ᠮᠠᠨ᠎ᠤ ᠤᠯᠤᠰ ᠬᠡᠷ ᠪᠠᠶ᠋ᠢᠰᠢᠩ᠎ᠤᠨ ᠪᠠᠷᠢᠯᠭ᠎ᠠ᠎ᠶᠢᠨ ᠨᠢᠭᠡᠳᠦᠯᠲᠡᠶ ᠺᠣᠳ᠋᠎ᠤᠨ ᠲᠦᠷᠢᠮ᠎ᠢ ᠪᠥᠬᠥ᠌ ᠲᠠᠯ᠎ᠠ᠎ᠪᠠᠷ ᠪᠠᠶ᠋ᠢᠭᠤᠯᠬᠤ᠎ᠪᠠᠷ ᠪᠠᠶ᠋ᠢᠨ᠎ᠠ
2026-06-18 16:15:09
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭᠴᠢ 17 ᠎ᠤ ᠡᠳᠦᠷ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠥᠲᠥᠭᠡᠨ ᠪᠠᠶ᠋ᠢᠭᠤᠯᠤᠯᠲᠠ᠎ᠶᠢᠨ ᠶᠠᠮᠤᠨ᠎ᠠᠴᠠ ᠣᠶ᠋ᠢᠯᠠᠭᠠᠭᠰᠠᠨ᠎ᠢᠶᠠᠷ᠂ 2027 ᠣᠨ᠎ᠤ ᠡᠴᠦᠰ ᠪᠣᠯᠲᠠᠯ᠎ᠠ᠂ ᠮᠠᠨ᠎ᠤ ᠤᠯᠤᠰ ᠰᠢᠨ᠎ᠡ᠎ᠪᠡᠷ ᠪᠠᠶ᠋ᠢᠭᠤᠯᠬᠤ ᠬᠡᠷ ᠪᠠᠶ᠋ᠢᠰᠢᠩ᠎ᠤᠨ ᠪᠠᠷᠢᠯᠭ᠎ᠠ᠎ᠶᠢᠨ ᠨᠢᠭᠡᠳᠦᠯᠲᠡᠶ ᠺᠣᠳ᠋᠎ᠢᠶᠠᠷ ᠵᠢᠷᠤᠭ ᠪᠠᠭᠤᠯᠭᠠᠬᠤ᠎ᠶᠢ ᠨᠡᠶ᠋ᠢᠳᠡᠮ ᠪᠡᠶᠡᠯᠡᠭᠦᠯᠵᠦ᠍᠂ ᠬᠡᠷ ᠪᠠᠶ᠋ᠢᠰᠢᠩ᠎ᠤᠨ ᠪᠠᠷᠢᠯᠭ᠎ᠠ᠎ᠶᠢᠨ ᠵᠢᠷᠤᠭ ᠲᠥᠯᠥᠪᠯᠡᠭᠡ᠂ ᠪᠠᠷᠢᠯᠭ᠎ᠠ ᠪᠠᠷᠢᠬᠤ᠂ ᠰᠢᠯᠭᠠᠨ ᠠᠪᠬᠤ᠂ ᠠᠷᠠᠯᠵᠢᠶᠠᠯᠠᠬᠤ᠂ ᠠᠵᠢᠯᠯᠠᠭᠤᠯᠵᠤ ᠬᠠᠮᠠᠭᠠᠯᠠᠬᠤ᠂ ᠰᠢᠨᠡᠳᠬᠡᠨ ᠥᠭᠡᠷᠡᠴᠢᠯᠡᠬᠦ᠌ ᠵᠡᠷᠭᠡ ᠪᠥᠬᠥ᠌ ᠦᠶᠡᠯᠡᠯ᠎ᠦᠨ ᠬᠤᠭᠤᠴᠠᠭ᠎ᠠ᠎ᠶᠢ 《ᠨᠢᠭᠡ ᠺᠣᠳ᠋᠎ᠢᠶᠠᠷ ᠨᠡᠪᠲᠡᠷᠡᠭᠦᠯᠬᠦ᠌》 ᠵᠢ ᠦᠨᠳᠦᠰᠦᠨ᠎ᠳᠡᠭᠡᠨ ᠪᠡᠶᠡᠯᠡᠭᠦᠯᠵᠦ᠍᠂ ᠬᠡᠷ ᠪᠠᠶ᠋ᠢᠰᠢᠩ᠎ᠤᠨ ᠪᠠᠷᠢᠯᠭ᠎ᠠ᠎ᠶᠢᠨ ᠨᠢᠭᠡᠳᠦᠯᠲᠡᠶ ᠺᠣᠳ᠋᠎ᠢ ᠬᠣᠲᠠ᠎ᠶᠢᠨ ᠰᠢᠨᠡᠳᠬᠡᠯ᠂ ᠨᠡᠶ᠋ᠢᠭᠡᠮ ᠲᠣᠭᠣᠷᠢᠭ᠎ᠤᠨ ᠵᠠᠰᠠᠯᠲᠠ᠂ ᠣᠯᠠᠨ ᠨᠡᠶ᠋ᠢᠲᠡ᠎ᠶᠢᠨ ᠦᠢᠯᠡᠴᠢᠯᠡᠭᠡ ᠵᠡᠷᠭᠡ ᠬᠦᠷᠢᠶᠡᠨ᠎ᠳᠦ ᠥᠷᠭᠡᠨ᠎ᠢᠶᠡᠷ ᠬᠡᠷᠡᠭᠯᠡᠬᠦ᠌᠎ᠶᠢ ᠠᠬᠢᠭᠤᠯᠤᠨ᠎ᠠ᠃

ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠥᠲᠥᠭᠡᠨ ᠪᠠᠶ᠋ᠢᠭᠤᠯᠤᠯᠲᠠ᠎ᠶᠢᠨ ᠶᠠᠮᠤᠨ᠂ ᠤᠯᠤᠰ᠎ᠤᠨ ᠲᠣᠭ᠎ᠠ ᠪᠠᠷᠢᠮᠲᠠ᠎ᠶᠢᠨ ᠲᠣᠪᠴᠢᠶ᠎ᠠ ᠣᠶ᠋ᠢᠷ᠎ᠠ᠎ᠳᠤ 《ᠬᠡᠷ ᠪᠠᠶ᠋ᠢᠰᠢᠩ᠎ᠤᠨ ᠪᠠᠷᠢᠯᠭ᠎ᠠ᠎ᠶᠢᠨ ᠨᠢᠭᠡᠳᠦᠯᠲᠡᠶ ᠺᠤᠳ᠋᠎ᠤᠨ ᠲᠦᠷᠢᠮ᠎ᠢ ᠪᠥᠬᠥ᠌ ᠲᠠᠯ᠎ᠠ᠎ᠪᠠᠷ ᠪᠠᠶ᠋ᠢᠭᠤᠯᠬᠤ ᠲᠤᠬᠠᠶ ᠮᠡᠳᠡᠭᠳᠡᠯ》᠎ᠢ ᠳᠠᠷᠤᠮᠠᠯᠯᠠᠨ ᠲᠠᠷᠬᠠᠭᠠᠵᠤ᠂ ᠬᠡᠷ ᠪᠠᠶ᠋ᠢᠰᠢᠩ᠎ᠤᠨ ᠪᠠᠷᠢᠯᠭ᠎ᠠ᠎ᠶᠢᠨ ᠨᠢᠭᠡᠳᠦᠯᠲᠡᠶ ᠺᠤᠳ᠋᠎ᠤᠨ ᠲᠦᠷᠢᠮ᠎ᠢ ᠪᠠᠶ᠋ᠢᠭᠤᠯᠤᠨ ᠬᠡᠷᠡᠭᠵᠢᠭᠦᠯᠵᠦ᠍᠂ ᠬᠡᠷ ᠪᠠᠶ᠋ᠢᠰᠢᠩ᠎ᠤᠨ ᠪᠠᠷᠢᠯᠭ᠎ᠠ᠎ᠳᠤ ᠴᠣᠷ᠎ᠤᠨ ᠭᠠᠭᠴᠠ ᠪᠡᠶ᠎ᠡ ᠬᠡᠮ᠎ᠦᠨ ᠲᠡᠮᠳᠡᠭ ᠣᠯᠭᠣᠵᠤ᠂ ᠬᠡᠷ ᠪᠠᠶ᠋ᠢᠰᠢᠩ᠎ᠤᠨ ᠪᠠᠷᠢᠯᠭ᠎ᠠ᠎ᠶᠢᠨ ᠪᠥᠬᠥ᠌ ᠦᠶᠡᠯᠡᠯ᠎ᠦᠨ ᠬᠤᠭᠤᠴᠠᠭ᠎ᠠ᠎ᠶᠢᠨ ᠲᠣᠭᠠᠴᠢᠯᠠᠭᠰᠠᠨ ᠬᠠᠮᠢᠶᠠᠷᠤᠯᠲᠠ᠎ᠶᠢ ᠠᠬᠢᠭᠤᠯᠵᠤ᠂ ᠬᠣᠲᠠ᠎ᠶᠢᠨ ᠵᠠᠰᠠᠯᠲᠠ᠎ᠶᠢᠨ ᠣᠶᠤᠨᠴᠢᠯᠠᠭᠰᠠᠨ ᠨᠠᠷᠢᠯᠢᠬᠵᠢᠭᠤᠯᠤᠭᠰᠠᠨ ᠬᠢᠷᠢ ᠲᠦᠪᠰᠢᠨ᠎ᠢ ᠲᠠᠰᠤᠷᠠᠯᠲᠠ ᠥᠬᠡᠶ ᠳᠡᠭᠡᠭᠰᠢᠯᠡᠭᠦᠯᠬᠦ᠌ ᠬᠡᠷᠡᠭᠲᠡᠶ ᠭᠡᠵᠦ᠍ ᠱᠠᠭᠠᠷᠳᠠᠪᠠ᠃

ᠮᠡᠳᠡᠭᠳᠡᠯ᠎ᠳᠦ᠂ ᠬᠡᠷ ᠪᠠᠶ᠋ᠢᠰᠢᠩ᠎ᠤᠨ ᠪᠠᠷᠢᠯᠭ᠎ᠠ᠎ᠶᠢᠨ ᠨᠢᠭᠡᠳᠦᠯᠲᠡᠶ ᠺᠤᠳ᠋᠎ᠨᠢ ᠬᠡᠷ ᠪᠠᠶ᠋ᠢᠰᠢᠩ᠎ᠤᠨ ᠪᠠᠷᠢᠯᠭ᠎ᠠ᠎ᠶᠢᠨ ᠨᠢᠭᠡᠳᠦᠯᠲᠡᠶ ᠪᠡᠶ᠎ᠡ ᠬᠡᠮ᠎ᠦᠨ ᠲᠡᠮᠳᠡᠭ ᠪᠣᠯᠤᠭᠰᠠᠨ᠎ᠤ ᠬᠤᠪᠢ᠎ᠳᠦ᠂ ᠭᠤᠤᠯᠳᠠᠭᠤ ᠬᠡᠷ ᠪᠠᠶ᠋ᠢᠰᠢᠩ᠎ᠤᠨ ᠪᠠᠷᠢᠯᠭ᠎ᠠ᠎ᠶᠢᠨ ᠮᠡᠳᠡᠭᠡ ᠵᠠᠩᠭᠢ᠎ᠶᠢ ᠴᠤᠭᠯᠠᠭᠤᠯᠬᠤ᠂ ᠬᠤᠪᠢᠶᠠᠯᠴᠠᠬᠤ ᠪᠠ ᠬᠣᠯᠪᠣᠯᠳᠤᠭᠤᠯᠬᠤ᠎ᠳᠤ ᠬᠡᠷᠡᠭᠯᠡᠵᠦ᠍᠂ ᠬᠡᠷ ᠪᠠᠶ᠋ᠢᠰᠢᠩ᠎ᠤᠨ ᠪᠠᠷᠢᠯᠭ᠎ᠠ᠎ᠶᠢᠨ ᠰᠠᠭᠤᠷᠢ ᠳ᠋ᠠᠶ᠋ᠢᠲ᠋ᠠ ᠬᠥᠮᠥᠷᠭᠡ᠎ᠶᠢᠨ ᠪᠠᠶ᠋ᠢᠭᠤᠯᠤᠯᠲᠠ ᠪᠠ ᠰᠣᠯᠢᠯᠴᠠᠭ᠎ᠠ ᠬᠢᠵᠦ᠍ ᠬᠠᠮᠲᠤ᠎ᠪᠠᠷ ᠭᠥᠷᠳᠡᠬᠦ᠌᠎ᠶᠢ ᠲᠤᠯᠭᠠᠭᠤᠷᠢᠯᠠᠵᠤ᠂ ᠬᠡᠷ ᠪᠠᠶ᠋ᠢᠰᠢᠩ᠎ᠤᠨ ᠪᠠᠷᠢᠯᠭ᠎ᠠ᠎ᠶᠢᠨ ᠪᠥᠬᠥ᠌ ᠦᠶᠡᠯᠡᠯ᠎ᠦᠨ ᠬᠤᠭᠤᠴᠠᠭᠠᠨ᠎ᠤ ᠬᠠᠮᠢᠶᠠᠷᠤᠯᠲᠠ ᠦᠢᠯᠡᠴᠢᠯᠡᠭᠡ᠎ᠳᠦ ᠲᠤᠭᠤᠱᠢᠯᠠᠭᠤᠯᠤᠨ᠎ᠠ᠃ 2030 ᠣᠨ᠎ᠤ ᠰᠡᠭᠦᠯᠴᠢ᠎ᠡᠴᠡ ᠡᠮᠦᠨ᠎ᠡ᠂ ᠬᠡᠷ ᠪᠠᠶ᠋ᠢᠰᠢᠩ᠎ᠤᠨ ᠪᠠᠷᠢᠯᠭ᠎ᠠ᠎ᠶᠢᠨ ᠪᠥᠬᠥ᠌ ᠦᠶᠡᠯᠡᠯ᠎ᠦᠨ ᠬᠤᠭᠤᠴᠠᠭᠠᠨ᠎ᠤ ᠴᠢᠨᠠᠷ ᠰᠠᠶ᠋ᠢᠲᠠᠶ ᠲᠣᠭ᠎ᠠ ᠪᠠᠷᠢᠮᠲᠠ᠎ᠶᠢᠨ ᠴᠤᠭᠯᠠᠷᠠᠯ᠎ᠢ ᠪᠦᠭᠦ ᠳᠠᠯ᠎ᠠ ᠪᠡᠷ ᠪᠠᠢᠭᠤᠯᠵᠤ᠂ ᠬᠡᠷ ᠪᠠᠶ᠋ᠢᠰᠢᠩ᠎ᠤᠨ ᠪᠠᠷᠢᠯᠭ᠎ᠠ᠎ᠶᠢᠨ ᠪᠥᠬᠥ᠌ ᠦᠶᠡᠯᠡᠯ᠎ᠦᠨ ᠬᠤᠭᠤᠴᠠᠭᠠᠨ᠎ᠤ ᠬᠠᠮᠢᠶᠠᠷᠤᠯᠲᠠ ᠦᠢᠯᠡᠴᠢᠯᠡᠭᠡᠨ᠎ᠦ ᠬᠢᠷᠢ ᠲᠦᠪᠰᠢᠨ ᠢ᠋ ᠲᠠᠰᠤᠷᠠᠯᠲᠠ ᠥᠬᠡᠶ ᠳᠡᠭᠡᠭᠰᠢᠯᠡᠭᠦᠯᠵᠦ᠍᠂ ᠬᠣᠲᠠ᠎ᠶᠢᠨ ᠣᠶᠤᠨᠴᠢ ᠵᠠᠰᠠᠯᠲᠠ᠎ᠶᠢᠨ ᠴᠢᠳᠠᠪᠤᠷᠢ᠎ᠶᠢ ᠴᠢᠩᠭᠠᠷᠠᠭᠤᠯᠤᠨ᠎ᠠ ᠭᠡᠵᠦ ᠳᠤᠳᠤᠷᠬᠠᠢᠯᠠᠪᠠ᠃

ᠮᠡᠳᠡᠭᠳᠡᠯ᠎ᠳᠦ᠂ ᠰᠢᠨ᠎ᠡ᠎ᠪᠡᠷ ᠪᠠᠷᠢᠭᠰᠠᠨ ᠬᠡᠷ ᠪᠠᠶ᠋ᠢᠰᠢᠩ᠎ᠤᠨ ᠪᠠᠷᠢᠯᠭ᠎ᠠ᠎ᠶᠢᠨ ᠺᠣᠳ᠋ ᠣᠯᠭᠣᠵᠤ ᠵᠢᠷᠤᠭ ᠪᠠᠭᠤᠯᠭᠠᠬᠤ ᠠᠵᠢᠯ᠎ᠢ ᠪᠥᠬᠥ᠌ ᠲᠠᠯ᠎ᠠ᠎ᠪᠠᠷ ᠳᠥᠯᠭᠢᠨ ᠠᠬᠢᠭᠤᠯᠬᠤ ᠬᠡᠷᠡᠭᠲᠡᠶ᠃ ᠰᠢᠨ᠎ᠡ᠎ᠪᠡᠷ ᠪᠠᠶ᠋ᠢᠭᠤᠯᠤᠭᠰᠠᠨ (ᠥᠭᠡᠷᠡᠴᠢᠯᠡᠨ ᠪᠠᠶ᠋ᠢᠭᠤᠯᠤᠭᠰᠠᠨ᠂ ᠥᠷᠭᠡᠳᠬᠡᠨ ᠪᠠᠶ᠋ᠢᠭᠤᠯᠤᠭᠰᠠᠨ) ᠭᠡᠷ ᠪᠠᠶ᠋ᠢᠰᠢᠩ᠎ᠤᠨ ᠪᠠᠷᠢᠯᠭ᠎ᠠ᠎ᠨᠢ ᠪᠠᠷᠢᠯᠭ᠎ᠠ᠎ᠶᠢᠨ ᠪᠦᠲᠦᠭᠡᠨ ᠪᠠᠶ᠋ᠢᠭᠤᠯᠤᠯᠲᠠ᠎ᠶᠢᠨ ᠲᠥᠷᠥᠯ ᠵᠦᠢᠯ᠎ᠢ ᠬᠢᠨᠠᠨ ᠵᠥᠪᠰᠢᠶᠡᠷᠡᠬᠦ᠌ ᠬᠠᠮᠢᠶᠠᠷᠤᠯᠲᠠ᠎ᠶᠢᠨ ᠰᠢᠰᠲ᠋ᠧᠮ᠎ᠳᠦ ᠲᠦᠰᠢᠭᠯᠡᠨ᠂ ᠪᠠᠷᠢᠯᠭ᠎ᠠ ᠪᠠᠷᠢᠬᠤ ᠵᠥᠪᠰᠢᠶᠡᠷᠡᠯ᠎ᠦᠨ ᠦᠨᠡᠮᠯᠡᠯ᠎ᠢ ᠣᠯᠬᠤ ᠡᠴᠠ ᠡᠮᠦᠨ᠎ᠡ ᠭᠡᠷ ᠪᠠᠶ᠋ᠢᠰᠢᠩ᠎ᠤᠨ ᠪᠠᠷᠢᠯᠭ᠎ᠠ᠎ᠶᠢᠨ ᠳᠠᠩ ᠴᠤᠭᠴᠠ ᠵᠢᠨ ᠺᠣᠳ᠋ ᠣᠯᠭᠣᠵᠤ ᠵᠢᠷᠤᠭ ᠪᠠᠭᠤᠯᠭᠠᠬᠤ᠂ ᠪᠦᠲᠦᠴᠡ᠎ᠶᠢᠨ ᠲᠥᠷᠥᠯ ᠬᠡᠯᠪᠡᠷᠢ᠂ ᠪᠠᠷᠢᠯᠭ᠎ᠠ᠎ᠶᠢᠨ ᠲᠠᠯᠠᠪᠠᠢ᠂ ᠪᠠᠷᠢᠯᠭ᠎ᠠ᠎ᠶᠢᠨ ᠥᠨᠳᠥᠷ᠎ᠦᠨ ᠬᠡᠮᠵᠢᠶ᠎ᠡ᠂ ᠪᠠᠷᠢᠯᠭ᠎ᠠ᠎ᠶᠢᠨ ᠳᠠᠪᠬᠤᠷᠭ᠎ᠠ᠎ᠶᠢᠨ ᠲᠣᠭ᠎ᠠ᠂ ᠭᠤᠤᠯ ᠬᠡᠷᠡᠭᠴᠡᠭᠡ ᠵᠡᠷᠭᠡ ᠦᠨᠳᠦᠰᠦᠨ ᠰᠢᠨᠵᠢ ᠴᠢᠨᠠᠷ᠎ᠤᠨ ᠮᠡᠳᠡᠭᠡ ᠵᠠᠩᠭᠢ ᠵᠢᠴᠢ ᠣᠷᠣᠨ ᠵᠠᠶ᠎ᠶᠢᠨ ᠲᠣᠭ᠎ᠠ ᠪᠠᠷᠢᠮᠲᠠ᠎ᠶᠢᠨ ᠮᠡᠳᠡᠭᠡ ᠵᠠᠩᠭᠢ᠂ ᠲᠥᠷᠥᠯ ᠵᠦᠢᠯ᠎ᠦᠨ ᠣᠷᠣᠯᠠᠬᠤ ᠲᠡᠮᠳᠡᠭ᠂ ᠬᠡᠰᠡᠭ ᠭᠠᠵᠠᠷ᠎ᠤᠨ ᠣᠷᠣᠯᠠᠬᠤ ᠲᠡᠮᠳᠡᠭ᠎ᠢ ᠪᠦᠷᠢᠳᠭᠡᠭᠦ ᠵᠡᠷᠭᠡ ᠠᠵᠢᠯ᠎ᠢ ᠥᠷᠨᠢᠭᠦᠯᠵᠦ᠍᠂ ᠪᠠᠷᠢᠯᠭ᠎ᠠ ᠪᠠᠷᠢᠬᠤ ᠵᠥᠪᠰᠢᠶᠡᠷᠡᠯ᠎ᠦᠨ ᠦᠨᠡᠮᠯᠡᠯ᠎ᠦᠨ ᠡᠯᠧᠺᠲ᠋ᠷᠣᠨ ᠦᠨᠡᠮᠯᠡᠯ᠎ᠳᠦ ᠭᠡᠷ ᠪᠠᠶ᠋ᠢᠰᠢᠩ᠎ᠤᠨ ᠪᠠᠷᠢᠯᠭ᠎ᠠ᠎ᠶᠢᠨ ᠨᠢᠭᠡᠳᠦᠯᠲᠡᠶ ᠣᠷᠣᠯᠠᠬᠤ ᠲᠡᠮᠳᠡᠭ᠎ᠢ ᠲᠣᠳᠣᠷᠬᠠᠶ ᠲᠡᠮᠳᠡᠭᠯᠡᠬᠦ᠌ ᠬᠡᠷᠡᠭᠲᠡᠶ; ᠪᠠᠷᠢᠯᠭ᠎ᠠ ᠳᠠᠭᠤᠰᠴᠤ᠌ ᠰᠢᠯᠭᠠᠨ ᠠᠪᠬᠤ ᠱᠠᠲᠤᠨ᠎ᠳᠦ ᠲᠣᠭ᠎ᠠ ᠪᠠᠷᠢᠮᠲᠠ᠎ᠶᠢ ᠬᠢᠨᠠᠵᠤ ᠰᠢᠨᠡᠳᠬᠡᠬᠦ᠌᠎ᠶᠢ ᠪᠡᠶᠡᠯᠡᠭᠦᠯᠵᠦ᠍᠂ ᠡᠭᠦᠨ᠎ᠳᠦ ᠣᠷᠣᠨ ᠰᠠᠭᠤᠴᠠ᠎ᠶᠢᠨ ᠪᠠᠷᠢᠯᠭ᠎ᠠ᠎ᠵᠢᠨ ᠢᠵᠢ (ᠡᠷᠦᠬᠡ)᠎ᠳ᠋ᠤ ᠬᠦᠷᠲᠡᠯ᠎ᠡ ᠺᠤᠳ᠋ ᠣᠯᠭᠣᠬᠤ ᠬᠡᠷᠡᠭᠲᠡᠶ ᠬᠡᠵᠤ ᠱᠠᠭᠠᠷᠳᠠᠵᠠᠢ᠃

ᠢᠷᠡᠯᠳᠠ᠄ ᠰᠢᠨᠬᠤᠸᠠ ᠰᠦᠯᠵᠢᠶ᠎ᠠ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号