯᠭᠠᠨ — ᠬᠥᠬᠡᠬᠣᠲᠠ᠎ᠶᠢᠨ ᠮᠦᠽᠧᠶ᠎ᠶᠢᠨ〈ᠵᠢᠷᠭᠤᠭᠠᠨ ᠣᠷᠳᠣᠨ ᠨᠢᠭᠡ ᠬᠦᠷᠢᠶᠡᠯᠡᠩ〉᠎ᠤᠨ ᠶᠡᠷᠦᠩᠬᠡᠶ ᠪᠠ ᠬᠤᠪᠢᠶᠠᠷᠢ ᠣᠷᠳᠣᠨ᠎ᠤ ᠲᠦᠷᠢᠮ᠎ᠦᠨ ᠥᠭᠡᠷᠡᠴᠢᠯᠡᠯᠲᠡ ᠪᠡᠷ ᠵᠢᠱᠶ᠋ᠶᠡᠯᠡᠭᠦ ᠨᠢ》 ᠭᠡᠭᠦ ᠳᠦᠷᠦᠯ ᠵᠦᠢᠯ᠎ᠨᠢ ᠠᠮᠵᠢᠯᠲᠠ᠎ᠲᠠᠶ ᠵᠥᠪᠰᠢᠶᠡᠷᠡᠭᠳᠡᠪᠡ᠃


1.png


ᠲᠣᠰ ᠤᠳᠠᠭ᠎ᠠ ᠎ᠶᠢᠨ ᠭᠤᠶᠤᠴᠢᠯᠠᠨ ᠮᠡᠳᠡᠭᠦᠯᠦᠭᠰᠡᠨ 《ᠰᠣᠶᠣᠯ ᠪᠠ ᠵᠢᠭᠤᠯᠴᠢᠯᠠᠯ᠎ᠢ ᠠᠭᠤᠰᠤᠯᠴᠠᠭᠤᠯᠤᠨ ᠬᠥᠭᠵᠢᠭᠦᠯᠬᠦ᠌ ᠪᠠᠶ᠋ᠢᠭᠤᠯᠤᠮᠵᠢ ᠲᠣᠭᠲᠠᠴᠠ᠎ᠶᠢᠨ ᠰᠤᠳᠤᠯᠭᠠᠨ — ᠬᠥᠬᠡᠬᠣᠲᠠ᠎ᠶᠢᠨ ᠮᠦᠽᠧᠶ᠎ᠶᠢᠨ〈ᠵᠢᠷᠭᠤᠭᠠᠨ ᠣᠷᠳᠣᠨ ᠨᠢᠭᠡ ᠬᠦᠷᠢᠶᠡᠯᠡᠩ〉᠎ᠤᠨ ᠶᠡᠷᠦᠩᠬᠡᠶ ᠪᠠ ᠬᠤᠪᠢᠶᠠᠷᠢ ᠣᠷᠳᠣᠨ᠎ᠤ ᠲᠦᠷᠢᠮ᠎ᠦᠨ ᠥᠭᠡᠷᠡᠴᠢᠯᠡᠯᠲᠡ ᠪᠡᠷ ᠵᠢᠱᠶ᠋ᠶᠡᠯᠡᠭᠦ ᠨᠢ》 ᠭᠡᠭᠦ ᠲᠥᠷᠥᠯ ᠵᠦᠢᠯ ᠨᠢ ᠬᠥᠬᠡᠬᠣᠲᠠ᠎ᠶᠢᠨ ᠮᠦᠽᠧᠶ᠎ᠶᠢᠨ 《ᠶᠡᠷᠦᠩᠬᠡᠶ ᠪᠠ ᠬᠤᠪᠢᠶᠠᠷᠢ ᠣᠷᠳᠣᠨ᠎ᠤ ᠲᠦᠷᠢᠮ》᠎ᠤᠨ ᠥᠭᠡᠷᠡᠴᠢᠯᠡᠯᠲᠡ᠎ᠶᠢᠨ ᠦᠷ᠎ᠡ ᠪᠦᠲᠦᠭᠡᠯ᠎ᠳᠦ ᠰᠠᠭᠤᠷᠢᠯᠠᠨ᠂ ᠳᠤᠮᠳᠠ ᠪᠠᠭ᠎ᠠ ᠮᠦᠽᠧᠶ᠎ᠶᠢᠨ ᠴᠤᠭᠯᠠᠷᠠᠯ᠎ᠤᠨ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠤᠨ ᠴᠢᠨᠠᠷ ᠰᠠᠶ᠋ᠢᠲᠠᠶ ᠬᠥᠭᠵᠢᠯᠲᠡ᠎ᠶᠢᠨ ᠠᠷᠭ᠎ᠠ ᠵᠠᠮ᠎ᠢ ᠣᠯᠠᠨ ᠲᠠᠯ᠎ᠠ᠎ᠠᠴᠠ ᠰᠤᠳᠤᠯᠤᠨ ᠰᠦᠪᠡᠭᠴᠢᠯᠡᠵᠦ᠍᠂ ᠦᠨᠳᠦᠰᠦᠨ ᠱᠠᠲᠤᠨ᠎ᠤ ᠮᠦᠽᠧᠶ᠎ᠶᠢᠨ ᠪᠠᠶ᠋ᠢᠭᠤᠯᠤᠮᠵᠢ ᠲᠣᠭᠲᠠᠴᠠ᠎ᠶᠢᠨ ᠥᠭᠡᠷᠡᠴᠢᠯᠡᠯᠲᠡ᠂ ᠰᠣᠶᠣᠯ ᠵᠢᠭᠤᠯᠴᠢᠯᠠᠯ᠎ᠤᠨ ᠠᠭᠤᠰᠤᠯᠴᠠᠨ ᠬᠥᠭᠵᠢᠬᠦ᠌᠎ᠳᠦ ᠪᠠᠲᠤ᠌ ᠪᠠᠬᠢ ᠣᠨᠣᠯ᠎ᠤᠨ ᠲᠤᠯᠭᠠᠭᠤᠷᠢᠯᠠᠯ ᠪᠠ ᠪᠣᠳᠠᠲᠤ᠌ ᠭᠡᠷᠡᠴᠢ ᠪᠠᠷᠢᠮᠲᠠ ᠬᠠᠩᠭᠠᠬᠤ᠎ᠪᠠᠷ ᠴᠢᠷᠮᠠᠶ᠋ᠢᠵᠤ᠂ ᠣᠳᠣᠬᠠᠨ᠎ᠤ ᠰᠣᠶᠣᠯ ᠵᠢᠭᠤᠯᠴᠢᠯᠠᠯ᠎ᠤᠨ ᠦᠢᠯᠡᠰ᠎ᠦᠨ ᠳᠤᠮᠳᠠ ᠪᠠᠭ᠎ᠠ ᠮᠦᠽᠧᠶ᠎ᠶᠢᠨ ᠬᠠᠪᠰᠤᠷᠤᠨ ᠲᠡᠳᠬᠦᠬᠦ᠌ ᠲᠥᠯᠥᠪᠯᠡᠭᠡ᠂ ᠦᠨᠳᠦᠰᠦᠨ ᠱᠠᠲᠤᠨ᠎ᠤ ᠰᠣᠶᠣᠯ᠎ᠤᠨ ᠦᠵᠡᠰᠬᠦᠯᠡᠩ᠎ᠦᠨ ᠡᠬᠢ ᠪᠠᠶᠠᠯᠢᠭ᠎ᠢ ᠠᠮᠢᠯᠠᠭᠤᠯᠬᠤ ᠲᠥᠷᠥ᠎ᠶᠢᠨ ᠪᠣᠳᠣᠯᠭ᠎ᠠ᠎ᠶᠢᠨ ᠤᠳᠤᠷᠢᠳᠤᠮᠵᠢ᠎ᠳᠦ ᠨᠡᠢᠴᠡᠨ᠎ᠠ᠃


2.png


ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠶᠠᠮᠤᠨ᠎ᠤ ᠲᠠᠰ᠎ᠤᠨ ᠨᠡᠶ᠋ᠢᠭᠡᠮ᠎ᠦᠨ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠦᠷᠦᠯ ᠵᠦᠢᠯ ᠨᠢ ᠳᠡᠭᠡᠳᠦ ᠬᠡᠮᠵᠢᠶᠡᠨ᠎ᠦ ᠡᠷᠬᠡ ᠰᠦᠷᠲᠦ᠍ ᠴᠢᠨᠠᠷ ᠪᠠ ᠰᠢᠢᠳᠪᠦᠷᠢᠲᠦ᠍ ᠪᠣᠳᠣᠯᠭ᠎ᠠ᠎ᠶᠢᠨ ᠯᠠᠪᠯᠠᠯᠲᠠ᠎ᠶᠢᠨ ᠦᠨ᠎ᠡ ᠥᠷᠲᠡᠭ᠎ᠲᠡᠶ ᠶᠤᠮ᠃ ᠲᠣᠰ ᠤᠳᠠᠭ᠎ᠠ᠎ᠶᠢᠨ ᠲᠥᠷᠥᠯ ᠵᠦᠢᠯ᠎ᠳᠦ ᠵᠦᠪᠰᠢᠶᠡᠷᠡᠭᠳᠡᠭᠰᠡᠨ᠎ᠨᠢ ᠬᠥᠬᠡᠬᠣᠲᠠ᠎ᠶᠢᠨ ᠮᠦᠽᠧᠶ ᠢᠮᠠᠭᠲᠠ ᠤᠯᠤᠰ᠎ᠤᠨ ᠪᠠᠶ᠋ᠢᠯᠳᠤᠬᠤ ᠪᠣᠳᠣᠯᠭ᠎ᠠ᠎ᠶᠢᠨ ᠪᠥᠬᠥ᠌ ᠲᠠᠯ᠎ᠠ᠎ᠳᠤ ᠰᠠᠭᠤᠷᠢᠯᠠᠵᠤ᠂ ᠰᠣᠶᠣᠯ᠎ᠤᠨ ᠠᠵᠤ ᠦᠢᠯᠡᠰ ᠪᠠ ᠵᠢᠭᠤᠯᠴᠢᠯᠠᠯ᠎ᠤᠨ ᠦᠢᠯᠡᠰ᠎ᠦᠨ ᠬᠥᠭᠵᠢᠯᠲᠡ᠎ᠶᠢᠨ ᠪᠣᠳᠠᠲᠤ᠌ ᠪᠠᠶ᠋ᠢᠳᠠᠯ᠎ᠲᠠᠶ ᠨᠢᠭᠲᠠ ᠤᠶᠠᠯᠳᠤᠭᠤᠯᠤᠨ᠂ ᠰᠢᠨᠵᠢᠯᠡᠬᠦ᠌ ᠤᠬᠠᠭᠠᠨ᠎ᠤ ᠰᠤᠳᠤᠯᠭᠠᠨ᠎ᠢᠶᠠᠷ ᠰᠣᠶᠣᠯ ᠵᠢᠭᠤᠯᠴᠢᠯᠠᠯ᠎ᠤᠨ ᠦᠢᠯᠡᠰ᠎ᠦᠨ ᠴᠢᠨᠠᠷ ᠰᠠᠶ᠋ᠢᠲᠠᠶ ᠬᠥᠭᠵᠢᠯᠲᠡ᠎ᠳᠦ ᠬᠦᠴᠦᠨ ᠨᠡᠮᠡᠷᠢᠯᠡᠬᠦ᠌ ᠡᠭᠦᠷᠭᠡ ᠬᠠᠷᠢᠭᠤᠴᠠᠯᠭ᠎ᠠ᠎ᠶᠢ ᠪᠠᠷᠢᠮᠲᠠᠯᠠᠵᠦ ᠪᠠᠢᠭ᠎ᠠ ᠵᠢ ᠬᠠᠷᠠᠭᠤᠯᠵᠤ ᠪᠠᠢᠬᠤ ᠪᠥᠭᠡᠳ ᠪᠠᠰᠠ ᠡᠷᠳᠡᠮ ᠰᠢᠨᠵᠢᠯᠡᠭᠡᠨ᠎ᠦ ᠴᠢᠳᠠᠪᠤᠷᠢ᠂ ᠦᠢᠯᠡᠴᠢᠯᠡᠭᠡᠨ᠎ᠦ ᠠᠵᠢᠯ ᠲᠥᠷᠥᠯ᠎ᠦᠨ ᠰᠢᠢᠳᠪᠦᠷᠢᠲᠦ᠍ ᠪᠣᠳᠣᠯᠭ᠎ᠠ ᠲᠣᠭᠲᠠᠭᠠᠬᠤ ᠲᠦᠪᠰᠢᠨ ᠰᠢᠨ᠎ᠡ ᠳᠡᠭᠲᠡᠷ᠎ᠲᠦ᠍ ᠭᠠᠷᠤᠭᠰᠠᠨ᠎ᠢ ᠬᠠᠷᠠᠭᠤᠯᠵᠤ ᠪᠠᠶ᠋ᠢᠨ᠎ᠠ᠃

ᠢᠷᠡᠯᠲᠡ᠄ ᠬᠥᠬᠡᠬᠤᠳᠠ᠎ᠶᠢᠨ ᠬᠠᠮ ᠵᠠᠭᠤᠴᠢᠯᠠᠭᠤᠷ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号