ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠲᠦᠷᠦᠭᠦᠬᠡᠨ 《 ᠴᠡᠷᠢᠭ ᠠᠩᠭᠢ᠎ᠶ᠋ᠢᠨ ᠳᠡᠭᠡᠳᠦ ᠵᠡᠷᠭᠡ᠎ᠶ᠋ᠢᠨ ᠺᠠᠳ᠋ᠷᠴᠤᠳ᠎ᠤᠨ ᠬᠥᠮᠦᠵᠢᠯ ᠬᠠᠮᠢᠶᠠᠷᠤᠯᠲᠠ ᠬᠢᠨᠠᠯᠲᠠ᠎ᠶ᠋ᠢ ᠴᠢᠩᠭᠠᠳᠭᠠᠬᠤ ᠲᠤᠬᠠᠶ ᠠᠷᠭ᠎ᠠ ᠬᠡᠮᠵᠢᠶ᠎ᠡ᠎ᠨᠦᠭᠦᠳ 》 (ᠳᠣᠷᠣᠭ᠍ᠰᠢ 《ᠠᠷᠭ᠎ᠠ ᠬᠡᠮᠵᠢᠶ᠎ᠡ᠎ᠨᠦᠭᠦᠳ 》 ᠭᠡᠵᠦ᠍ ᠲᠦᠬᠦᠮᠴᠢᠯᠡᠨ᠎ᠠ ) ᠢ᠋ ᠳᠠᠷᠤᠮᠠᠯᠯᠠᠨ ᠲᠠᠷᠬᠠᠭᠠᠪᠠ᠃
《ᠠᠷᠭ᠎ᠠ ᠬᠡᠮᠵᠢᠶ᠎ᠡ᠎ᠨᠦᠭᠦᠳ》 ᠨᠢ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠰᠢ ᠵᠢᠨ ᠫᠢᠩ᠎ᠦᠨ ᠴᠡᠷᠢᠭ᠎ᠢ ᠬᠦᠴᠦᠷᠬᠡᠭ᠌ᠵᠢᠭᠦᠯᠬᠦ᠌ ᠦᠵᠡᠯ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠱᠢᠨ᠎ᠡ ᠴᠠᠭ ᠦᠶ᠎ᠡ᠎ᠶ᠋ᠢᠨ ᠤᠯᠤᠰ ᠲᠥᠷᠥ᠎ᠪᠡᠷ ᠴᠡᠷᠢᠭ᠎ᠢ ᠪᠠᠢᠭᠤᠯᠬᠤ ᠠᠷᠭ᠎ᠠ ᠪᠣᠳᠣᠯᠭ᠎ᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠵᠤ᠂ ᠱᠢᠨ᠎ᠡ ᠴᠠᠭ ᠦᠶ᠎ᠡ᠎ᠶ᠋ᠢᠨ ᠪᠥᠬᠥ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠂ ᠪᠥᠬᠥ᠌ ᠲᠠᠯ᠎ᠠ᠎ᠪᠠᠷ ᠴᠡᠷᠢᠭ᠎ᠢ ᠴᠢᠩᠭ᠎ᠠ ᠵᠠᠰᠠᠬᠤ ᠦᠶ᠋ᠯᠡᠳᠦᠯᠭᠡ᠎ᠶ᠋ᠢᠨ ᠲᠤᠷᠱᠢᠯᠭ᠎ᠠ ᠪᠣᠯᠤᠨ ᠲᠦᠷᠢᠮ᠎ᠦᠨ ᠦᠷ᠎ᠡ ᠪᠦᠲᠦᠭᠡᠯ᠎ᠢ ᠳ᠋ᠦᠩᠨᠡᠨ ᠬᠡᠷᠡᠭ᠌ᠯᠡᠵᠦ᠍᠂ ᠦᠵᠡᠯ ᠰᠠᠨᠠᠭᠠᠨ᠎ᠤ ᠰᠤᠷᠲᠠᠯ ᠴᠡᠭ᠌ᠴᠡᠯᠡᠯᠳᠠ᠂ ᠤᠯᠤᠰ ᠲᠥᠷᠥ᠎ᠶ᠋ᠢᠨ ᠴᠡᠭ᠌ᠴᠡᠯᠡᠯᠳᠠ ᠪᠣᠯᠪᠠᠰᠤᠷᠠᠯ᠎ᠢ ᠭᠦᠨᠵᠡᠭᠡᠢᠷᠡᠭᠦᠯᠬᠦ᠌ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠵᠤ᠂ ᠴᠢᠩᠭ᠎ᠠ ᠬᠥᠮᠦᠵᠢᠭᠦᠯᠬᠦ᠌᠂ ᠴᠢᠩᠭ᠎ᠠ ᠬᠠᠮᠢᠶᠠᠷᠬᠤ᠂ ᠴᠢᠩᠭ᠎ᠠ ᠬᠢᠨᠠᠯᠲᠠ ᠲᠠᠯᠪᠢᠬᠤ ᠲᠡᠮᠦᠷ ᠮᠡᠲᠦ ᠬᠠᠳᠠᠭᠤ ᠴᠢᠩᠭ᠎ᠠ ᠶᠣᠰᠣ ᠲᠦᠷᠢᠮ᠎ᠢ ᠦᠨᠡᠨ ᠬᠦ᠌ ᠲᠣᠭ᠍ᠲᠠᠭᠠᠪᠠ᠃
《ᠠᠷᠭ᠎ᠠ ᠬᠡᠮᠵᠢᠶ᠎ᠡ᠎ᠨᠦᠭᠦᠳ》 ᠨᠢ ᠨᠡᠢᠲᠡ 7 ᠲᠠᠯ᠎ᠠ 26 ᠵᠦᠶ᠋ᠯ ᠪᠤᠢ᠂ ᠰᠠᠬᠢᠯᠭ᠎ᠠ ᠪᠠᠲᠤ᠎ᠶ᠋ᠢ ᠴᠢᠨᠭᠳᠠᠯᠠᠵᠤ ᠰᠡᠷᠡᠮᠵᠢᠯᠠᠬᠦᠯᠦᠨ ᠦᠢᠯᠡ ᠠᠵᠢᠯᠯᠠᠭ᠎ᠠ ᠵᠢ ᠵᠢᠷᠤᠮᠵᠢᠭᠤᠯᠵᠤ᠂ ᠳᠡᠭᠡᠷᠡᠬᠢ ᠨᠢ ᠳᠤᠤᠷᠠᠬᠢ᠎ᠪᠠᠨ ᠴᠢᠩᠭ᠎ᠠ ᠬᠠᠮᠢᠶᠠᠷᠬᠤ᠂ ᠬᠠᠷᠢᠭᠤᠴᠠᠯᠭ᠎ᠠ᠎ᠶ᠋ᠢ ᠴᠢᠩᠭ᠎ᠠ ᠲᠣᠳᠣᠷᠬᠠᠢᠯᠠᠵᠤ ᠦᠨᠡᠨ ᠬᠦ᠌ ᠨᠠᠢᠳᠠᠪᠤᠷᠢᠵᠢᠭᠤᠯᠬᠤ ᠳ᠋ᠤ ᠠᠨᠭᠬᠠᠷᠤᠯ ᠵᠢᠡᠨ ᠲᠦᠪᠯᠡᠷᠡᠬᠦᠯᠵᠤ᠂ ᠦᠵᠡᠯ ᠰᠠᠨᠠᠭᠠᠨ᠎ᠤ ᠥᠭᠡᠷᠡᠴᠢᠯᠡᠯᠲᠡ᠎ᠶ᠋ᠢᠨ ᠤᠬᠠᠮᠰᠠᠷᠲᠤ ᠴᠢᠨᠠᠷ ᠪᠠ ᠲᠤᠢᠯᠪᠤᠷᠢ᠎ᠲᠤ ᠴᠢᠨᠠᠷ᠎ᠢ ᠴᠢᠩᠭᠠᠳᠭᠠᠬᠤ᠂ ᠨᠠᠮ᠎ᠤᠨ ᠬᠣᠷᠢᠶ᠎ᠠ ᠵᠢᠨ ᠬᠠᠮᠲᠤ᠎ᠶ᠋ᠢᠨ ᠤᠳᠤᠷᠢᠳᠤᠯᠭ᠎ᠠ᠎ᠶ᠋ᠢ ᠴᠢᠩᠭᠠᠳᠭᠠᠬᠤ᠂ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠤᠨ ᠵᠠᠷᠴᠢᠮᠲᠤ ᠴᠢᠨᠠᠷ ᠳᠠᠢᠴᠢᠨ ᠴᠢᠨᠠᠷ᠎ᠢ ᠴᠢᠩᠭᠠᠳᠭᠠᠬᠤ᠂ ᠨᠠᠮ ᠡᠴᠡ ᠺᠠᠳ᠋ᠷ᠎ᠢ ᠬᠠᠮᠢᠶᠠᠷᠬᠤ ᠵᠣᠬᠢᠶᠠᠨ ᠪᠠᠢᠭᠤᠯᠤᠯᠲᠠ ᠡᠴᠡ ᠬᠥᠮᠦᠨ ᠰᠣᠩᠭᠣᠬᠤ᠎ᠶ᠋ᠢ ᠪᠠᠷᠢᠮᠲᠠᠯᠠᠵᠤ᠂ ᠭᠣᠣᠯ ᠤᠳᠤᠷᠢᠳᠤᠯᠭ᠎ᠠ᠎ᠶ᠋ᠢᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠬᠤ ᠵᠡᠷᠭᠡ ᠲᠦᠷᠢᠮ ᠲᠣᠭ᠍ᠲᠠᠭᠠᠯ ᠢ ᠲᠣᠳᠣᠷᠬᠠᠢ ᠲᠣᠭ᠍ᠲᠠᠭᠠᠬᠤ ᠵᠢᠨ ᠲᠤᠭᠤᠷᠢᠨ ᠳ᠋ᠤ᠂ ᠪᠠᠢᠨᠭᠭᠤ ᠴᠢᠩᠭ᠎ᠠ ᠠᠳᠭᠤᠬᠤ᠂ ᠠᠭᠤᠰᠤᠯᠴᠠᠭᠤᠯᠤᠨ ᠨᠡᠪᠲᠡᠷᠡᠯᠴᠡᠭᠦᠯᠦᠭ᠌ᠰᠡᠨ ᠬᠥᠮᠦᠵᠢᠯ ᠬᠠᠮᠢᠶᠠᠷᠤᠯᠲᠠ ᠬᠢᠨᠠᠯᠲᠠ ᠶ᠋ᠢ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠍ ᠡᠷᠬᠡ᠎ᠪᠡᠨ ᠬᠡᠷᠡᠭ᠌ᠯᠡᠬᠦ᠌ ᠪᠦᠬᠦ᠌ ᠶᠠᠪᠤᠴᠠ᠂ ᠠᠵᠢᠯ ᠠᠮᠢᠳᠤᠷᠠᠯ᠎ᠤᠨ ᠡᠯ᠎ᠡ ᠲᠠᠯ᠎ᠠ ᠳ᠋ᠤ ᠲᠤᠭᠤᠰᠢᠯᠠᠭᠤᠯᠵᠤ᠂ ᠳᠡᠭᠡᠳᠦ ᠵᠡᠷᠭᠡ ᠶ᠋ᠢᠨ ᠺᠠᠳ᠋ᠷ ᠤᠨ ᠡᠩᠨᠡᠭᠡ᠎ᠶ᠋ᠢᠨ ᠬᠤᠪᠢᠰᠭᠠᠯᠲᠤ ᠴᠢᠨᠠᠷ᠎ᠤᠨ ᠳᠠᠪᠲᠠᠠᠪᠤᠯᠪᠠᠰᠤᠷᠠᠯᠳᠠ ᠶ᠋ᠢ ᠠᠬᠢᠭᠤᠯᠵᠤ᠂ ᠴᠣ ᠱᠢᠨ᠎ᠡ ᠤᠯᠤᠰ ᠲᠥᠷᠥ ᠶ᠋ᠢᠨ ᠳᠦᠷᠰᠦ ᠪᠠᠢᠳᠠᠯ᠎ᠢᠶᠠᠷ ᠳᠠᠷᠤᠭ᠎ᠠ ᠪᠠᠢᠯᠳᠤᠭ᠍ᠴᠢᠳ᠎ᠢ ᠳᠠᠭᠠᠭᠤᠯᠤᠨ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ᠎ᠶ᠋ᠢᠨ ᠣᠳᠣᠬᠢᠴᠢᠯᠠᠯᠲᠠ᠎ᠶ᠋ᠢ ᠴᠢᠨᠠᠷ ᠰᠠᠢᠲᠠᠶ ᠠᠬᠢᠭᠤᠯᠵᠤ᠂ ᠨᠠᠮ ᠪᠠ ᠠᠷᠠᠳ ᠲᠦᠮᠡᠨ ᠡᠴᠡ ᠣᠯᠭᠣᠭ᠍ᠰᠠᠨ ᠲᠡᠦᠬᠡᠨ ᠬᠦᠨᠳᠦ ᠡᠭᠦᠷᠭᠡ᠎ᠶ᠋ᠢ ᠡᠭᠦᠷᠭᠡᠯᠡᠬᠦ ᠪᠤᠯᠤᠨ᠎ᠠ᠃
(ᠱᠢᠨᠬᠤᠸᠠ ᠬᠣᠷᠢᠶ᠎ᠠ ᠵᠢᠨ ᠪᠡᠭᠡᠵᠢᠩ᠎ᠦᠨ 5 ᠰᠠᠷ᠎ᠠ᠎ᠶ᠋ᠢᠨ 27 ᠤ᠋ ᠴᠠᠬᠢᠯᠭᠠᠨ ᠮᠡᠳᠡᠭᠡ)