ᠲᠥᠷᠥ ᠎ᠶ᠋ᠢᠨ ᠶᠠᠪᠤᠳᠠᠯ᠎ᠤᠨ ᠬᠣᠷᠢᠶ᠎ᠠ 《ᠬᠣᠲᠠ ᠎ᠶ᠋ᠢᠨ ᠱᠢᠨᠡᠴᠢᠯᠡᠯᠲᠡ ᠵᠢᠨ 〈ᠠᠷᠪᠠᠨ ᠲᠠᠪᠤᠳᠤᠭᠠᠷ ᠲᠠᠪᠤᠨ ᠵᠢᠯ 〉 ᠦ᠋ᠨ ᠲᠥᠯᠥᠪᠵᠢᠭᠦᠯᠭᠡ》 ᠶ᠋ᠢ ᠳᠠᠷᠤᠮᠠᠯᠯᠠᠨ ᠲᠠᠷᠬᠠᠭᠠᠪᠠ
2026-06-02 11:12:26
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠲᠥᠷᠥ᠎ᠶ᠋ᠢᠨ ᠶᠠᠪᠤᠳᠠᠯ᠎ᠤᠨ ᠬᠣᠷᠢᠶ᠎ᠠ ᠤᠢᠷ᠎ᠠ᠎ᠳᠦ 《ᠬᠣᠲᠠ᠎ᠶ᠋ᠢᠨ ᠱᠢᠨᠡᠴᠢᠯᠡᠯᠲᠡ ᠵᠢᠨ 〈ᠠᠷᠪᠠᠨ ᠲᠠᠪᠤᠳᠤᠭᠠᠷ ᠲᠠᠪᠤᠨ ᠵᠢᠯ〉 ᠦ᠋ᠨ ᠲᠥᠯᠥᠪᠵᠢᠭᠦᠯᠭᠡ》(ᠲᠤᠷᠤᠭᠰᠢ 《ᠲᠥᠯᠥᠪᠵᠢᠭᠦᠯᠭᠡ 》 ᠭᠡᠵᠦ ᠲᠦᠬᠦᠮᠴᠢᠯᠡᠨ᠎ᠡ) ᠶ᠋ᠢ ᠳᠠᠷᠤᠮᠠᠯᠯᠠᠨ ᠲᠠᠷᠬᠠᠭᠠᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ ᠎ᠤ ᠬᠤᠳᠠ ᠵᠢᠨ ᠱᠢᠨᠡᠴᠢᠯᠡᠯᠲᠡ ᠵᠢᠨ ᠠᠵᠢᠯ᠎ᠤᠨ ᠬᠠᠷᠠᠯᠲᠠ ᠵᠢᠨ ᠭᠦᠢᠴᠡᠳᠭᠡᠯ ᠲᠤᠭ᠎ᠠ᠂ ᠭᠤᠤᠯᠳᠠᠯᠭ᠎ᠠ ᠲᠠᠢ ᠡᠭᠦᠷᠭᠡ᠂ ᠴᠢᠬᠤᠯᠠ ᠶᠡᠬᠡ ᠢᠨᠵᠧᠨᠧᠷᠢᠩ ᠪᠤᠯᠤᠨ ᠲᠦᠷᠦ ᠵᠢᠨ ᠪᠤᠳᠤᠯᠭ᠎ᠠ ᠵᠢᠨ ᠠᠷᠭ᠎ᠠ ᠬᠡᠮᠵᠢᠶ᠎ᠡ ᠵᠢ ᠲᠤᠳᠤᠷᠬᠠᠢᠯᠠᠪᠠ᠃

《ᠲᠥᠯᠥᠪᠵᠢᠭᠦᠯᠭᠡ》 ᠳ᠋ᠤ᠂ ᠰᠢ ᠵᠢᠨ ᠫᠢᠩ ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ ᠎ᠤᠨ ᠣᠨᠴᠠᠯᠢᠭ᠎ᠪᠦᠬᠦᠢ ᠨᠡᠢᠭᠡᠮ ᠵᠢᠷᠤᠮ ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠵᠤ᠂ ᠱᠢᠨ᠎ᠡ ᠬᠥᠭ᠌ᠵᠢᠯᠲᠡ ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ ᠵᠦᠪ ᠣᠨᠣᠪᠴᠢᠲᠠᠶ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ ᠠᠵᠢᠯ ᠎ᠤᠨ ᠶᠡᠷᠦᠩᠬᠡᠢ ᠬᠦᠭ ᠠᠶᠠᠰ ᠎ᠢ ᠪᠠᠷᠢᠮᠲᠠᠯᠠᠵᠤ᠂ ᠠᠷᠠᠳ ᠲᠦᠮᠡᠨ᠎ᠢᠶᠡᠷ ᠭᠣᠣᠯ ᠪᠣᠯᠭᠠᠬᠤ ᠎ᠶ᠋ᠢ ᠪᠠᠷᠢᠮᠲᠠᠯᠠᠵᠤ᠂ ᠱᠢᠰᠲ᠋ᠧᠮ᠎ᠦᠨ ᠦᠵᠡᠯᠲᠡ ᠵᠢ ᠪᠠᠷᠢᠮᠲᠠᠯᠠᠵᠤ᠂ ᠲᠥᠯᠥᠪᠵᠢᠭᠦᠯᠭᠡ᠎ᠪᠡᠷ ᠬᠥᠲᠥᠯᠥᠨ ᠳᠠᠭᠠᠭᠤᠯᠬᠤ᠎ᠶ᠋ᠢ ᠪᠠᠷᠢᠮᠲᠠᠯᠠᠵᠤ᠂ ᠬᠥᠭ᠌ᠵᠢᠯᠲᠡ ᠪᠠ ᠠᠮᠤᠷ ᠲᠦᠪᠱᠢᠨ ᠎ᠢ ᠨᠢᠭᠡᠳᠦᠯᠲᠡᠶ ᠲᠥᠯᠥᠪᠵᠢᠭᠦᠯᠬᠦ ᠎ᠶ᠋ᠢ ᠪᠠᠷᠢᠮᠲᠠᠯᠠᠵᠤ᠂ ᠬᠠᠮᠠᠭᠠᠯᠠᠬᠤ᠎ᠶ᠋ᠢ ᠲᠡᠷᠢᠭᠦᠨ᠎ᠳᠦ ᠲᠠᠯᠪᠢᠬᠤ᠂ ᠬᠠᠮᠠᠭᠠᠯᠠᠪᠠᠰᠤ ᠵᠣᠬᠢᠬᠤ᠎ᠶ᠋ᠢ᠎ᠨᠢ ᠪᠦᠬᠦᠨ ᠎ᠢ ᠬᠠᠮᠠᠭᠠᠯᠠᠬᠤ᠂ ᠬᠡᠷᠡᠭ᠌ᠯᠡᠬᠦ᠌᠎ᠪᠡᠷ ᠬᠠᠮᠠᠭᠠᠯᠠᠬᠤ᠎ᠶ᠋ᠢ ᠠᠬᠢᠭᠤᠯᠬᠤ᠂ ᠭᠠᠵᠠᠷ ᠣᠷᠣᠨ ᠎ᠤ ᠪᠠᠢᠳᠠᠯ᠎ᠳᠠᠭᠠᠨ ᠲᠣᠬᠢᠷᠠᠭᠤᠯᠬᠤ᠂ ᠲᠥᠷᠥᠯ ᠬᠤᠪᠢᠶᠠᠨ ᠵᠢᠯᠣᠭᠣᠳᠭᠤ᠂ ᠴᠢᠳᠠᠯ᠎ᠢᠶᠠᠷ᠎ᠢᠶᠠᠨ ᠴᠢᠷᠮᠠᠢᠬᠤ᠂ ᠴᠢᠳᠠᠯ᠎ᠤᠨ᠎ᠢᠶᠠᠨ ᠬᠢᠷᠢ᠎ᠪᠡᠷ ᠬᠢᠬᠦ ᠵᠢ ᠪᠠᠷᠢᠮᠳᠠᠯᠠᠵᠤ᠂ ᠦᠷᠭᠦᠯᠵᠢᠯᠡᠬᠦ᠌ ᠬᠤᠳᠠ ᠎ᠶ᠋ᠢᠨ ᠱᠢᠨᠡᠴᠢᠯᠡᠯᠲᠡ ᠵᠢᠨ ᠪᠠᠢᠭᠤᠯᠤᠯ ᠲᠣᠭ᠍ᠲᠠᠴᠠ ᠪᠠ ᠲᠦᠷᠦ᠍᠎ᠶ᠋ᠢᠨ ᠪᠤᠳᠤᠯᠭ᠎ᠠ ᠬᠠᠤᠯᠢ ᠲᠣᠭ᠍ᠲᠠᠭᠠᠯ ᠎ᠢ ᠪᠠᠢᠭᠤᠯᠵᠤ᠂ ᠬᠣᠲᠠ ᠎ᠶ᠋ᠢᠨ ᠱᠢᠨᠡᠴᠢᠯᠡᠯᠲᠡ ᠎ᠶ᠋ᠢ ᠴᠢᠨᠠᠷ ᠰᠠᠢᠲᠠᠶ ᠠᠬᠢᠭᠤᠯᠵᠤ᠂ ᠣᠳᠣᠬᠢᠴᠢᠯᠠᠭ᠍ᠰᠠᠨ ᠠᠷᠠᠳ᠎ᠤᠨ ᠬᠣᠲᠠ᠎ᠶ᠋ᠢ ᠪᠦᠲᠦᠭᠡᠨ ᠪᠠᠢᠭᠤᠯᠬᠤ᠎ᠳᠤ ᠪᠠᠲᠤ ᠪᠡᠬᠢ ᠰᠠᠭᠤᠷᠢ ᠬᠠᠩᠭᠠᠨ᠎ᠠ ᠭᠡᠵᠦ ᠴᠢᠬᠤᠯᠠᠴᠢᠯᠠᠪᠠ᠃

《ᠲᠥᠯᠥᠪᠵᠢᠭᠦᠯᠭᠡ》 ᠳ᠋ᠤ᠂ 2030 ᠣᠨ ᠪᠣᠯᠬᠤ᠎ᠳᠤ᠂ ᠬᠤᠲᠠ᠎ᠶ᠋ᠢᠨ ᠱᠢᠨᠡᠴᠢᠯᠡᠯᠲᠡ᠎ᠶ᠋ᠢᠨ ᠠᠵᠢᠯᠯᠠᠭ᠎ᠠ ᠴᠢᠬᠤᠯᠠ ᠠᠬᠢᠴᠠ᠎ᠲᠠᠶ ᠪᠤᠯᠵᠤ᠂ ᠬᠤᠲᠠ᠎ᠶ᠋ᠢᠨ ᠨᠡᠭᠡᠭᠡᠨ ᠬᠥᠭ᠌ᠵᠢᠭᠦᠯᠦᠯᠲᠡ ᠪᠦᠲᠦᠭᠡᠨ ᠪᠠᠢᠭᠤᠯᠤᠯᠲᠠ᠎ᠶ᠋ᠢᠨ ᠠᠷᠭ᠎ᠠ ᠬᠡᠯᠪᠡᠷᠢ᠎ᠶ᠋ᠢ ᠬᠤᠪᠢᠷᠠᠭᠤᠯᠬᠤ ᠠᠵᠢᠯ ᠠᠩᠬ᠎ᠠ ᠠᠯᠬᠤᠮ᠎ᠤᠨ ᠠᠮᠵᠢᠯᠲᠠ ᠣᠯᠵᠤ᠂ ᠠᠮᠤᠷ ᠲᠦᠪᠱᠢᠨ ᠬᠥᠭ᠌ᠵᠢᠯᠲᠡ᠎ᠶ᠋ᠢᠨ ᠰᠠᠭᠤᠷᠢ ᠨᠡᠩ ᠪᠡᠬᠢᠵᠢᠵᠦ᠍᠂ ᠦᠢᠯᠡᠴᠢᠯᠡᠭᠡᠨ᠎ᠦ ᠦᠷ᠎ᠡ ᠪᠦᠲᠦᠮᠵᠢ ᠲᠠᠰᠤᠷᠠᠯᠲᠠ ᠦᠭᠡᠢ ᠳᠡᠭᠡᠭ᠌ᠰᠢᠯᠡᠵᠦ᠍᠂ ᠣᠷᠣᠱᠢᠨ ᠰᠠᠭᠤᠬᠤ ᠣᠷᠴᠢᠨ ᠲᠣᠭᠣᠷᠢᠨ ᠮᠡᠳᠡᠭ᠌ᠳᠡᠮ᠎ᠡ ᠰᠠᠢᠵᠢᠷᠠᠵᠤ᠂ ᠱᠢᠨ᠎ᠡ ᠬᠠᠭᠤᠴᠢᠨ ᠬᠥᠳᠡᠯᠭᠡᠬᠦ᠌ ᠡᠨᠧᠷᠭᠢ ᠲᠦᠷᠭᠡᠨ ᠰᠣᠯᠢᠭ᠍ᠳᠠᠵᠤ᠂ ᠰᠣᠶᠣᠯ᠎ᠤᠨ ᠥᠪ᠎ᠢ ᠪᠦᠲᠦᠮᠵᠢᠲᠡᠢ ᠬᠠᠮᠠᠭᠠᠯᠠᠵᠤ᠂ ᠳᠦᠷᠢ ᠲᠥᠷᠬᠦ᠌᠎ᠶ᠋ᠢᠨ ᠣᠨᠴᠠᠯᠢᠭ᠎ᠢ ᠨᠡᠩ ᠢᠯᠡᠷᠡᠭᠦᠯᠵᠦ᠍᠂ ᠵᠠᠰᠠᠯᠲᠠ᠎ᠶ᠋ᠢᠨ ᠲᠦᠪᠱᠢᠨ᠎ᠢ ᠶᠡᠬᠡ᠎ᠪᠡᠷ ᠳᠡᠭᠡᠭ᠌ᠰᠢᠯᠡᠭᠦᠯᠵᠦ᠍᠂ ᠬᠤᠲᠠ᠎ᠶ᠋ᠢ ᠠᠷᠠᠳ ᠤᠯᠠᠨ᠎ᠤ ᠴᠢᠨᠠᠷ ᠰᠠᠢᠲᠠᠢ ᠠᠮᠢᠳᠤᠷᠠᠯ᠎ᠤᠨ ᠣᠷᠣᠨ ᠵᠠᠢ ᠪᠣᠯᠭᠠᠨ᠎ᠠ ᠭᠡᠵᠦ᠍ ᠳᠤᠷᠠᠳᠴᠠᠢ᠃

《ᠲᠥᠯᠥᠪᠵᠢᠭᠦᠯᠭᠡ》 ᠨᠢ ᠱᠢᠨ᠎ᠡ᠎ᠶ᠋ᠢ ᠡᠭᠦᠳᠬᠦ᠂ ᠤᠷᠤᠰᠢᠨ ᠰᠠᠭᠤᠷᠢᠱᠢᠬᠤ᠎ᠳᠤ ᠲᠣᠬᠢᠷᠠᠮᠵᠢᠲᠠᠶ᠂ ᠭᠤᠤ᠎ᠠ ᠰᠠᠢᠬᠠᠨ᠂ ᠤᠶᠠᠨ ᠬᠠᠳᠠᠨ᠂ ᠪᠣᠯᠪᠠᠰᠤᠨ᠂ ᠣᠶᠤᠨᠴᠢ ᠣᠳᠣᠬᠢᠴᠢᠯᠠᠭ᠍ᠰᠠᠨ ᠠᠷᠠᠳ᠎ᠤᠨ ᠬᠣᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠬᠠᠷᠠᠯᠲᠠ ᠲᠠᠢ ᠬᠠᠷᠭᠤᠭᠤᠯᠵᠤ᠂ ᠬᠤᠳᠠ᠎ᠶ᠋ᠢᠨ ᠬᠥᠭ᠌ᠵᠢᠯᠲᠡ᠎ᠶ᠋ᠢᠨ ᠱᠢᠨ᠎ᠡ ᠬᠥᠳᠡᠯᠭᠡᠬᠦ᠌ ᠡᠨᠧᠷᠭᠢ᠎ᠶ᠋ᠢ ᠪᠣᠢᠵᠢᠭᠤᠯᠤᠨ ᠪᠤᠵᠠᠭᠠᠢᠷᠠᠭᠤᠯᠬᠤ᠂ ᠴᠢᠨᠠᠷ ᠰᠠᠢᠲᠠᠶ ᠬᠣᠲᠠ᠎ᠶ᠋ᠢᠨ ᠠᠮᠢᠳᠤᠷᠠᠯ᠎ᠤᠨ ᠣᠷᠣᠨ ᠵᠠᠶ᠎ᠶ᠋ᠢ ᠪᠤᠢ ᠪᠣᠯᠭᠠᠬᠤ᠂ ᠬᠣᠲᠠ᠎ᠶ᠋ᠢᠨ ᠬᠥᠭ᠌ᠵᠢᠯᠲᠡ᠎ᠶ᠋ᠢᠨ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠲᠦ ᠲᠡᠢᠰᠢ ᠬᠡᠯᠪᠡᠷᠢ ᠪᠠᠨ ᠬᠤᠪᠢᠷᠠᠭᠤᠯᠬᠤ᠎ᠶ᠋ᠢ ᠠᠬᠢᠭᠤᠯᠬᠤ᠂ ᠬᠣᠲᠠ᠎ᠶ᠋ᠢᠨ ᠠᠮᠤᠷ ᠲᠦᠪᠱᠢᠨ᠎ᠦ ᠤᠶᠠᠨ ᠬᠠᠳᠠᠨ ᠴᠢᠨᠠᠷ ᠎ᠢ ᠴᠢᠩᠭᠠᠳᠬᠠᠬᠤ᠂ ᠬᠣᠲᠠ᠎ᠶ᠋ᠢᠨ ᠰᠣᠶᠣᠯ ᠎ᠤᠨ ᠴᠡᠴᠡᠭ᠌ᠯᠡᠯᠲᠡ ᠬᠥᠭ᠌ᠵᠢᠯᠲᠡ᠎ᠶ᠋ᠢ ᠠᠬᠢᠭᠤᠯᠬᠤ᠂ ᠬᠣᠲᠠ᠎ᠶ᠋ᠢᠨ ᠵᠠᠰᠠᠯᠲᠠ᠎ᠶ᠋ᠢᠨ ᠴᠢᠳᠠᠪᠤᠷᠢ ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌ 6 ᠲᠠᠯ᠎ᠠ᠎ᠶ᠋ᠢᠨ ᠭᠤᠤᠯᠳᠠᠯᠭ᠎ᠠ᠎ᠲᠠᠶ ᠡᠭᠦᠷᠭᠡ ᠵᠢ ᠪᠠᠢᠷᠢᠯᠠᠭᠤᠯᠵᠤ᠂ ᠬᠣᠲᠠ᠎ᠶ᠋ᠢᠨ ᠱᠢᠨᠡᠴᠢᠯᠡᠯᠲᠡ ᠵᠢᠨ  ᠬᠡᠷᠡᠭ᠌ᠵᠢᠭᠦᠯᠬᠦ᠌ ᠲᠣᠭ᠍ᠲᠠᠴᠠ᠎ᠶ᠋ᠢ ᠪᠦᠷᠢᠨᠱᠢᠭᠦᠯᠬᠦ᠌᠂ ᠦᠷᠭᠦᠯᠵᠢᠯᠡᠬᠦ ᠬᠣᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠡᠵᠡᠩᠨᠡᠯᠲᠡ᠎ᠶ᠋ᠢᠨ ᠪᠡᠯᠡ ᠣᠷᠣᠭᠤᠯᠵᠤ ᠪᠡᠯᠡ ᠬᠤᠷᠠᠮᠳᠤᠭᠤᠯᠬᠤ ᠱᠢᠰᠲ᠋ᠧᠮ᠎ᠢ ᠪᠠᠢᠭᠤᠯᠬᠤ᠂ ᠨᠥᠭᠡᠴᠡ ᠭᠠᠵᠠᠷ ᠱᠢᠷᠣᠶ᠎ᠶ᠋ᠢ ᠠᠮᠢᠳᠤᠯᠢᠭ ᠪᠣᠯᠭᠠᠬᠤ᠎ᠶ᠋ᠢ ᠨᠠᠩ ᠶᠡᠬᠡ ᠡᠷᠴᠢᠮ᠎ᠢᠶᠡᠷ ᠳᠡᠮᠵᠢᠬᠦ᠂ ᠭᠡᠷ ᠪᠠᠢᠱᠢᠩ᠎ᠤᠨ ᠪᠦᠬᠦ᠌ ᠠᠮᠢ ᠨᠠᠰᠤᠨ᠎ᠤ ᠦᠶᠡᠯᠡᠯ᠎ᠦᠨ ᠬᠤᠭᠤᠴᠠᠭᠠᠨ᠎ᠤ ᠠᠮᠤᠷ ᠲᠦᠪᠱᠢᠨ᠎ᠦ ᠬᠠᠮᠢᠶᠠᠷᠤᠯᠲᠠ᠎ᠶ᠋ᠢᠨ ᠳᠦᠷᠢᠮ᠎ᠢ ᠪᠠᠢᠭᠤᠯᠬᠤ᠂ ᠣᠯᠠᠨ ᠭᠤᠤᠯ ᠴᠣᠭ᠍ᠴᠠ᠎ᠶ᠋ᠢᠨ ᠬᠠᠮᠵᠢᠯᠴᠠᠨ ᠣᠷᠣᠯᠴᠠᠬᠤ ᠲᠣᠭ᠍ᠲᠠᠴᠠ᠎ᠶ᠋ᠢ ᠪᠠᠢᠭᠤᠯᠬᠤ᠂ ᠬᠠᠤᠯᠢ ᠴᠠᠭᠠᠵᠠ ᠬᠠᠤᠯᠢ ᠲᠣᠭ᠍ᠲᠠᠭᠠᠯ᠎ᠤᠨ ᠪᠠᠷᠢᠮᠵᠢᠶ᠎ᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠬᠦ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠴᠢᠳᠠᠪᠤᠷᠢᠲᠠᠨ᠎ᠤ ᠲᠤᠯᠭᠠᠭᠤᠷᠢᠯᠠᠬᠤ ᠦᠶ᠋ᠯᠡᠳᠦᠯ᠎ᠢ ᠴᠢᠩᠭᠠᠳᠭᠠᠬᠤ 7 ᠲᠠᠯ᠎ᠠ᠎ᠶ᠋ᠢᠨ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ ᠵᠢ ᠳᠤᠷᠠᠳᠪᠠ᠃ ᠡᠭᠦᠨ᠎ᠦ ᠬᠠᠮᠲᠤ᠂ 《ᠰᠠᠢᠨ ᠬᠡᠷ ᠪᠠᠢᠱᠢᠩ》 ᠢ᠋ ᠪᠥᠲᠥᠭᠡᠨ ᠪᠠᠢᠭᠤᠯᠵᠤ ᠥᠭᠡᠷᠡᠴᠢᠯᠡᠨ ᠱᠢᠨᠡᠳᠭᠡᠬᠦ᠌᠂ ᠪᠦᠷᠢᠨ ᠪᠦᠲᠦᠨ ᠨᠡᠢᠭᠡᠮ ᠲᠣᠭᠣᠷᠢᠭ᠎ᠤᠨ ᠪᠥᠲᠥᠭᠡᠨ ᠪᠠᠢᠭᠤᠯᠤᠯᠲᠠ᠎ᠶ᠋ᠢᠨ ᠬᠡᠪᠴᠢᠶ᠎ᠡ᠎ᠶ᠋ᠢ ᠥᠷᠭᠡᠳᠭᠡᠵᠦ᠍ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠂ ᠬᠠᠭᠤᠴᠢᠨ ᠵᠡᠭᠡᠯᠢ ᠲᠣᠭᠣᠷᠢᠭ᠎ᠤᠨ ᠦᠶ᠋ᠯᠡᠳᠪᠦᠷᠢ᠎ᠶ᠋ᠢᠨ ᠲᠣᠭᠣᠷᠢᠭ᠎ᠢ ᠥᠭᠡᠷᠡᠴᠢᠯᠡᠨ ᠱᠢᠨᠡᠳᠭᠡᠬᠦ᠌᠂ ᠬᠣᠲᠠ᠎ᠶ᠋ᠢᠨ ᠶᠠᠪᠤᠳᠠᠯ᠎ᠤᠨ ᠰᠠᠭᠤᠷᠢ ᠲᠥᠬᠥᠭᠡᠷᠦᠮᠵᠢ᠎ᠶ᠋ᠢ ᠳᠡᠭᠡᠭ᠌ᠰᠢᠯᠡᠭᠦᠯᠬᠦ᠌ ᠵᠡᠷᠭᠡ 14 ᠵᠦᠶ᠋ᠯ᠎ᠦᠨ ᠴᠢᠬᠤᠯᠠ ᠶᠡᠬᠡ ᠢᠨᠵᠧᠨᠧᠷᠢᠩ ᠪᠠ ᠠᠵᠢᠯᠯᠠᠭ᠎ᠠ᠎ᠶ᠋ᠢ ᠲᠣᠳᠣᠷᠬᠠᠢᠯᠠᠪᠠ᠃

《ᠲᠥᠯᠥᠪᠵᠢᠭᠦᠯᠭᠡ》ᠳ᠋ᠤ᠂ ᠨᠠᠮ ᠎ᠤᠨ ᠲᠥᠪ ᠬᠤᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠵᠤ᠂ ᠲᠥᠪ᠎ᠡᠴᠡ ᠨᠢᠭᠡᠳᠦᠯᠲᠡᠢ ᠲᠥᠯᠥᠪᠵᠢᠭᠦᠯᠬᠦ᠌᠂ ᠮᠤᠵᠢ᠎ᠡᠴᠡ ᠶᠡᠷᠦᠩᠬᠡᠢ ᠬᠠᠷᠢᠭᠤᠴᠠᠯᠭ᠎ᠠ᠎ᠶ᠋ᠢ ᠡᠭᠦᠷᠭᠡᠯᠡᠬᠦ᠌᠂ ᠬᠤᠳᠠ᠎ᠡᠴᠡ ᠨᠠᠢᠳᠠᠪᠤᠷᠢᠵᠢᠭᠤᠯᠤᠯᠲᠠ᠎ᠶ᠋ᠢ ᠠᠳᠭᠤᠬᠤ ᠠᠵᠢᠯ᠎ᠤᠨ ᠪᠠᠢᠷᠢᠱᠢᠯ᠎ᠢ ᠪᠠᠢᠭᠤᠯᠬᠤ ᠬᠡᠷᠡᠭ᠌ᠲᠡᠢ᠃ ᠡᠯ᠎ᠡ ᠮᠣᠵᠢ(ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠣᠲᠠ)ᠶ᠋ᠢᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠲᠤᠰ ᠭᠠᠵᠠᠷ ᠣᠷᠣᠨ᠎ᠤ᠎ᠪᠠᠨ ᠬᠣᠲᠠ᠎ᠶ᠋ᠢᠨ ᠱᠢᠨᠡᠴᠢᠯᠡᠯᠲᠡ ᠵᠢᠨ ᠬᠠᠷᠠᠯᠲᠠ᠂ ᠡᠭᠦᠷᠭᠡ ᠪᠣᠯᠤᠨ ᠠᠷᠭ᠎ᠠ ᠬᠡᠮᠵᠢᠶ᠎ᠡ ᠎ᠪᠡᠨ ᠲᠣᠳᠣᠷᠬᠠᠢᠯᠠᠬᠤ ᠬᠡᠷᠡᠭ᠌ᠲᠡᠶ᠃ ᠡᠯ᠎ᠡ ᠬᠣᠲᠠ᠎ᠶ᠋ᠢᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠬᠠᠷᠢᠭᠤᠴᠠᠯᠭ᠎ᠠ᠎ᠪᠠᠨ ᠦᠨᠡᠨ ᠬᠦ᠌ ᠭᠦᠢᠴᠡᠳᠭᠡᠵᠦ᠍᠂ ᠭᠣᠣᠯᠳᠠᠯᠭ᠎ᠠ᠎ᠲᠠᠶ ᠡᠭᠦᠷᠭᠡ᠎ᠪᠡᠨ ᠨᠠᠷᠢᠯᠢᠭ᠍ᠵᠢᠭᠤᠯᠤᠨ ᠨᠠᠢᠳᠠᠪᠤᠷᠢᠵᠢᠭᠤᠯᠵᠤ᠂ ᠤᠷᠤᠭ᠍ᠰᠢᠲᠠᠶ ᠬᠡᠷᠡᠭ᠌ᠵᠢᠭᠦᠯᠬᠦ᠌᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃ ᠣᠷᠣᠨ ᠰᠠᠭᠤᠴᠠ ᠬᠣᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠶᠠᠮᠤᠨ᠎ᠡᠴᠡ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠲᠡᠶ ᠬᠠᠮᠲᠤᠷᠠᠨ ᠨᠢᠭᠡᠳᠦᠯᠲᠡᠶ ᠲᠥᠯᠥᠪᠯᠡᠨ ᠵᠢᠯᠣᠭᠣᠳᠭᠤ ᠪᠠ ᠵᠣᠬᠢᠴᠠᠭᠤᠯᠤᠨ ᠳᠡᠮᠵᠢᠬᠦ᠌᠎ᠪᠡᠨ ᠴᠢᠩᠭᠠᠳᠭᠠᠬᠤ ᠬᠡᠷᠡᠭ᠌ᠲᠡᠶ ᠭᠡᠵᠦ ᠱᠠᠭᠠᠷᠳᠠᠪᠠ᠃



ᠰᠢᠨᠬᠤᠸᠠ ᠬᠤᠷᠢᠶ᠎ᠠ ᠵᠢᠨ ᠪᠡᠭᠡᠵᠢᠩ᠎ᠤᠨ ᠴᠠᠬᠢᠯᠭᠠᠨ ᠮᠡᠳᠡᠭᠡ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号