ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠰᠤᠳᠤᠯᠬᠤ᠎ᠪᠠᠷ ᠳᠠᠮᠵᠢᠨ᠂ ᠳᠣᠣᠷᠠᠬᠢ ᠳᠡᠪᠰᠢᠭᠦᠯᠬᠦ᠌ ᠪᠠ ᠤᠯᠠᠮ ᠨᠢᠭᠡ ᠠᠯᠬᠤᠮ ᠬᠡᠷᠡᠭᠯᠡᠬᠦ᠌᠎ᠪᠡᠷ ᠪᠠᠶ᠋ᠢᠭ᠎ᠠ 10 ᠺᠠᠳ᠋ᠷ ᠢ᠋ ᠢᠯᠡ ᠨᠡᠶ᠋ᠢᠲᠡᠯᠡᠬᠦ᠌᠎ᠪᠡᠷ ᠲᠣᠭᠲᠠᠪᠠ᠃
ᠨᠢᠭᠡ᠂ ᠢᠯᠡ ᠨᠡᠶ᠋ᠢᠲᠡᠯᠡᠬᠦ᠌ ᠨᠡᠷᠡᠰ
ᠵᠠᠩ ᠢ᠂ ᠡᠷᠡᠭᠲᠡᠶ᠂ ᠬᠢᠲᠠᠳ ᠦᠨᠳᠦᠰᠦᠲᠡᠨ᠂ 1968 ᠣᠨ᠎ᠤ 11 ᠰᠠᠷ᠎ᠠ᠎ᠳᠤ ᠳᠦᠷᠦᠵᠡᠶ᠂ ᠶᠡᠬᠡ ᠰᠤᠷᠭᠠᠭᠤᠯᠢ ᠵᠢᠨ ᠰᠤᠷᠤᠯᠭ᠎ᠠ ᠵᠢᠨ ᠨᠠᠮᠳᠠᠷ ᠲᠠᠢ᠂ ᠲᠠᠷᠢᠶᠠᠯᠠᠩ᠎ᠤᠨ ᠳᠡᠯᠭᠡᠷᠡᠭᠦᠯᠦᠯᠲᠡ᠎ᠶᠢᠨ ᠮᠠᠰᠲ᠋ᠧᠷ᠂ ᠳᠡᠭᠡᠳᠦ ᠵᠡᠷᠭᠡ᠎ᠶᠢᠨ ᠯᠧᠺᠲ᠋ᠣᠷ᠂ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠭᠡᠰᠢᠭᠦᠨ᠂ ᠣᠲᠣ ᠰᠢᠯᠢ᠎ᠶᠢᠨ ᠭᠤᠤᠯ ᠠᠶ᠋ᠢᠮᠠᠭ᠎ᠤᠨ ᠨᠠᠮ᠎ᠤᠨ ᠬᠣᠷᠢᠶ᠎ᠠ᠎ᠶᠢᠨ ᠭᠡᠰᠢᠭᠦᠨ᠂ ᠠᠶ᠋ᠢᠮᠠᠭ᠎ᠤᠨ ᠳᠡᠳ᠋ ᠳᠠᠷᠤᠭ᠎ᠠ᠎ᠶᠢᠨ ᠲᠤᠰᠢᠶᠠᠯ ᠢ᠋ ᠡᠬᠦᠷᠭᠡᠯᠡᠵᠤ ᠪᠣᠶ᠂ ᠠᠶ᠋ᠢᠮᠠᠭ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠠᠵᠢᠯ ᠤ᠋ᠨ ᠬᠣᠷᠢᠶ᠎ᠠ᠎ᠶᠢᠨ ᠡᠷᠬᠢᠯᠡᠭᠴᠢ᠎ᠪᠡᠷ ᠨᠡᠷ᠎ᠡ ᠳᠤᠷᠠᠳᠬᠤ᠎ᠪᠠᠷ ᠪᠣᠶ;
ᠸᠧᠶ ᡁᠢ ᠭᠦᠸᠧ᠂ ᠡᠷᠡᠭᠲᠡᠶ᠂ ᠬᠢᠲᠠᠳ ᠦᠨᠳᠦᠰᠦᠲᠡᠨ᠂ 1970 ᠣᠨ᠎ᠤ 12 ᠰᠠᠷ᠎ᠠ᠎ᠳᠤ ᠳᠦᠷᠦᠵᠡᠶ᠂ ᠨᠢᠩᠰᠢᠶᠠ ᠵᠢᠨ ᠨᠠᠮ᠎ᠤᠨ ᠬᠣᠷᠢᠶ᠎ᠠ ᠵᠢᠨ ᠨᠠᠮ᠎ᠤᠨ ᠰᠤᠷᠭᠠᠭᠤᠯᠢ᠎ᠶᠢᠨ ᠠᠰᠫᠢᠷᠠᠨᠲ᠂ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠭᠡᠰᠢᠭᠦᠨ᠂ ᠣᠲᠣ ᠠᠯᠠᠱᠠ ᠠᠶ᠋ᠢᠮᠠᠭ᠎ᠤᠨ ᠨᠠᠮ᠎ᠤᠨ ᠬᠣᠷᠢᠶ᠎ᠠ ᠵᠢᠨ ᠭᠡᠰᠢᠭᠦᠨ᠂ ᠨᠠᠷᠢᠨ ᠪᠢᠴᠢᠭ᠎ᠦᠨ ᠳᠠᠷᠤᠭ᠎ᠠ᠎ᠶᠢᠨ ᠲᠤᠰᠢᠶᠠᠯ᠎ᠢ ᠡᠭᠦᠷᠭᠡᠯᠡᠵᠦ᠍ ᠪᠣᠶ᠂ ᠠᠶ᠋ᠢᠮᠠᠭ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠠᠵᠢᠯ ᠤ᠋ᠨ ᠬᠣᠷᠢᠶ᠎ᠠ᠎ᠶᠢᠨ ᠡᠷᠬᠢᠯᠡᠭᠴᠢ᠎ᠪᠡᠷ ᠨᠡᠷ᠎ᠡ ᠳᠤᠷᠠᠳᠬᠤ᠎ᠪᠠᠷ ᠪᠣᠶ;
ᠵᠢᠶᠤᠤ ᠶᠦᠩ ᠵᠢᠶᠧ᠂ ᠡᠷᠡᠭᠲᠡᠶ᠂ ᠬᠢᠲᠠᠳ ᠦᠨᠳᠦᠰᠦᠲᠡᠨ᠂ 1979 ᠣᠨ᠎ᠤ 3 ᠰᠠᠷ᠎ᠠ᠎ᠳᠤ ᠳᠦᠷᠦᠵᠡᠶ᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ᠎ᠶᠢᠨ ᠠᠰᠫᠢᠷᠠᠨᠲ᠂ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠭᠡᠰᠢᠭᠦᠨ᠂ ᠣᠲᠣ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠨᠠᠷᠢᠨ ᠪᠢᠴᠢᠭ᠎ᠦᠨ ᠳᠠᠷᠤᠭ᠎ᠠ᠎ᠶᠢᠨ ᠲᠤᠰᠢᠶᠠᠯ᠎ᠢ ᠡᠭᠦᠷᠭᠡᠯᠡᠵᠦ᠍ ᠪᠣᠶ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠰᠠᠯᠠᠭ᠎ᠠ ᠮᠥᠴᠢᠷ᠎ᠦᠨ ᠵᠢᠩᠭᠢᠨᠢ ᠲᠢᠩᠬᠢᠮ᠎ᠦᠨ ᠲᠠᠰ᠎ᠤᠨ ᠤᠳᠤᠷᠢᠳᠬᠤ ᠲᠤᠰᠢᠶᠠᠯ᠎ᠳᠤ ᠲᠣᠮᠢᠯᠠᠬᠤ᠎ᠪᠠᠷ ᠪᠣᠶ;
ᠵᠠᠩ ᠢ ᠰᠢᠶᠠᠨ᠂ ᠡᠷᠡᠭᠲᠡᠶ᠂ ᠬᠢᠲᠠᠳ ᠦᠨᠳᠦᠰᠦᠲᠡᠨ᠂ 1972 ᠣᠨ᠎ᠤ 7 ᠰᠠᠷ᠎ᠠ᠎ᠳᠤ ᠳᠦᠷᠦᠵᠡᠶ᠂ ᠶᠡᠬᠡ ᠰᠤᠷᠭᠠᠭᠤᠯᠢ ᠵᠢᠨ ᠰᠤᠷᠤᠯᠭ᠎ᠠ ᠵᠢᠨ ᠨᠠᠮᠳᠠᠷ ᠲᠠᠢ᠂ ᠦᠢᠯᠡᠳᠪᠤᠷᠢ ᠬᠤᠳᠠᠯᠳᠤᠭᠠᠨ᠎ᠤ ᠬᠠᠮᠢᠶᠠᠷᠤᠯᠲᠠ᠎ᠶᠢᠨ ᠮᠠᠰᠲ᠋ᠧᠷ᠂ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠭᠡᠰᠢᠭᠦᠨ᠂ ᠣᠲᠣ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠵᠣᠬᠢᠶᠠᠨ ᠪᠠᠶ᠋ᠢᠭᠤᠯᠬᠤ ᠬᠡᠯᠲᠡᠰ᠎ᠦᠨ ᠳᠡᠳ᠋ ᠳᠠᠷᠤᠭ᠎ᠠ᠎ᠶᠢᠨ ᠲᠤᠰᠢᠶᠠᠯ᠎ᠢ ᠡᠭᠦᠷᠭᠡᠯᠡᠵᠦ᠍ ᠪᠣᠶ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠰᠠᠯᠠᠭ᠎ᠠ ᠮᠥᠴᠢᠷ᠎ᠦᠨ ᠵᠢᠩᠬᠢᠨᠢ ᠲᠤᠰᠢᠶᠠᠯ᠎ᠳᠤ ᠲᠣᠮᠢᠯᠠᠬᠤ᠎ᠪᠠᠷ ᠪᠣᠶ;
ᠬᠤᠤ ᠰᠦᠩ ᠱᠠᠨ᠂ ᠡᠷᠡᠭᠲᠡᠢ᠂ ᠬᠢᠲᠠᠳ ᠦᠨᠳᠦᠰᠦᠲᠡᠨ᠂ 1975 ᠣᠨ᠎ᠤ 10 ᠰᠠᠷ᠎ᠠ᠎ᠳᠤ ᠲᠦᠷᠦᠵᠠᠢ᠂ ᠠᠵᠢᠯ᠎ᠤᠨ ᠪᠠᠶ᠋ᠢᠷᠢ ᠲᠡᠭᠡᠷ᠎ᠠ ᠪᠡᠨ ᠰᠤᠷᠤᠯᠴᠠᠬᠰᠡᠨ ᠠᠰᠫᠢᠷᠠᠨᠲ᠂ ᠭᠦᠨ ᠤᠬᠠᠭᠠᠨ᠎ᠤ ᠮᠠᠰᠲ᠋ᠧᠷ᠂ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠭᠡᠰᠢᠭᠦᠨ᠂ ᠤᠳᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ ᠵᠢᠨ ᠠᠯᠪᠠᠨ ᠲᠢᠩᠬᠢᠮ᠎ᠦᠨ ᠳᠡᠳ᠋ ᠡᠷᠬᠢᠯᠡᠭᠴᠢ᠂ ᠰᠤᠳᠤᠯᠬᠤ ᠲᠠᠰᠤᠭ᠎ᠤᠨ ᠡᠷᠬᠢᠯᠡᠭᠴᠢ᠎ᠶᠢᠨ ᠲᠤᠰᠢᠶᠠᠯ᠎ᠢ ᠡᠬᠦᠷᠭᠡᠯᠡᠵᠤ ᠪᠤᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ ᠵᠢᠨ ᠪᠠᠶ᠋ᠢᠭᠤᠯᠭ᠎ᠠ᠎ᠶᠢᠨ ᠳᠣᠲᠣᠭᠠᠳᠤ ᠪᠠᠶ᠋ᠢᠭᠤᠯᠤᠮᠵᠢ᠎ᠶᠢᠨ ᠵᠢᠩᠬᠢᠨᠢ ᠲᠤᠰᠢᠶᠠᠯ᠎ᠤᠨ ᠵᠢᠱ᠌ᠢᠭᠳᠡᠭᠴᠢ᠎ᠪᠡᠷ ᠨᠡᠷ᠎ᠡ ᠳᠤᠷᠠᠳᠬᠤ᠎ᠪᠠᠷ ᠪᠤᠢ;
ᠰᠦᠨ ᠬᠠᠶ ᠲᠤᠤ᠂ ᠡᠷᠡᠭᠲᠡᠶ᠂ ᠬᠢᠲᠠᠳ ᠦᠨᠳᠦᠰᠦᠲᠡᠨ᠂ 1976 ᠣᠨ᠎ᠤ 9 ᠰᠠᠷ᠎ᠠ᠎ᠳᠤ ᠳᠦᠷᠦᠵᠡᠶ᠂ ᠶᠡᠬᠡ ᠰᠤᠷᠭᠠᠭᠤᠯᠢ ᠵᠢᠨ ᠰᠤᠷᠤᠯᠭ᠎ᠠ ᠵᠢᠨ ᠨᠠᠮᠳᠠᠷ ᠲᠠᠢ᠂ ᠭᠦᠨ ᠤᠬᠠᠭᠠᠨ᠎ᠤ ᠪᠠᠴᠸᠯᠸᠷ᠂ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠭᠡᠰᠢᠭᠦᠨ᠂ ᠣᠲᠣ ᠤᠯᠠᠭᠠᠨᠬᠠᠳᠠ ᠬᠣᠲᠠ᠎ᠶᠢᠨ ᠳᠡᠳ᠋ ᠳᠠᠷᠤᠭ᠎ᠠ᠂ ᠬᠣᠲᠠ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶᠠᠨ᠎ᠤ ᠳᠠᠷᠤᠭ᠎ᠠ᠎ᠶᠢᠨ ᠲᠤᠰᠢᠶᠠᠯ᠎ᠢ ᠡᠭᠦᠷᠭᠡᠯᠡᠵᠦ᠍ ᠪᠣᠶ᠂ ᠠᠶ᠋ᠢᠮᠠᠭ ᠬᠣᠲᠠ᠎ᠶᠢᠨ ᠨᠠᠮ᠎ᠤᠨ ᠬᠣᠷᠢᠶ᠎ᠠ ᠵᠢᠨ ᠳᠡᠳ᠋ ᠲᠤᠰᠢᠶᠠᠯ᠎ᠳᠤ ᠲᠣᠮᠢᠯᠠᠬᠤ᠎ᠪᠠᠷ ᠪᠣᠶ;
ᠵᠶ᠋ᠢ ᠬᠣᠩ᠂ ᠡᠷᠡᠭᠲᠡᠢ᠂ ᠬᠢᠲᠠᠳ ᠦᠨᠳᠦᠰᠦᠲᠡᠨ᠂ 1979 ᠣᠨ᠎ᠤ 3 ᠰᠠᠷ᠎ᠠ᠎ᠳᠤ ᠲᠦᠷᠦᠵᠠᠢ᠂ ᠲᠥᠪ᠎ᠦᠨ ᠨᠠᠮ᠎ᠤᠨ ᠰᠤᠷᠭᠠᠭᠤᠯᠢ᠎ᠶᠢᠨ ᠠᠰᠫᠢᠷᠠᠨᠲ᠂ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠭᠡᠰᠢᠭᠦᠨ᠂ ᠤᠲᠤ᠌ ᠤᠯᠠᠭᠠᠨᠴᠠᠪ ᠬᠤᠲᠠ᠎ᠶᠢᠨ ᠤᠯᠤᠰ ᠲᠦᠷᠦ᠎ᠶᠢᠨ ᠵᠥᠪᠯᠡᠯᠭᠡᠨ᠎ᠦ ᠳᠡᠳ᠋ ᠲᠡᠷᠢᠭᠦᠯᠡᠭᠴᠢ᠎ᠶᠢᠨ ᠲᠤᠰᠢᠶᠠᠯ᠎ᠢ ᠡᠬᠦᠷᠭᠡᠯᠡᠵᠤ ᠪᠤᠢ᠂ ᠠᠶ᠋ᠢᠮᠠᠭ ᠬᠤᠲᠠ᠎ᠶᠢᠨ ᠨᠠᠮ᠎ᠤᠨ ᠬᠣᠷᠢᠶ᠎ᠠ ᠵᠢᠨ ᠳᠡᠳ᠋ ᠲᠤᠰᠢᠶᠠᠯ᠎ᠳᠤ ᠲᠣᠮᠢᠯᠠᠬᠤ᠎ᠪᠠᠷ ᠪᠤᠢ;
ᠴᠧᠩ ᠴᠥᠩ ᠴᠥᠩ᠂ ᠡᠷᠡᠭᠲᠡᠶ᠂ ᠬᠢᠲᠠᠳ ᠦᠨᠳᠦᠰᠦᠲᠡᠨ᠂ 1976 ᠣᠨ᠎ᠤ 8 ᠰᠠᠷ᠎ᠠ᠎ᠳᠤ ᠳᠦᠷᠦᠵᠡᠶ᠂ ᠠᠵᠢᠯ᠎ᠤᠨ ᠪᠠᠶ᠋ᠢᠷᠢ ᠲᠡᠭᠡᠷ᠎ᠠ ᠪᠡᠨ ᠰᠤᠷᠤᠯᠴᠠᠬᠰᠡᠨ ᠶᠡᠬᠡ ᠰᠤᠷᠭᠠᠭᠤᠯᠢ ᠵᠢᠨ ᠰᠤᠷᠤᠯᠭ᠎ᠠ ᠵᠢᠨ ᠨᠠᠮᠳᠠᠷ ᠲᠠᠢ᠂ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠭᠡᠰᠢᠭᠦᠨ᠂ ᠣᠲᠣ ᠦᠬᠠᠶ ᠬᠣᠲᠠ᠎ᠶᠢᠨ ᠳᠡᠳ᠋ ᠳᠠᠷᠤᠭ᠎ᠠ᠎ᠶᠢᠨ ᠲᠤᠰᠢᠶᠠᠯ᠎ᠢ ᠡᠭᠦᠷᠭᠡᠯᠡᠵᠦ᠍ ᠪᠣᠶ᠂ ᠠᠶ᠋ᠢᠮᠠᠭ ᠬᠣᠲᠠ᠎ᠶᠢᠨ ᠨᠠᠮ᠎ᠤᠨ ᠬᠣᠷᠢᠶ᠎ᠠ ᠵᠢᠨ ᠳᠡᠳ᠋ ᠲᠤᠰᠢᠶᠠᠯ᠎ᠳᠤ ᠲᠣᠮᠢᠯᠠᠬᠤ᠎ᠪᠠᠷ ᠪᠣᠶ;
ᠵᠣᠣ ᠶᠦᠩ ᠭᠠᠩ᠂ ᠡᠷᠡᠭᠲᠡᠶ᠂ ᠬᠢᠲᠠᠳ ᠦᠨᠳᠦᠰᠦᠲᠡᠨ᠂ 1973 ᠣᠨ᠎ᠤ 4 ᠰᠠᠷ᠎ᠠ᠎ᠳᠤ ᠳᠦᠷᠦᠵᠡᠶ᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ᠎ᠶᠢᠨ ᠠᠰᠫᠢᠷᠠᠨᠲ᠂ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠭᠡᠰᠢᠭᠦᠨ᠂ ᠣᠲᠣ ᠬᠥᠬᠡᠬᠣᠲᠠ᠎ᠶᠢᠨ ᠰᠢᠨ᠎ᠡ ᠬᠣᠲᠠ ᠲᠣᠭᠣᠷᠢᠭ᠎ᠤᠨ ᠨᠠᠮ᠎ᠤᠨ ᠬᠣᠷᠢᠶ᠎ᠠ ᠵᠢᠨ ᠱᠦᠵᠢ᠂ ᠬᠣᠶᠠᠳᠤᠭᠠᠷ ᠳᠡᠰ᠎ᠤᠨ ᠲᠣᠭᠣᠷᠢᠨ ᠪᠠᠶ᠋ᠢᠴᠠᠭᠠᠭᠴᠢᠶᠢᠨ ᠲᠤᠰᠢᠶᠠᠯ᠎ᠢ ᠡᠭᠦᠷᠭᠡᠯᠡᠵᠦ᠍ ᠪᠣᠶ᠂ ᠲᠤᠰᠬᠠᠶ ᠣᠷᠣᠨ᠎ᠤ ᠲᠠᠰ᠎ᠤᠨ ᠬᠣᠲᠠ᠎ᠶᠢᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ ᠵᠢᠨ ᠳᠡᠳ᠋ ᠡᠷᠬᠢᠯᠡᠭᠴᠢ᠎ᠶᠢᠨ ᠵᠢᠱ᠌ᠢᠭᠳᠡᠭᠴᠢ᠎ᠪᠡᠷ ᠨᠡᠷ᠎ᠡ ᠳᠤᠷᠠᠳᠬᠤ᠎ᠪᠠᠷ ᠪᠣᠶ;
ᠾᠧ ᠶᠠ ᠯᠢ᠂ ᠡᠮᠡᠭᠲᠡᠶ᠂ ᠬᠢᠲᠠᠳ ᠦᠨᠳᠦᠰᠦᠲᠡᠨ᠂ 1971 ᠣᠨ᠎ᠤ 2 ᠰᠠᠷ᠎ᠠ᠎ᠳᠤ ᠳᠦᠷᠦᠵᠡᠶ᠂ ᠶᠡᠬᠡ ᠰᠤᠷᠭᠠᠭᠤᠯᠢ ᠵᠢᠨ ᠰᠤᠷᠤᠯᠭ᠎ᠠ ᠵᠢᠨ ᠨᠠᠮᠳᠠᠷ ᠲᠠᠢ᠂ ᠬᠠᠤᠯᠢ ᠴᠠᠭᠠᠵᠠ᠎ᠶᠢᠨ ᠮᠠᠰᠲ᠋ᠧᠷ᠂ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠭᠡᠰᠢᠭᠦᠨ᠂ ᠣᠲᠣ ᠪᠤᠭᠤᠲᠤ᠌ ᠬᠣᠲᠠ᠎ᠶᠢᠨ ᠠᠷᠠᠳ᠎ᠤᠨ ᠳᠤᠮᠳᠠ ᠵᠡᠷᠭᠡ᠎ᠶᠢᠨ ᠰᠢᠭᠦᠬᠦ᠌ ᠬᠣᠷᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠳᠡᠳ᠋ ᠱᠦᠵᠢ᠂ ᠳᠡᠳ᠋ ᠬᠣᠷᠢᠶᠠᠨ ᠳᠠᠷᠤᠭ᠎ᠠ (ᠵᠢᠩᠬᠢᠨᠢ ᠭᠠᠵᠠᠷ᠎ᠤᠨ ᠲᠠᠰ)᠂ ᠬᠣᠶᠠᠳᠤᠭᠠᠷ ᠳᠡᠰ᠎ᠤᠨ ᠳᠡᠭᠡᠳᠦ ᠵᠡᠷᠭᠡ᠎ᠶᠢᠨ ᠰᠢᠭᠦᠬᠦ᠌ ᠲᠤᠰᠢᠶᠠᠯᠲᠠᠨ᠂ ᠠᠶ᠋ᠢᠮᠠᠭ᠎ᠤᠨ ᠠᠷᠠᠳ᠎ᠤᠨ ᠳᠤᠮᠳᠠ ᠵᠡᠷᠭᠡ᠎ᠶᠢᠨ ᠰᠢᠭᠦᠬᠦ᠌ ᠬᠣᠷᠢᠶ᠎ᠠ ᠵᠢᠨ ᠬᠣᠷᠢᠶᠠᠨ ᠳᠠᠷᠤᠭ᠎ᠠ᠎ᠪᠠᠷ ᠨᠡᠷ᠎ᠡ ᠳᠤᠷᠠᠳᠬᠤ᠎ᠪᠠᠷ ᠪᠣᠶ᠃
ᠬᠣᠶᠠᠷ᠂ ᠢᠯᠡ ᠨᠡᠶ᠋ᠢᠲᠡᠯᠡᠬᠦ᠌ ᠴᠠᠭ
2026 ᠣᠨ᠎ᠤ 6 ᠰᠠᠷ᠎ᠠ᠎ᠶᠢᠨ 19 ᠤ᠋ ᠡᠳᠦᠷ᠎ᠡᠴᠡ 2026 ᠣᠨ᠎ᠤ 6 ᠰᠠᠷ᠎ᠠ᠎ᠶᠢᠨ 26 ᠤ᠋ ᠡᠳᠦᠷ ᠪᠣᠯᠲᠠᠯ᠎ᠠ ᠢᠯᠡ ᠨᠠᠢᠳᠠᠯᠠᠨᠠ᠃
ᠭᠤᠷᠪᠠ᠂ ᠬᠦᠯᠢᠶᠡᠨ ᠠᠪᠴᠤ ᠰᠢᠢᠳᠪᠤᠷᠢᠯᠡᠬᠦ ᠬᠡᠯᠪᠡᠷᠢ
ᠨᠢᠭᠡᠴᠢ ᠪᠠ ᠬᠤᠪᠢ ᠬᠥᠮᠦᠨ ᠤᠲᠠᠰᠤ᠂ ᠵᠠᠬᠢᠳᠠᠯ ᠢᠷᠡᠬᠦᠯᠬᠦ᠂ ᠰᠤᠷᠪᠤᠯᠵᠢᠯᠠᠯ ᠬᠢᠬᠦ᠂ ᠰᠦᠯᠵᠢᠶ᠎ᠡ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ ᠳᠡᠭᠡᠷᠡᠬᠢ ᠢᠯᠡ ᠨᠡᠶ᠋ᠢᠲᠡᠯᠡᠭᠰᠡᠨ ᠬᠥᠮᠦᠰ᠎ᠦᠨ ᠬᠣᠯᠪᠣᠭᠳᠠᠯ ᠪᠥᠬᠥᠶ ᠪᠠᠶ᠋ᠢᠳᠠᠯ ᠪᠠ ᠠᠰᠠᠭᠤᠳᠠᠯ᠎ᠢ ᠲᠤᠰᠬᠠᠵᠤ ᠪᠣᠯᠤᠨ᠎ᠠ᠃ ᠲᠤᠰᠬᠠᠭᠰᠠᠨ ᠠᠰᠠᠭᠤᠳᠠᠯ᠎ᠳ᠋ᠤ ᠪᠠᠶ᠋ᠢᠴᠠᠭᠠᠯᠳᠠ ᠬᠢᠵᠤ ᠬᠢᠨᠡᠨ ᠲᠤᠳᠤᠯᠠᠬᠤ ᠳ᠋ᠤ ᠲᠥᠬᠥᠮ᠎ᠪᠤᠯᠭᠠᠬᠤ ᠵᠢᠨ ᠲᠦᠯᠦᠭᠡ᠂ ᠠᠰᠠᠭᠤᠳᠠᠯ᠎ᠢ ᠲᠤᠰᠬᠠᠬᠤ ᠳ᠋ᠠᠭᠠᠨ ᠬᠣᠯᠪᠣᠭᠳᠠᠯ ᠪᠥᠬᠥᠶ ᠰᠦᠪᠡᠭᠴᠢ ᠵᠢᠴᠢ ᠲᠣᠰ ᠬᠥᠮᠦᠨ᠎ᠦ ᠪᠡᠨ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶᠢᠭ ᠪᠤᠶᠤ ᠠᠵᠢᠯᠯᠠᠵᠤ ᠪᠠᠢᠭ᠎ᠠ ᠪᠠᠢᠭᠤᠯᠭ᠎ᠠ ᠵᠡᠷᠭᠡ ᠮᠡᠳᠡᠭᠡ ᠵᠠᠩᠭᠢ᠎ᠪᠠᠨ ᠬᠠᠩᠭᠠᠭᠠᠷᠠᠶ᠂ ᠪᠢᠳᠡ ᠠᠵᠢᠯ᠎ᠤᠨ ᠰᠠᠬᠢᠯᠭ᠎ᠠ ᠪᠠᠲᠤ᠎ᠶᠢ ᠴᠢᠩᠭ᠎ᠠ ᠵᠢᠷᠤᠮᠯᠠᠨ᠂ ᠨᠢᠭᠤᠴᠠ᠎ᠶᠢ ᠬᠠᠮᠠᠭᠠᠯᠠᠬᠤ ᠡᠭᠦᠷᠭᠡ᠎ᠪᠡᠨ ᠭᠦᠢᠴᠡᠳᠬᠡᠵᠦ᠍᠂ ᠬᠢᠨᠠᠨ ᠲᠤᠳᠤᠯᠠᠬᠰᠡᠨ ᠪᠠᠶ᠋ᠢᠳᠠᠯ᠎ᠢᠶᠠᠨ ᠴᠠᠭ ᠲᠤᠬᠠᠶ᠎ᠳᠤᠨᠢ ᠬᠠᠷᠢᠭᠤ ᠲᠤᠰᠬᠠᠨ᠎ᠠ᠃
ᠬᠦᠯᠢᠶᠡᠨ ᠠᠪᠴᠤ ᠰᠢᠢᠳᠪᠤᠷᠢᠯᠡᠬᠦ ᠴᠠᠭ᠄ ᠠᠵᠢᠯᠯᠠᠬᠤ ᠡᠳᠦᠷ᠎ᠦᠨ
ᠦᠳᠡ᠎ᠶᠢᠨ ᠡᠮᠦᠨ᠎ᠠ 9᠄ 00 —12᠄ 00
ᠦᠳᠡ᠎ᠶᠢᠨ ᠬᠣᠶ᠋ᠢᠨ᠎ᠠ 13᠄ 30 — 17᠄ 00
ᠬᠦᠯᠢᠶᠡᠨ ᠠᠪᠴᠤ ᠰᠢᠢᠳᠪᠤᠷᠢᠯᠡᠬᠦ ᠤᠲᠠᠰᠤ᠄ (0471) 12380
ᠵᠠᠬᠢᠳᠠᠯ᠎ᠢᠷᠡᠬᠦᠯᠬᠦ ᠬᠠᠶᠢᠭ᠄ ᠬᠥᠬᠡᠬᠣᠲᠠ᠎ᠶᠢᠨ ᠰᠠᠶ᠋ᠢᠬᠠᠨ ᠲᠣᠭᠣᠷᠢᠭ᠎ᠤᠨ ᠴᠡᠯᠡᠭᠡᠷ ᠲᠠᠯ᠎ᠠ ᠶᠡᠬᠡ ᠵᠡᠭᠡᠯᠢ᠎ᠶᠢᠨ1ᠳ᠋ᠤᠭᠡᠷ ᠨᠣᠮᠧᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠵᠣᠬᠢᠶᠠᠨ ᠪᠠᠶ᠋ᠢᠭᠤᠯᠬᠤ ᠬᠡᠯᠲᠡᠰ᠎ᠦᠨ ᠢᠯᠡᠴᠢᠯᠡᠨ ᠮᠡᠳᠡᠭᠦᠯᠬᠦ᠌ ᠲᠥᠪ (ᠰᠢᠤᠳᠠᠨ ᠨᠣᠮᠧᠷ᠄ 010098)
ᠢᠯᠡᠴᠢᠯᠡᠨ ᠮᠡᠳᠡᠭᠦᠯᠬᠦ᠌ ᠰᠦᠯᠵᠢᠶᠡᠨ᠎ᠦ ᠬᠠᠶᠢᠭ ᠄ 12380 . nmgdj . gov . cn
ᠣᠨᠴᠠᠭᠠᠶ᠋ᠢᠯᠠᠨ ᠵᠠᠷᠯᠠᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠵᠣᠬᠢᠶᠠᠨ ᠪᠠᠶ᠋ᠢᠭᠤᠯᠬᠤ ᠬᠡᠯᠲᠡᠰ
2026 ᠣᠨ᠎ᠤ 6 ᠰᠠᠷ᠎ᠠ᠎ᠶᠢᠨ 18 ᠤ᠋ ᠡᠳᠦᠷ