ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠢᠡᠭᠬᠢᠮ ᠣᠢᠷ᠎ᠠ ᠳ᠋ᠤ ᠱᠢᠨ᠎ᠡ ᠪᠡᠷ ᠵᠠᠰᠠᠪᠤᠷᠢ ᠣᠷᠣᠭᠤᠯᠤᠭ᠍ᠰᠠᠨ《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠭᠤᠤᠯ ᠱᠤᠭᠤᠮ ᠤ᠋ᠨ ᠵᠠᠰᠠᠮᠠᠯ ᠵᠠᠮ ᠳ᠋ᠤ ᠬᠣᠯᠪᠣᠭ᠍ᠳᠠᠬᠤ ᠪᠠᠷᠢᠯᠭ᠎ᠠ ᠢ᠋ᠢᠨ ᠵᠠᠰᠠᠭ ᠵᠠᠬᠢᠷᠭᠠᠨ ᠤ᠋ ᠵᠥᠪᠱᠢᠶᠡᠷᠡᠯ ᠤ᠋ᠨ ᠳᠡᠰ ᠳᠠᠷᠠᠭᠠᠯᠠᠯ》 ᠢ᠋ ᠳᠠᠷᠤᠮᠠᠯᠯᠠᠨ ᠲᠠᠷᠬᠠᠭᠠᠵᠤ᠂ ᠬᠢᠨᠠᠨ ᠵᠥᠪᠱᠢᠶᠡᠷᠡᠬᠦ᠌᠂ ᠬᠢᠨᠠᠨ ᠬᠠᠮᠢᠶᠠᠷᠬᠤ ᠪᠠ ᠱᠢᠯᠭᠠᠨ ᠠᠪᠬᠤ ᠵᠠᠩᠭᠢᠯᠠᠭ᠎ᠠ ᠢ᠋ᠢᠨ ᠭᠣᠭ᠍ᠴᠣᠭᠠ ᠳ᠋ᠤ ᠠᠩᠬᠠᠷᠤᠯ ᠵᠢᠡᠨ ᠲᠥᠪᠯᠡᠷᠡᠭᠦᠯᠦᠨ᠂ ᠬᠢᠨᠠᠨ ᠵᠥᠪᠱᠢᠶᠡᠷᠡᠬᠦ᠌ ᠲᠦᠭ᠌ᠵᠢᠷᠡᠯ ᠤ᠋ᠨ ᠴᠡᠭ ᠢ᠋ ᠬᠦᠴᠦᠯᠡᠨ ᠡᠪᠳᠡᠵᠦ᠍᠂ ᠭᠤᠤᠯ ᠱᠤᠭᠤᠮ ᠤ᠋ᠨ ᠵᠠᠰᠠᠮᠠᠯ ᠵᠠᠮ ᠳ᠋ᠤ ᠬᠣᠯᠪᠣᠭ᠍ᠳᠠᠬᠤ ᠪᠠᠷᠢᠯᠭ᠎ᠠ ᠢ᠋ᠢᠨ ᠬᠠᠮᠢᠶᠠᠷᠤᠯᠲᠠ ᠢ᠋ᠢᠨ ᠦᠶ᠋ᠯᠡᠴᠢᠯᠡᠭᠡᠨ ᠤ᠋ ᠲᠦᠪᠱᠢᠨ ᠢ᠋ ᠳᠡᠭᠡᠭ᠌ᠰᠢᠯᠡᠭᠦᠯᠪᠡ᠃
ᠲᠣᠰ ᠤᠳᠠᠭ᠎ᠠ ᠢ᠋ᠢᠨ ᠵᠠᠰᠠᠪᠤᠷᠢ ᠣᠷᠣᠭᠤᠯᠤᠭ᠍ᠰᠠᠨ ᠠᠭᠤᠯᠭ᠎ᠠ ᠳ᠋ᠤ ᠪᠥᠬᠥ᠌ ᠣᠷᠣᠨ ᠤ᠋ ᠤᠯᠤᠰ ᠤ᠋ᠨ ᠪᠠ ᠮᠤᠵᠢ ᠢ᠋ᠢᠨ ᠭᠤᠤᠯ ᠱᠤᠭᠤᠮ ᠤ᠋ᠨ ᠵᠠᠰᠠᠮᠠᠯ ᠵᠠᠮ ᠳ᠋ᠤ ᠬᠣᠯᠪᠣᠭ᠍ᠳᠠᠬᠤ ᠪᠠᠷᠢᠯᠭ᠎ᠠ ᠢ᠋ᠢᠨ ᠵᠥᠪᠱᠢᠶᠡᠷᠡᠯ ᠤ᠋ᠨ ᠭᠤᠶᠤᠴᠢᠯᠠᠯ᠂ ᠭᠥᠯᠢᠶᠡᠨ ᠠᠪᠴᠤ᠌ ᠱᠢᠶ᠋ᠳᠪᠦᠷᠢᠯᠡᠬᠦ᠌᠂ ᠬᠢᠨᠠᠨ ᠪᠠᠢᠴᠠᠭᠠᠬᠤ᠂ ᠲᠣᠭ᠍ᠲᠠᠭᠠᠯ ᠭᠠᠷᠭᠠᠬᠤ᠂ ᠠᠵᠢᠯ ᠶᠠᠪᠤᠳᠠᠯ ᠤ᠋ᠨ ᠳᠤᠮᠳᠠᠬᠢ ᠬᠢᠨᠠᠯᠲᠠ ᠬᠠᠮᠢᠶᠠᠷᠤᠯᠲᠠ᠂ ᠱᠢᠯᠭᠠᠨ ᠠᠪᠬᠤ ᠵᠢᠴᠢ ᠠᠵᠢᠯ ᠶᠠᠪᠤᠳᠠᠯ ᠤ᠋ᠨ ᠳᠠᠷᠠᠭᠠᠬᠢ ᠬᠢᠨᠠᠯᠲᠠ ᠬᠠᠮᠢᠶᠠᠷᠤᠯᠲᠠ ᠢ᠋ᠢᠨ ᠪᠥᠬᠥ᠌ ᠶᠠᠪᠤᠴᠠ ᠪᠠᠭᠲᠠᠵᠤ᠌᠂ ᠵᠠᠰᠠᠮᠠᠯ ᠵᠠᠮ ᠢ᠋ ᠡᠵᠡᠯᠡᠨ ᠬᠡᠷᠡᠭ᠌ᠯᠡᠵᠦ᠍ ᠤᠬᠤᠵᠤ ᠮᠠᠯᠲᠠᠬᠤ᠂ ᠵᠠᠮ ᠤ᠋ᠨ ᠠᠭᠤᠯᠵᠠᠷ ᠨᠡᠮᠡᠵᠦ᠍ ᠲᠣᠬᠢᠷᠠᠭᠤᠯᠬᠤ᠂ ᠬᠣᠭᠣᠯᠠᠶ ᠱᠤᠭᠤᠮ ᠤ᠋ᠨ ᠲᠦᠬᠦᠭᠡᠷᠦᠮᠵᠢ ᠪᠤᠯᠠᠵᠤ ᠲᠣᠬᠢᠷᠠᠭᠤᠯᠬᠤ᠂ ᠵᠠᠰᠠᠮᠠᠯ ᠵᠠᠮ ᠤ᠋ᠨ ᠪᠤᠰᠤ ᠲᠡᠮᠳᠡᠭ ᠡᠯᠭᠦᠬᠦ᠌ ᠵᠡᠷᠭᠡ ᠪᠠᠢᠩᠭᠤ ᠲᠣᠬᠢᠶᠠᠯᠳᠤᠳᠠᠭ 8 ᠲᠥᠷᠥᠯ ᠤ᠋ᠨ ᠪᠠᠷᠢᠯᠭ᠎ᠠ ᠢ᠋ᠢᠨ ᠠᠵᠢᠯᠯᠠᠭ᠎ᠠ ᠢ᠋ᠢ ᠲᠤᠳᠤᠷᠬᠠᠢᠯᠠᠵᠠᠢ᠃
ᠤᠢᠯᠠᠭᠠᠭᠰᠠᠨ ᠢ᠋ᠢᠡᠷ᠂ ᠮᠠᠨ ᠤ᠋ ᠤᠷᠤᠨ ᠭᠤᠤᠯ ᠱᠤᠭᠤᠮ ᠤ᠋ᠨ ᠵᠠᠰᠠᠮᠠᠯ ᠵᠠᠮ ᠳ᠋ᠤ ᠬᠣᠯᠪᠣᠭ᠍ᠳᠠᠬᠤ ᠬᠢᠨᠠᠨ ᠵᠥᠪᠱᠢᠶᠡᠷᠡᠬᠦ᠌ ᠲᠠᠰ ᠳᠠᠷᠠᠭᠠᠯᠠᠯ ᠢ᠋ ᠱᠢᠯᠢᠳᠡᠭ᠌ᠵᠢᠭᠦᠯᠬᠦ ᠳ᠋ᠡᠬᠡᠨ 《ᠤᠷᠢᠳ ᠵᠢᠡᠷ ᠰᠠᠨᠠᠯ ᠬᠤᠷᠢᠶᠠᠵᠤ᠂ ᠳᠠᠷᠠᠭ᠎ᠠ ᠨᠢ ᠮᠡᠷᠭᠡᠵᠢᠯ ᠤ᠋ᠨ ᠬᠢᠨᠠᠨ ᠪᠠᠢᠴᠠᠭᠠᠯᠲᠠ ᠬᠢᠬᠦ᠌》 ᠶ᠋ᠢ 《ᠤᠷᠢᠳ ᠵᠢᠡᠷ ᠮᠡᠷᠭᠡᠵᠢᠯ ᠤ᠋ᠨ ᠬᠢᠨᠠᠨ ᠪᠠᠢᠴᠠᠭᠠᠯᠲᠠ ᠬᠢᠵᠦ᠍᠂ ᠳᠠᠷᠠᠭ᠎ᠠ ᠨᠢ ᠰᠠᠨᠠᠯ ᠬᠤᠷᠢᠶᠠᠬᠤ》 ᠪᠣᠯᠭᠠᠨ ᠲᠣᠬᠢᠷᠠᠭᠤᠯᠵᠤ᠂ ᠠᠱᠢᠭ ᠬᠤᠤᠷ ᠤ᠋ᠨ ᠬᠠᠷᠢᠴᠠᠭ᠎ᠠ ᠲᠠᠶ ᠬᠥᠮᠦᠨ ᠡᠴᠡ ᠰᠠᠨᠠᠯ ᠬᠤᠷᠢᠶᠠᠬᠤ ᠴᠠᠭ ᠤ᠋ᠨ ᠬᠢᠵᠠᠭᠠᠷ ᠢ᠋ 10 ᠠᠵᠢᠯᠯᠠᠬᠤ ᠡᠳᠦᠷ ᠡᠴᠡ 3 ᠠᠵᠢᠯᠯᠠᠬᠤ ᠡᠳᠦᠷ ᠪᠣᠯᠭᠠᠨ ᠪᠣᠭᠣᠨᠢᠰᠭᠠᠵᠤ᠂ ᠬᠢᠨᠠᠨ ᠵᠥᠪᠱᠢᠶᠡᠷᠡᠬᠦ᠌ ᠦᠷ᠎ᠡ ᠪᠦᠲᠦᠮᠵᠢ ᠢ᠋ᠢ ᠶᠡᠬᠡ ᠪᠡᠷ ᠳᠡᠭᠡᠭ᠌ᠰᠢᠯᠡᠭᠦᠯᠪᠠ; ᠠᠵᠢᠯ ᠶᠠᠪᠤᠳᠠᠯ ᠤ᠋ᠨ ᠳᠤᠮᠳᠠᠬᠢ ᠪᠠ ᠠᠵᠢᠯ ᠶᠠᠪᠤᠳᠠᠯ ᠤ᠋ᠨ ᠳᠠᠷᠠᠭᠠᠬᠢ ᠬᠢᠨᠠᠯᠲᠠ ᠬᠠᠮᠢᠶᠠᠷᠤᠯᠲᠠ ᠢ᠋ᠢ ᠴᠢᠩᠭᠠᠳᠭᠠᠨ᠂ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠶᠡᠷᠦᠩᠬᠡᠢᠯᠡᠭ᠌ᠰᠡᠨ ᠵᠠᠰᠠᠭ ᠵᠠᠬᠢᠷᠭᠠᠨ ᠤ᠋ ᠬᠠᠤᠯᠢ ᠬᠡᠷᠡᠭ᠌ᠵᠢᠭᠦᠯᠬᠦ᠌ ᠪᠠᠢᠭᠤᠯᠤᠮᠵᠢ ᠡᠴᠡ ᠬᠢᠨᠠᠯᠲᠠ ᠬᠠᠮᠢᠶᠠᠷᠤᠯᠲᠠ ᠢ᠋ᠢᠨ ᠲᠠᠩᠰᠠ ᠡᠪᠬᠡᠮᠡᠯ ᠪᠠᠢᠭᠤᠯᠵᠤ᠂ ᠬᠢᠨᠠᠯᠲᠠ ᠬᠠᠮᠢᠶᠠᠷᠤᠯᠲᠠ ᠢ᠋ᠢᠨ ᠲᠥᠯᠥᠪᠯᠡᠭᠡ ᠲᠣᠭ᠍ᠲᠠᠭᠠᠨ᠂ ᠳᠣᠲᠣᠭᠠᠳᠤ ᠢ᠋ᠢ ᠬᠠᠮᠠᠭᠠᠯᠠᠬᠤ ᠵᠠᠮ ᠬᠠᠷᠢᠯᠴᠠᠭᠠᠨ ᠤ᠋ ᠬᠠᠮᠢᠶᠠᠷᠤᠯᠲᠠ᠂ ᠶᠠᠰᠤ ᠴᠢᠨᠠᠷ ᠤ᠋ᠨ ᠬᠢᠨᠠᠯᠲᠠ ᠪᠠ ᠵᠠᠰᠠᠮᠠᠯ ᠵᠠᠮ ᠤ᠋ᠨ ᠠᠷᠠᠴᠢᠯᠠᠨ ᠬᠠᠮᠠᠭᠠᠯᠠᠯᠲᠠ ᠵᠡᠷᠭᠡ ᠨᠢᠭᠡᠴᠢ ᠲᠡᠶ ᠬᠠᠮᠲᠤᠷᠠᠨ ᠬᠢᠨᠠᠯᠲᠠ ᠬᠠᠮᠢᠶᠠᠷᠤᠯᠲᠠ ᠬᠢᠵᠦ᠍᠂ ᠠᠰᠠᠭᠤᠳᠠᠯ ᠢ᠋ ᠴᠡᠭ᠌ᠴᠡᠯᠡᠨ ᠰᠠᠢᠵᠢᠷᠠᠭᠤᠯᠬᠤ ᠪᠢᠳᠡᠬᠦᠤ ᠬᠡᠯᠬᠢᠶᠡᠳᠤ ᠬᠠᠮᠢᠶᠠᠷᠤᠯᠲᠠ ᠢ᠋ᠢ ᠬᠡᠷᠡᠭ᠌ᠵᠢᠭᠦᠯᠵᠤ ᠡᠬᠢᠯᠡᠪᠡ; ᠪᠠᠷᠢᠯᠭ᠎ᠠ ᠳᠠᠭᠤᠰᠤᠭ᠍ᠰᠠᠨ ᠢ᠋ ᠱᠢᠯᠭᠠᠨ ᠠᠪᠬᠤ ᠭᠣᠭ᠍ᠴᠣᠭᠠ ᠢ᠋ᠢ ᠱᠢᠨ᠎ᠡ ᠪᠡᠷ ᠨᠡᠮᠡᠭ᠌ᠳᠡᠭᠦᠯᠵᠦ᠍᠂ ᠱᠠᠲᠤ ᠬᠤᠪᠢᠶᠠᠨ ᠵᠣᠬᠢᠶᠠᠨ ᠪᠠᠢᠭᠤᠯᠵᠤ ᠬᠠᠮᠲᠤᠷᠠᠨ ᠱᠢᠯᠭᠠᠨ ᠠᠪᠴᠤ᠌᠂ ᠥᠪᠡᠷᠲᠡᠭᠡᠨ ᠵᠠᠰᠠᠬᠤ ᠣᠷᠣᠨ ᠤ᠋ ᠲᠤᠰ ᠱᠠᠲᠤᠨ ᠤ᠋ ᠲᠥᠷᠥᠯ ᠵᠦᠢᠯ ᠢ᠋ ᠥᠪᠡᠷᠲᠡᠭᠡᠨ ᠵᠠᠰᠠᠬᠤ ᠣᠷᠣᠨ ᠤ᠋ ᠵᠠᠮ ᠬᠠᠷᠢᠯᠴᠠᠭᠠᠨ ᠤ᠋ ᠪᠦᠲᠦᠭᠡᠨ ᠪᠠᠢᠭᠤᠯᠤᠯᠲᠠ ᠢ᠋ᠢᠨ ᠪᠠᠷᠢᠯᠭ᠎ᠠ ᠢ᠋ᠢᠨ ᠶᠠᠰᠤ ᠴᠢᠨᠠᠷ ᠲᠤ᠌ ᠬᠢᠨᠠᠯᠲᠠ ᠲᠠᠯᠪᠢᠬᠤ ᠥᠷᠲᠡᠭᠡ ᠪᠡᠷ ᠲᠦᠷᠦᠭᠦᠯᠡᠭᠦᠯᠦᠨ ᠬᠦᠢᠴᠡᠳᠬᠡᠵᠤ᠂ ᠠᠢᠮᠠᠭ ᠬᠣᠲᠠ ᠢ᠋ᠢᠨ ᠲᠥᠷᠥᠯ ᠵᠦᠢᠯ ᠢ᠋ ᠬᠠᠷᠢᠶ᠎ᠠ ᠭᠠᠵᠠᠷ ᠤ᠋ᠨ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠣᠪᠴᠢᠶ᠎ᠠ ᠡᠴᠡ ᠵᠣᠬᠢᠶᠠᠨ ᠪᠠᠢᠭᠤᠯᠵᠤ᠂ ᠵᠠᠰᠠᠮᠠᠯ ᠵᠠᠮ ᠤ᠋ᠨ ᠠᠵᠢᠯᠯᠠᠭᠠᠨ ᠤ᠋ ᠠᠮᠤᠷ ᠲᠦᠪᠱᠢᠨ ᠢ᠋ ᠡᠬᠢ ᠡᠭᠦᠰᠦᠯ ᠡᠴᠡ ᠨᠢ ᠪᠠᠲᠤᠯᠠᠪᠡ᠃