ᠬᠥᠬᠡᠬᠣᠲᠠ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠳᠡᠮᠵᠢᠬᠦ᠌ ᠱᠢᠨ᠎ᠡ ᠲᠥᠷᠥ᠎ᠶ᠋ᠢᠨ ᠪᠣᠳᠣᠯᠭ᠎ᠠ᠎ᠶ᠋ᠢ ᠨᠡᠢᠲᠡᠯᠡᠪᠡ
2026-06-02 09:54:13
ᠵᠣᠬᠢᠶᠠᠭ᠍ᠴᠢ᠄
ᠪᠠᠢ ᠰᠡᠴᠡᠨ
ᠣᠩᠱᠢᠭ᠍ᠰᠠᠨ ᠣᠳᠠᠭ᠎ᠠ᠄
★★★☆☆

ᠲᠦᠷᠦᠭᠦᠭᠡᠨ᠂ ᠰᠤᠷᠪᠤᠯᠵᠢᠯᠠᠭ᠍ᠴᠢ ᠬᠦᠬᠡᠬᠤᠳᠠ ᠵᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠤᠪᠴᠢᠶ᠎ᠠ᠎ᠡᠴᠡ ᠣᠢᠯᠠᠭᠠᠭ᠍ᠰᠠᠨ᠎ᠢᠶᠠᠷ᠂ ᠬᠥᠬᠡᠬᠣᠲᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠣᠪᠴᠢᠶ᠎ᠠ᠎ᠵᠢᠨ ᠬᠢᠨ ᠬᠦᠬᠡᠬᠣᠲᠠ᠎ᠶ᠋ᠢᠨ ᠡᠳ᠋᠎ᠦᠨ ᠵᠠᠰᠠᠭ᠎ᠤᠨ ᠲᠣᠪᠴᠢᠶ᠎ᠠ᠎ᠲᠠᠶ ᠬᠠᠮᠲᠤᠷᠠᠨ 《ᠬᠥᠬᠡᠬᠣᠲᠠ᠎ᠶ᠋ᠢᠨ 〈ᠤᠷᠢᠳ᠎ᠢᠶᠠᠷ ᠪᠠᠯᠠ ᠣᠷᠣᠭᠤᠯᠵᠤ ᠳᠠᠷᠠᠭ᠎ᠠ᠎ᠨᠢ ᠬᠤᠪᠢ ᠣᠷᠣᠭᠤᠯᠬᠤ〉 ᠲᠥᠷᠥᠯ ᠵᠦᠶ᠋ᠯ᠎ᠦᠨ ᠬᠠᠮᠢᠶᠠᠷᠤᠯᠲᠠ᠎ᠶ᠋ᠢᠨ ᠠᠷᠭ᠎ᠠ》 ᠶ᠋ᠢ ᠳᠠᠷᠤᠮᠠᠯᠯᠠᠨ ᠲᠠᠷᠬᠠᠭᠠᠵᠤ᠂ ᠡᠳ᠋᠎ᠦᠨ ᠵᠠᠰᠠᠭ᠎ᠤᠨ ᠪᠠᠯᠠ ᠮᠥᠩᠭᠥ᠎ᠪᠡᠷ ᠳᠡᠮᠵᠢᠬᠦ᠌ ᠠᠷᠭ᠎ᠠ ᠮᠠᠶᠢᠭ᠎ᠤᠨ ᠱᠢᠨ᠎ᠡ᠎ᠶ᠋ᠢ ᠡᠭᠦᠳᠬᠦ᠌᠎ᠪᠡᠷ ᠣᠯᠠᠨ ᠡᠱᠢᠲᠦ ᠬᠥᠷᠥᠩᠭᠡ᠎ᠶ᠋ᠢ ᠬᠥᠲᠥᠯᠥᠨ ᠵᠢᠯᠣᠭᠣᠳᠴᠤ᠌ ᠪᠠᠢᠭᠠᠳ ᠬᠠᠮᠲᠤ᠎ᠪᠠᠷ ᠪᠠᠯᠠ ᠣᠷᠣᠭᠤᠯᠵᠤ᠂ ᠨᠠᠩ ᠣᠯᠠᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠬᠥᠬᠡᠬᠣᠲᠠ᠎ᠳᠤ ᠤᠨᠳᠤᠤᠰᠢᠭᠤᠯᠬᠤ ᠳ᠋ᠤ ᠬᠦᠴᠦᠨ ᠨᠡᠮᠡᠷᠢᠯᠡᠪᠡ᠃

ᠣᠢᠯᠠᠭᠠᠭ᠍ᠰᠠᠨ᠎ᠢᠶᠠᠷ᠂ ᠲᠤᠰ 《ᠠᠷᠭ᠎ᠠ》 ᠳ᠋ᠤ ᠳᠡᠮᠵᠢᠬᠦ᠌ ᠬᠡᠪᠴᠢᠶ᠎ᠡ᠎ᠶ᠋ᠢ ᠲᠣᠳᠣᠷᠬᠠᠶ ᠲᠣᠭ᠍ᠲᠠᠭᠠᠵᠤ᠂ ᠲᠡᠮᠵᠢᠬᠦ ᠴᠠᠭ ᠬᠤᠭᠤᠴᠠᠭ᠎ᠠ ᠵᠢ 5 ᠵᠢᠯ᠎ᠡᠴᠡ ᠬᠡᠲᠦᠷᠡᠬᠦᠯᠬᠦ ᠥᠬᠡᠶ᠂ ᠬᠥᠬᠡᠬᠣᠲᠠ᠎ᠶ᠋ᠢᠨ ᠭᠤᠤᠯᠯᠠᠬᠤ ᠠᠵᠤ ᠦᠶ᠋ᠯᠡᠰ᠎ᠦᠨ ᠴᠢᠭ᠌ᠯᠡᠯ᠎ᠳᠦ ᠨᠡᠢᠴᠡᠭ᠌ᠰᠡᠨ᠂ ᠠᠵᠤ ᠦᠢᠯᠡᠰᠵᠢᠯᠳᠡ ᠵᠢᠨ ᠠᠯᠤᠰ ᠢᠷᠡᠭᠡᠳᠦᠶ᠎ᠲᠡᠶ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠡᠯᠪᠡᠷᠢ᠎ᠶ᠋ᠢᠨ ᠠᠵᠤ ᠠᠬᠤᠢᠯᠠᠯ᠎ᠢ ᠭᠤᠤᠯᠳᠠᠯᠭ᠎ᠠ᠎ᠲᠠᠶ ᠲᠡᠳᠬᠦᠨ᠎ᠠ᠃ ᠳᠠᠩ ᠭᠠᠭ᠍ᠴᠠ ᠲᠥᠷᠦᠯ ᠵᠦᠢᠯ᠎ᠦᠨ ᠡᠳ᠋᠎ᠦᠨ ᠵᠠᠰᠠᠭ᠎ᠦᠨ ᠳᠡᠮᠵᠢᠯᠭᠡ᠎ᠶ᠋ᠢᠨ ᠬᠠᠷᠢᠴᠠᠯ᠎ᠨᠢ ᠭᠤᠶᠤᠴᠢᠯᠠᠨ ᠮᠡᠳᠡᠭᠦᠯᠦᠭ᠌ᠰᠡᠨ ᠶᠡᠷᠦᠩᠬᠡᠢ ᠣᠷᠣᠭᠤᠯᠤᠯᠲᠠ᠎ᠶ᠋ᠢᠨ 50% ᠎ᠡᠴᠠ ᠬᠡᠲᠦᠷᠡᠵᠦ᠍ ᠪᠣᠯᠬᠤ ᠦᠭᠡᠢ᠂ ᠬᠠᠮᠤᠭ᠎ᠤᠨ ᠥᠨᠳᠥᠷ᠎ᠲᠡᠬᠡᠨ 500 ᠲᠦᠮᠡᠨ ᠲᠥᠭᠥᠷᠢᠭ ᠪᠠᠢᠵᠤ᠂ ᠬᠤᠪᠢ ᠱᠢᠯᠵᠢᠭᠦᠯᠦᠭ᠌ᠰᠡᠨ᠎ᠦ ᠳᠠᠷᠠᠭ᠎ᠠ ᠨᠠᠢᠳᠠᠯᠭ᠎ᠠ᠎ᠶ᠋ᠢ ᠬᠦᠯᠢᠶᠡᠭ᠌ᠰᠡᠨ ᠬᠠᠮᠢᠶᠠᠷᠤᠯᠲᠠ᠎ᠶ᠋ᠢᠨ ᠪᠠᠢᠭᠤᠯᠤᠮᠵᠢ᠎ᠨᠢ ᠠᠵᠤ ᠠᠬᠤᠢᠯᠠᠯ᠎ᠤᠨ ᠨᠢᠭᠡᠳᠦᠭᠡᠷ ᠲᠣᠮᠣ ᠬᠤᠪᠢ ᠣᠷᠣᠭᠤᠯᠤᠭ᠍ᠴᠢ ᠪᠣᠯᠵᠤ ᠪᠣᠯᠬᠤ ᠦᠭᠡᠢ᠂ ᠡᠳ᠋᠎ᠦᠨ ᠵᠠᠰᠠᠭ᠎ᠦᠨ ᠪᠡᠯᠡ ᠮᠥᠩᠭᠥ᠎ᠶ᠋ᠢᠨ ᠠᠮᠤᠷ ᠲᠦᠪᠱᠢᠨ᠎ᠢ ᠪᠠᠲᠤᠯᠠᠬᠤ ᠮᠥᠷᠲᠡᠭᠡᠨ ᠪᠠᠰᠠ ᠠᠵᠤ ᠠᠬᠤᠢᠯᠠᠯ᠎ᠤᠨ ᠡᠵᠡᠩᠨᠡᠯᠲᠡ᠎ᠶ᠋ᠢᠨ ᠡᠵᠡᠨ ᠮᠡᠳᠡᠬᠦ᠌ ᠡᠷᠬᠡ᠎ᠶ᠋ᠢ ᠬᠦᠨᠳᠦᠳᠭᠡᠨ᠎ᠡ᠃ ᠡᠭᠦᠨ᠎ᠦ ᠬᠠᠮᠲᠤ᠂ ᠣᠯᠠᠨ ᠳᠠᠪᠬᠤᠷ ᠤᠷᠮᠠᠱᠢᠭᠤᠯᠬᠤ ᠠᠷᠭ᠎ᠠ ᠬᠡᠮᠵᠢᠶ᠎ᠡ ᠨᠢ ᠤᠨᠳᠤᠤᠰᠢᠭᠤᠯᠬᠤ ᠠᠮᠢᠵᠢᠷᠠᠯ᠎ᠤᠨ ᠬᠦᠴᠦᠨ᠎ᠢ ᠬᠥᠭ᠌ᠵᠢᠭᠡᠨ᠎ᠡ᠄ ᠠᠵᠤ ᠠᠬᠤᠢᠯᠠᠯ ᠨᠢ 1 ᠳᠠᠬᠢᠨ᠎ᠡᠴᠡ ᠳᠡᠭᠡᠭ᠌ᠰᠢᠬᠢ ᠭᠠᠳᠠᠨᠠᠬᠢ ᠪᠠᠯᠠ ᠲᠣᠬᠢᠷᠠᠭᠤᠯᠭ᠎ᠠ᠎ᠶ᠋ᠢ ᠣᠯᠵᠤ᠂ ᠪᠣᠷᠣᠯᠠᠭᠤᠯᠭ᠎ᠠ᠎ᠶ᠋ᠢᠨ ᠣᠷᠣᠯᠭ᠎ᠠ ᠨᠢ ᠨᠡᠢᠲᠡ 200 ᠲᠦᠮᠡᠨ ᠲᠥᠭᠥᠷᠢᠭ᠎ᠢ ᠳᠠᠪᠠᠵᠤ᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠦᠨᠡᠯᠡᠨ ᠲᠤᠭᠳᠠᠭᠠᠯᠳᠠ᠎ᠪᠡᠷ ᠳᠡᠮᠵᠢᠨ ᠠᠯᠢ ᠨᠢᠭᠡ ᠨᠥᠬᠥᠴᠡᠯ᠎ᠢ ᠬᠠᠩᠭᠠᠬᠰᠠᠨ ᠪᠠᠢᠪᠠᠯ ᠳᠠᠷᠤᠶ ᠬᠤᠪᠢ ᠱᠢᠯᠵᠢᠭᠦᠯᠬᠦ᠌᠎ᠶ᠋ᠢ ᠡᠬᠢᠯᠡᠭᠦᠯᠵᠦ᠍ ᠪᠣᠯᠤᠨ᠎ᠠ; ᠲᠠᠩ ᠭᠠᠭ᠍ᠴᠠ ᠬᠤᠪᠢ ᠡᠵᠡᠮᠱᠢᠭ᠌ᠰᠡᠨ ᠲᠥᠷᠥᠯ ᠵᠦᠶ᠋ᠯ᠎ᠦᠨ ᠬᠤᠪᠢ᠎ᠵᠢᠨ ᠡᠷᠬᠡ᠎ᠡᠴᠡ ᠤᠬᠤᠷᠢᠨ ᠭᠠᠷᠤᠭ᠍ᠰᠠᠨ ᠠᠱᠢᠭ ᠣᠷᠣᠯᠭ᠎ᠠ᠎ᠶ᠋ᠢᠨ 20% ᠎ᠶ᠋ᠢ ᠠᠵᠤ ᠠᠬᠤᠢᠯᠠᠯ (ᠳᠡᠭᠡᠳᠦ ᠬᠢᠵᠠᠭᠠᠷ ᠨᠢ 100 ᠲᠦᠮᠡᠨ ᠲᠥᠭᠥᠷᠢᠭ) ᠳ᠋ᠤ ᠱᠠᠩᠨᠠᠵᠤ᠂ ᠬᠤᠪᠢ ᠱᠢᠯᠵᠢᠭᠦᠯᠦᠭ᠌ᠰᠡᠨ ᠠᠵᠤ ᠠᠬᠤᠢᠯᠠᠯ᠎ᠢ ᠪᠠᠰᠠ ᠭᠤᠤᠯᠳᠠᠯᠭ᠎ᠠ᠎ᠲᠠᠶ ᠪᠣᠢᠵᠢᠭᠤᠯᠬᠤ ᠳᠡᠮᠵᠢᠯᠭᠡ᠎ᠶ᠋ᠢᠨ ᠬᠥᠮᠥᠷᠭᠡ᠎ᠳᠦ ᠣᠷᠣᠭᠤᠯᠵᠤ᠂ ᠳᠣᠲᠣᠭᠠᠳᠤ ᠬᠥᠳᠡᠯᠭᠡᠬᠦ᠌ ᠬᠦᠴᠦᠨ᠎ᠢ ᠪᠥᠬᠥ᠌ ᠲᠠᠯ᠎ᠠ᠎ᠪᠠᠷ ᠬᠥᠭ᠌ᠵᠢᠭᠡᠨ᠎ᠡ᠃ 《ᠵᠣᠭᠣᠰ ᠥᠭ᠌ᠬᠦ》 ᠡᠴᠡ 《ᠪᠡᠯᠡ ᠣᠷᠣᠭᠤᠯᠬᠤ》 ᠪᠣᠯᠭᠠᠨ ᠬᠤᠪᠢᠷᠠᠭᠤᠯᠤᠭ᠍ᠰᠠᠨ ᠨᠢ ᠡᠳ᠋᠎ᠦᠨ ᠵᠠᠰᠠᠭ᠎ᠤᠨ ᠪᠡᠯᠡ ᠮᠥᠩᠭᠥ᠎ᠪᠡᠷ ᠬᠦᠴᠦᠨ ᠣᠯᠭᠣᠬᠤ ᠣᠢᠯᠠᠭᠠᠭ᠍ᠳᠠᠬᠤᠨ᠎ᠢ ᠳᠡᠰ ᠳᠡᠪᠱᠢᠬᠦᠯᠦᠭ᠌ᠰᠡᠨ᠎ᠢᠶᠡᠷ ᠪᠠᠷᠠᠬᠤ ᠦᠭᠡᠶ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠠᠵᠤ ᠠᠬᠤᠢᠯᠠᠯ᠎ᠤᠨ ᠬᠥᠭ᠌ᠵᠢᠯᠲᠡ᠎ᠶ᠋ᠢᠨ ᠪᠡᠷᠬᠡ ᠰᠡᠳᠦᠪ᠎ᠢ ᠨᠡᠩ ᠰᠠᠢᠳᠤᠷ ᠱᠢᠶ᠋ᠳᠪᠦᠷᠢᠯᠡᠵᠦ᠍᠂ ᠣᠯᠠᠨ ᠡᠱᠢᠲᠦ ᠬᠥᠷᠥᠩᠭᠡ᠎ᠶ᠋ᠢᠨ ᠣᠷᠣᠭᠤᠯᠤᠯᠲᠠ᠎ᠶ᠋ᠢᠨ ᠠᠮᠢᠳᠤᠯᠢᠭ ᠬᠦᠴᠦᠨ᠎ᠢ ᠬᠥᠭ᠌ᠵᠢᠭᠡᠵᠦ᠍᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠤᠨᠳᠤᠤᠰᠢᠭᠤᠯᠬᠤ᠎ᠳᠤ ᠪᠠᠲᠤᠯᠠᠭ᠎ᠠ ᠬᠠᠩᠭᠠᠭ᠍ᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号