6 ᠰᠠᠷ᠎ᠠ᠎ᠶᠢᠨ 18 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ ᠵᠢᠨ ᠡᠷᠬᠢᠯᠡᠭᠴᠢ ᠸᠠᠩ ᠸᠧᠢ ᠵᠦᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠬᠥᠬᠡᠬᠣᠲᠠ᠎ᠳᠤ ᠤᠯᠤᠰ᠎ᠤᠨ ᠴᠠᠬᠢᠯᠭᠠᠨ ᠬᠦᠴᠦᠨ᠎ᠦ ᠪᠡᠯᠡ ᠣᠷᠣᠭᠤᠯᠤᠯᠲᠠ᠎ᠶᠢᠨ ᠪᠦᠯᠦᠭᠯᠡᠯ᠎ᠦᠨ ᠬᠡᠷᠡᠭ ᠮᠡᠳᠡᠭᠴᠢᠳ᠎ᠦᠨ ᠳᠠᠷᠤᠭ᠎ᠠ ᠯᠢᠦ ᠮᠢᠩ ᠱᠧᠩ᠂ ᠶᠡᠷᠦᠩᠬᠡᠢ ᠳᠠᠭᠠᠭᠠᠮᠠᠯ ᠰᠢᠤᠢ ᠱᠤ᠌ ᠪᠢᠶᠤᠤ ᠲᠠᠢ ᠠᠭᠤᠯᠵᠠᠭᠰᠠᠨ ᠪᠥᠭᠡᠳ ᠭᠠᠷᠤᠨ ᠦᠰᠦᠭ ᠵᠢᠷᠤᠬᠤ᠎ᠶᠢ ᠬᠠᠮᠲᠤ᠎ᠪᠠᠷ ᠭᠡᠷᠡᠴᠢᠯᠡᠪᠡ᠃

6 ᠰᠠᠷ᠎ᠠ᠎ᠶᠢᠨ 18 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ ᠵᠢᠨ ᠡᠷᠬᠢᠯᠡᠭᠴᠢ ᠸᠠᠩ ᠸᠧᠢ ᠵᠦᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠬᠥᠬᠡᠬᠣᠲᠠ᠎ᠳᠤ ᠤᠯᠤᠰ᠎ᠤᠨ ᠴᠠᠬᠢᠯᠭᠠᠨ ᠬᠦᠴᠦᠨ᠎ᠦ ᠪᠡᠯᠡ ᠣᠷᠣᠭᠤᠯᠤᠯᠲᠠ᠎ᠶᠢᠨ ᠪᠦᠯᠦᠭᠯᠡᠯ᠎ᠦᠨ ᠬᠡᠷᠡᠭ ᠮᠡᠳᠡᠭᠴᠢᠳ᠎ᠦᠨ ᠳᠠᠷᠤᠭ᠎ᠠ ᠯᠢᠦ ᠮᠢᠩ ᠱᠧᠩ᠂ ᠶᠡᠷᠦᠩᠬᠡᠢ ᠳᠠᠭᠠᠭᠠᠮᠠᠯ ᠰᠢᠤᠢ ᠱᠤ᠌ ᠪᠢᠶᠤᠤ ᠲᠠᠢ ᠠᠭᠤᠯᠵᠠᠭᠰᠠᠨ ᠪᠥᠭᠡᠳ ᠭᠠᠷᠤᠨ ᠦᠰᠦᠭ ᠵᠢᠷᠤᠬᠤ᠎ᠶᠢ ᠬᠠᠮᠲᠤ᠎ᠪᠠᠷ ᠭᠡᠷᠡᠴᠢᠯᠡᠪᠡ᠃
ᠰᠤᠷᠪᠤᠯᠵᠢᠯᠠᠭᠴᠢ ᠮᠠ ᠵᠢᠶᠠᠨ ᠪᠢᠩ ᠰᠡᠬᠦᠳᠡᠷᠯᠡᠪᠠ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠶ᠋ᠢᠩᠭᠤ᠎ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠶ᠋ᠢᠩᠭᠤ᠎ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠂ ᠤᠯᠤᠰ᠎ᠤᠨ ᠴᠠᠬᠢᠯᠭᠠᠨ ᠬᠦᠴᠦᠨ᠎ᠦ ᠪᠡᠯᠡ ᠣᠷᠣᠭᠤᠯᠤᠯᠲᠠ᠎ᠶᠢᠨ ᠪᠦᠯᠦᠭᠯᠡᠯ᠎ᠦᠨ ᠳᠡᠳ᠋ ᠶᠡᠷᠦᠩᠬᠡᠢ ᠳᠠᠭᠠᠭᠠᠮᠠᠯ ᠴᠧᠨ ᠬᠠᠢ ᠪᠢᠨ ᠬᠣᠶᠠᠷ ᠲᠠᠯ᠎ᠠ᠎ᠶᠢ ᠲᠥᠯᠥᠭᠡᠯᠡᠨ ᠪᠠᠶ᠋ᠢᠯᠳᠤᠬᠤ ᠪᠤᠳᠤᠯᠭ᠎ᠠ᠎ᠶᠢᠨ ᠬᠠᠮᠲᠤᠷᠠᠯᠴᠠᠭ᠎ᠠ᠎ᠶᠢ ᠦᠷᠭᠦᠯᠵᠢᠯᠡᠨ ᠭᠦᠨᠵᠡᠭᠡᠶ᠋ᠢᠷᠡᠭᠦᠯᠬᠦ᠌ ᠵᠥᠪᠯᠡᠯᠴᠡᠭᠡᠷ᠎ᠲᠦ᠍ ᠭᠠᠷᠤᠨ ᠦᠰᠦᠭ ᠵᠢᠷᠤᠪᠠ᠃
ᠸᠠᠩ ᠸᠧᠶ ᠵᠥᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠡᠮᠦᠨ᠎ᠡ᠎ᠡᠴᠡ ᠯᠢᠦ ᠮᠢᠩ ᠱᠧᠩᠨᠡᠷᠢ ᠪᠠᠶᠠᠷᠯᠠᠨ ᠤᠭᠲᠤᠵᠤ ᠪᠠᠶ᠋ᠢᠬᠤ᠎ᠪᠠᠨ ᠢᠯᠡᠳᠬᠡᠵᠦ᠍᠂ ᠤᠯᠤᠰ᠎ᠤᠨ ᠴᠠᠬᠢᠯᠭᠠᠨ ᠬᠦᠴᠦᠨ᠎ᠦ ᠪᠠᠯᠠ ᠣᠷᠣᠭᠤᠯᠤᠯᠲᠠ᠎ᠶᠢᠨ ᠪᠦᠯᠦᠭᠯᠡᠯ᠎ᠦᠨ᠎ᠬᠢᠨ ᠣᠷᠳᠣ ᠬᠤᠭᠤᠴᠠᠭᠠᠨ᠎ᠤ ᠲᠤᠷᠰᠢ ᠥᠪᠥᠷ ᠮᠣᠩᠭᠣᠯ᠎ᠤᠨ ᠠᠵᠤ ᠠᠬᠤᠶ ᠨᠡᠶ᠋ᠢᠭᠡᠮ᠎ᠦᠨ ᠬᠥᠭᠵᠢᠯᠲᠡ ᠢᠯᠠᠩᠭᠤᠶ᠎ᠠ ᠡᠨᠧᠷᠭᠢ᠎ᠶᠢᠨ ᠠᠵᠤ ᠠᠬᠤᠶ᠎ᠶᠢᠨ ᠬᠥᠭᠵᠢᠯᠲᠡ᠎ᠳᠦ ᠢᠳᠡᠪᠬᠢᠲᠡᠶ ᠬᠤᠪᠢ ᠨᠡᠮᠡᠷᠢ ᠦᠵᠡᠭᠦᠯᠦᠭᠰᠡᠨ᠎ᠳᠦ ᠲᠠᠯᠠᠷᠬᠠᠬᠤ᠎ᠶᠢᠨ ᠬᠠᠮᠲᠤ᠌ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠥᠬᠥᠶ ᠪᠠᠶ᠋ᠢᠳᠠᠯ᠎ᠢ ᠲᠠᠨᠢᠯᠴᠠᠭᠤᠯᠪᠠ᠃ ᠲᠡᠷᠡ᠂ ᠥᠪᠥᠷ ᠮᠣᠩᠭᠣᠯ ᠪᠣᠯ ᠤᠯᠤᠰ᠎ᠤᠨ ᠴᠢᠬᠤᠯᠠ ᠡᠨᠧᠷᠭᠢ ᠪᠠ ᠪᠠᠶ᠋ᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠎ᠤᠨ ᠰᠠᠭᠤᠷᠢᠨ ᠪᠣᠯᠤᠨ᠎ᠠ᠂ ᠡᠯ᠎ᠡ ᠲᠥᠷᠥᠯ᠎ᠦᠨ ᠡᠬᠢ ᠪᠠᠶᠠᠯᠢᠭ ᠡᠯᠪᠡᠭ᠂ ᠠᠵᠤ ᠦᠢᠯᠡᠰ᠎ᠦᠨ ᠰᠠᠭᠤᠷᠢ ᠰᠠᠶ᠋ᠢᠨ᠂ ᠬᠥᠭᠵᠢᠯᠲᠡ᠎ᠶᠢᠨ ᠳᠠᠯᠳᠠ ᠬᠦᠴᠦᠨ ᠶᠡᠬᠡ᠃ ᠣᠳᠣᠬᠠᠨ᠎ᠳᠤ᠂ ᠣᠷᠣᠨ ᠳᠠᠶᠠᠭᠠᠷ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ᠎ᠤᠨ ᠪᠠᠶ᠋ᠢᠷᠢᠯᠠᠭᠤᠯᠤᠯᠲᠠ ᠶᠣᠰᠣᠭᠠᠷ᠂ ᠣᠲᠣ ᠦᠶ᠎ᠡ᠎ᠶᠢᠨ ᠡᠨᠧᠷᠭᠢ᠎ᠶᠢᠨ ᠠᠵᠤ ᠠᠬᠤᠶ᠎ᠶᠢ ᠶᠡᠬᠡᠪᠡᠷ ᠬᠥᠭᠵᠢᠭᠦᠯᠵᠦ᠍᠂ ᠴᠡᠪᠡᠷ ᠪᠠᠭ᠎ᠠ ᠨᠡᠭᠦᠷᠡᠰᠦᠲᠦ᠋ᠷᠥᠭᠴᠢᠳᠤ ᠠᠮᠤᠷ ᠲᠦᠪᠰᠢᠨ ᠥᠨᠳᠥᠷ ᠪᠦᠲᠦᠮᠵᠢᠲᠡᠶ ᠰᠢᠨ᠎ᠡ ᠬᠡᠯᠪᠡᠷᠢ᠎ᠶᠢᠨ ᠡᠨᠧᠷᠭᠢ᠎ᠶᠢᠨ ᠰᠢᠰᠲ᠋ᠧᠮ᠎ᠢ ᠲᠦᠷᠭᠡᠳᠬᠡᠨ ᠪᠠᠶ᠋ᠢᠭᠤᠯᠵᠤ᠂ ᠪᠠᠶ᠋ᠢᠯᠳᠤᠬᠤ ᠪᠣᠳᠣᠯᠭ᠎ᠠ᠎ᠶᠢᠨ ᠴᠢᠨᠠᠷᠲᠠᠶ ᠠᠭᠤᠷᠬᠠᠶ᠎ᠶᠢᠨ ᠭᠠᠷᠤᠯᠲᠠ᠎ᠶᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ᠎ᠶᠢ ᠴᠢᠩᠭᠠᠳᠬᠠᠵᠤ᠂ ᠤᠯᠤᠰ᠎ᠤᠨ ᠡᠨᠧᠷᠭᠢ᠎ᠶᠢᠨ ᠡᠬᠢ ᠪᠠᠶᠠᠯᠢᠭ᠎ᠤᠨ ᠠᠮᠤᠷ ᠲᠦᠪᠰᠢᠨ᠎ᠢ ᠨᠠᠩ ᠰᠠᠶ᠋ᠢᠲᠤᠷ ᠪᠠᠲᠤᠯᠠᠵᠤ ᠪᠠᠶ᠋ᠢᠨ᠎ᠠ᠃ ᠤᠯᠤᠰ᠎ᠤᠨ ᠴᠠᠬᠢᠯᠭᠠᠨ ᠬᠦᠴᠦᠨ᠎ᠦ ᠪᠡᠯᠡ ᠣᠷᠣᠭᠤᠯᠤᠯᠲᠠ᠎ᠶᠢᠨ ᠪᠦᠯᠦᠭᠯᠡᠯ ᠠᠵᠤ ᠦᠢᠯᠡᠰ ᠪᠣᠯᠤᠨ ᠮᠡᠷᠭᠡᠵᠢᠯ᠎ᠦᠨ ᠳᠠᠪᠠᠭᠤᠯᠢᠭ᠎ᠢᠶᠠᠨ ᠭᠦᠢᠴᠡᠳ ᠪᠠᠳᠠᠷᠠᠭᠤᠯᠵᠤ᠂ ᠥᠪᠥᠷ ᠮᠣᠩᠭᠣᠯ᠎ᠳᠠᠬᠢ ᠪᠡᠯᠡ ᠣᠷᠣᠭᠤᠯᠤᠯᠲᠠ᠎ᠶᠢᠨ ᠡᠷᠴᠢᠮ᠎ᠢᠶᠡᠨ ᠤᠯᠠᠮ ᠨᠢᠭᠡ ᠠᠯᠬᠤᠮ ᠴᠢᠩᠭᠠᠷᠠᠭᠤᠯᠵᠤ᠂ ᠰᠢᠨ᠎ᠡ ᠡᠨᠧᠷᠭᠢ᠎ᠶᠢ ᠨᠡᠭᠡᠭᠡᠨ ᠬᠥᠭᠵᠢᠭᠦᠯᠬᠦ᠌ ᠪᠠ ᠠᠵᠤ ᠦᠢᠯᠡᠰ᠎ᠢ ᠬᠠᠮᠵᠢᠯᠴᠠᠭᠤᠯᠤᠨ ᠪᠠᠶ᠋ᠢᠷᠢᠰᠢᠭᠤᠯᠬᠤ᠎ᠶᠢ ᠨᠢᠭᠡᠳᠦᠯᠲᠡᠢ ᠲᠥᠯᠥᠪᠵᠢᠭᠦᠯᠦᠨ ᠤᠬᠠᠭᠠᠯᠠᠨ ᠲᠥᠯᠥᠪᠯᠡᠵᠦ᠍᠂ ᠨᠡᠭᠦᠷᠡᠰᠦ᠎ᠶᠢ ᠠᠷᠢᠭᠤᠨ ᠴᠡᠪᠡᠷ ᠥᠨᠳᠥᠷ ᠪᠦᠲᠦᠮᠵᠢᠲᠡᠢ ᠠᠰᠢᠭᠯᠠᠬᠤ᠎ᠶᠢ ᠶᠡᠬᠡᠪᠡᠷ ᠠᠬᠢᠭᠤᠯᠵᠤ᠂ ᠣᠷᠣᠨ᠎ᠤ ᠳᠣᠲᠣᠷᠠᠬᠢ ᠠᠵᠤ ᠠᠬᠤᠶ᠋ᠢᠯᠠᠯ᠂ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ ᠲᠠᠢ ᠠᠵᠤ ᠦᠢᠯᠡᠰ ᠵᠢᠭᠠᠨ ᠰᠤᠷᠭᠠᠯᠲᠠ ᠰᠤᠳᠤᠯᠭᠠᠨ ᠬᠡᠷᠡᠭᠯᠡᠭᠡ ᠵᠢᠨ ᠰᠢᠨ᠎ᠡ᠎ᠶᠢ ᠡᠭᠦᠳᠦᠨ ᠬᠣᠯᠪᠣᠭᠠᠯᠠᠨ ᠬᠥᠳᠡᠯᠦᠯᠴᠡᠬᠦ᠌᠎ᠶᠢ ᠦᠷᠭᠦᠯᠵᠢᠯᠡᠨ ᠭᠦᠨᠵᠡᠭᠡᠶ᠋ᠢᠷᠡᠭᠦᠯᠵᠦ᠍᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠢᠳᠡᠪᠬᠢᠲᠡᠢ ᠣᠷᠣᠯᠴᠠᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠶ᠋ᠢᠭᠡᠮ᠎ᠦᠨ ᠴᠢᠨᠠᠷ ᠰᠠᠶ᠋ᠢᠲᠠᠢ ᠬᠥᠭᠵᠢᠯᠲᠡ᠎ᠳᠦ ᠬᠦᠴᠦᠨ ᠨᠡᠮᠡᠷᠢᠯᠡᠬᠦ᠌᠎ᠶᠢ ᠬᠦᠰᠡᠵᠦ᠍ ᠪᠠᠶ᠋ᠢᠨ᠎ᠠ᠃ ᠡᠭᠦᠨ᠎ᠦ ᠬᠠᠮᠲᠤ᠌᠂ ᠠᠵᠤ ᠠᠬᠤᠶ᠋ᠢᠯᠠᠯ᠎ᠤᠨ ᠬᠢᠨ ᠠᠶᠤᠯᠭᠦᠢ ᠦᠢᠯᠡᠳᠪᠦᠷᠢᠯᠡᠯ᠎ᠦᠨ ᠰᠠᠭᠤᠷᠢ ᠴᠢᠳᠠᠪᠤᠷᠢ᠎ᠶᠢᠨ ᠪᠠᠶ᠋ᠢᠭᠤᠯᠤᠯᠲᠠ᠎ᠪᠠᠨ ᠦᠷᠭᠦᠯᠵᠢᠯᠡᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ᠎ᠦᠨ ᠭᠣᠣᠯ ᠴᠣᠭᠴᠠ᠎ᠶᠢᠨ ᠬᠠᠷᠢᠭᠤᠴᠠᠯᠭ᠎ᠠ᠎ᠪᠠᠨ ᠦᠨᠡᠨ ᠬᠦ᠌ ᠭᠦᠢᠴᠡᠳᠬᠡᠬᠦ᠌᠎ᠶᠢ ᠬᠦᠰᠡᠵᠦ᠍ ᠪᠠᠶ᠋ᠢᠨ᠎ᠠ᠃ ᠪᠢᠳᠠ ᠬᠤᠳᠠᠯᠳᠤᠭ᠎ᠠ ᠡᠷᠬᠢᠯᠡᠬᠦ᠌ ᠰᠠᠢ᠌ᠨ ᠰᠠᠶ᠋ᠢᠬᠠᠨ ᠣᠷᠴᠢᠨ ᠨᠥᠬᠥᠴᠡᠯ᠎ᠢ ᠴᠢᠷᠮᠠᠶ᠋ᠢᠨ ᠬᠠᠩᠭᠠᠵᠤ᠂ ᠠᠵᠤ ᠠᠬᠤᠶ᠋ᠢᠯᠠᠯ᠎ᠤᠨ ᠥᠪᠥᠷ ᠮᠣᠩᠭᠣᠯ᠎ᠳᠤ ᠨᠡᠩ ᠰᠠᠢ᠌ᠨ ᠬᠥᠭᠵᠢᠬᠦ᠌᠎ᠳᠦ ᠦᠢᠯᠡᠴᠢᠯᠡᠨ᠎ᠡ ᠭᠡᠵᠦ ᠬᠡᠯᠡᠪᠡ᠃
ᠯᠢᠦ ᠮᠢᠩ ᠱᠧᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠣᠷᠳᠣ ᠬᠤᠭᠤᠴᠠᠭᠠᠨ᠎ᠤ ᠲᠤᠷᠰᠢ ᠤᠯᠤᠰ᠎ᠤᠨ ᠴᠠᠬᠢᠯᠭᠠᠨ ᠬᠦᠴᠦᠨ᠎ᠦ ᠪᠠᠯᠠ ᠣᠷᠣᠭᠤᠯᠤᠯᠲᠠ᠎ᠶᠢᠨ ᠪᠦᠯᠦᠭᠯᠡᠯ᠎ᠳᠦ ᠬᠦᠴᠦᠲᠡᠶ ᠳᠡᠮᠵᠢᠯᠭᠡ ᠦᠵᠡᠭᠦᠯᠦᠭᠰᠡᠨ᠎ᠳᠦ ᠲᠠᠯᠠᠷᠬᠠᠵᠤ ᠪᠠᠶ᠋ᠢᠬᠤ᠎ᠪᠠᠨ ᠢᠯᠡᠳᠬᠡᠭᠰᠡᠨ ᠪᠥᠭᠡᠳ ᠪᠦᠯᠦᠭᠯᠡᠯ᠎ᠦᠨ ᠲᠠᠷᠠᠭᠠᠴᠢ᠎ᠶᠢᠨ ᠠᠯᠬᠤᠮ᠎ᠤᠨ ᠥᠪᠥᠷ ᠮᠣᠩᠭᠣᠯ᠎ᠳᠠᠬᠢ ᠪᠠᠯᠠ ᠣᠷᠣᠭᠤᠯᠤᠯᠲᠠ᠎ᠶᠢᠨ ᠴᠢᠭᠯᠡᠯ᠎ᠢ ᠲᠠᠨᠢᠯᠴᠠᠭᠤᠯᠪᠠ᠃ ᠲᠡᠷᠡ᠂ ᠤᠯᠤᠰ᠎ᠤᠨ ᠴᠠᠬᠢᠯᠭᠠᠨ ᠬᠦᠴᠦᠨ᠎ᠦ ᠪᠡᠯᠡ ᠣᠷᠣᠭᠤᠯᠤᠯᠲᠠ᠎ᠶᠢᠨ ᠪᠦᠯᠦᠭᠯᠡᠯ ᠥᠪᠥᠷ ᠮᠣᠩᠭᠣᠯ᠎ᠳᠠᠬᠢ ᠬᠥᠭᠵᠢᠯᠲᠡ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ ᠪᠠᠶ᠋ᠢᠨ᠎ᠠ᠂ ᠲᠤᠰ ᠤᠳᠠᠭ᠎ᠠ᠎ᠶᠢᠨ ᠵᠥᠪᠯᠡᠯᠴᠡᠭᠡᠷ ᠲᠣᠭᠲᠠᠭᠰᠠᠨ᠎ᠢᠶᠠᠷ ᠠᠵᠠ ᠲᠣᠬᠢᠶᠠᠯ ᠪᠣᠯᠭᠠᠵᠤ᠂ ᠲᠥᠪ᠎ᠦᠨ ᠠᠵᠤ ᠠᠬᠤᠶ᠋ᠢᠯᠠᠯ᠎ᠤᠨ ᠬᠠᠷᠢᠭᠤᠴᠠᠯᠭ᠎ᠠ ᠡᠭᠦᠷᠭᠡᠯᠡᠯ᠎ᠢ ᠦᠨᠡᠨ ᠬᠦ᠌ ᠡᠭᠦᠷᠭᠡᠯᠡᠵᠦ᠍᠂ ᠥᠪᠥᠷ ᠮᠣᠩᠭᠣᠯ᠎ᠤᠨ ᠬᠥᠭᠵᠢᠯᠲᠡ᠎ᠶᠢᠨ ᠬᠡᠷᠡᠭᠴᠡᠭᠡ᠂ ᠠᠵᠤ ᠠᠬᠤᠶ᠋ᠢᠯᠠᠯ᠎ᠤᠨ ᠴᠢᠳᠠᠪᠤᠷᠢ᠎ᠳᠤ ᠰᠠᠭᠤᠷᠢᠯᠠᠨ᠂ ᠵᠥᠪᠯᠡᠯᠴᠡᠭᠡᠷ᠎ᠢ ᠪᠣᠳᠠᠲᠠᠢ᠎ᠳᠤ ᠨᠠᠶ᠋ᠢᠳᠠᠪᠤᠷᠢᠵᠢᠭᠤᠯᠬᠤ᠎ᠶᠢ ᠪᠦᠬᠦ᠌ ᠬᠦᠴᠦᠨ᠎ᠢᠶᠡᠷ ᠰᠠᠶ᠋ᠢᠲᠤᠷ ᠠᠳᠬᠤᠵᠤ᠂ ᠬᠣᠶᠠᠷ ᠲᠠᠯ᠎ᠠ᠎ᠶᠢᠨ ᠬᠠᠮᠲᠤᠷᠠᠯᠴᠠᠭ᠎ᠠ ᠲᠠᠰᠤᠷᠠᠯᠲᠠ ᠦᠭᠡᠢ ᠰᠢᠨ᠎ᠡ ᠳᠡᠭᠲᠡᠷ᠎ᠲᠦ᠍ ᠭᠠᠷᠬᠤ᠎ᠶᠢ ᠠᠬᠢᠭᠤᠯᠤᠨ᠎ᠠ᠃ ᠢᠷᠡᠭᠡᠳᠦᠢ᠎ᠳᠦ ᠬᠠᠨᠳᠤᠭᠤᠯᠤᠨ᠂ ᠤᠯᠤᠰ᠎ᠤᠨ ᠴᠠᠬᠢᠯᠭᠠᠨ ᠬᠦᠴᠦᠨ᠎ᠦ ᠪᠡᠯᠡ ᠣᠷᠣᠭᠤᠯᠤᠯᠲᠠ᠎ᠶᠢᠨ ᠪᠦᠯᠦᠭᠯᠡᠯ ᠨᠢ ᠥᠪᠡᠷᠲᠡᠭᠡᠨ ᠵᠠᠰᠠᠬᠤ ᠣᠷᠣᠨ᠎ᠤ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠬᠥᠭᠵᠢᠯᠲᠡ᠎ᠶᠢᠨ ᠲᠥᠯᠥᠪᠵᠢᠭᠦᠯᠭᠡ᠎ᠲᠡᠶ ᠢᠳᠡᠪᠬᠢᠲᠡᠢ ᠵᠣᠯᠭᠠᠭᠤᠯᠵᠤ᠂ ᠰᠢᠨ᠎ᠡ ᠡᠨᠧᠷᠭᠢ᠎ᠶᠢ ᠲᠤᠬᠠᠢ᠎ᠶᠢᠨ ᠭᠠᠵᠠᠷ᠎ᠲᠤᠨᠢ ᠰᠢᠩᠭᠡᠭᠡᠬᠦ᠌ ᠵᠢᠴᠢ ᠢᠵᠢ ᠪᠦᠷᠢᠳᠦᠬᠦᠯᠬᠦ᠌ ᠠᠵᠤ ᠦᠢᠯᠡᠰ᠎ᠢ ᠨᠠᠶ᠋ᠢᠳᠠᠪᠤᠷᠢᠵᠢᠭᠤᠯᠬᠤ᠂ ᠪᠤᠳᠤᠯᠲᠠ᠎ᠶᠢᠨ ᠬᠦᠴᠦᠨ ᠴᠠᠬᠢᠯᠭᠠᠨ ᠬᠦᠴᠦᠨ᠎ᠢ ᠬᠠᠮᠵᠢᠯᠴᠠᠭᠤᠯᠬᠤ᠂ ᠤᠶᠤᠨᠲᠤ᠌ ᠠᠭᠤᠷᠬᠠᠢ᠎ᠶᠢᠨ ᠪᠦᠳᠦᠭᠡᠨ ᠪᠠᠶ᠋ᠢᠭᠤᠯᠤᠯᠲᠠ ᠵᠡᠷᠭᠡ ᠬᠦᠷᠢᠶᠡᠨ᠎ᠳᠦ ᠥᠪᠥᠷ ᠮᠣᠩᠭᠣᠯ᠎ᠯᠤᠭ᠎ᠠ᠎ᠶᠢᠨ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭ᠎ᠠ᠎ᠶᠢ ᠦᠷᠭᠦᠯᠵᠢᠯᠡᠨ ᠭᠦᠨᠵᠡᠭᠡᠶ᠋ᠢᠷᠡᠭᠦᠯᠵᠦ᠍᠂ ᠨᠡᠩ ᠤᠯᠠᠨ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠦᠷᠦᠯ ᠵᠦᠢᠯ᠎ᠢ ᠬᠠᠮᠲᠤ᠎ᠪᠠᠷ ᠲᠥᠯᠥᠪᠵᠢᠭᠦᠯᠦᠨ ᠨᠠᠶ᠋ᠢᠳᠠᠪᠤᠷᠢᠵᠢᠭᠤᠯᠵᠤ᠂ ᠯᠠᠪᠳᠠᠭᠤᠨ ᠪᠠᠲᠤᠲᠠᠢ ᠠᠷᠭ᠎ᠠ ᠬᠡᠮᠵᠢᠶ᠎ᠡ᠎ᠪᠡᠷ ᠤᠯᠤᠰ᠎ᠤᠨ ᠴᠢᠬᠤᠯᠠ ᠡᠨᠧᠷᠭᠢ ᠪᠠ ᠪᠠᠶ᠋ᠢᠯᠳᠤᠬᠤ ᠪᠤᠳᠤᠯᠭ᠎ᠠ᠎ᠶᠢᠨ ᠡᠬᠢ ᠪᠠᠶᠠᠯᠢᠭ᠎ᠤᠨ ᠰᠠᠭᠤᠷᠢᠨ᠎ᠤ ᠪᠦᠳᠦᠭᠡᠨ ᠪᠠᠶ᠋ᠢᠭᠤᠯᠤᠯᠲᠠ᠎ᠳᠤ ᠦᠢᠯᠡᠴᠢᠯᠡᠨ᠎ᠡ ᠭᠡᠵᠦ᠍ ᠢᠯᠡᠳᠬᠡᠪᠡ᠃
ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠴᠧᠨ ᡁᠢ ᠴᠠᠩ᠂ ᠢᠦᠢ ᠯᠢ ᠰᠢᠨ ᠣᠷᠣᠯᠴᠠᠵᠠᠢ᠃