ᠥᠪᠥᠷ ᠮᠣᠩᠭᠣᠯ᠎ᠤᠨ ᠳᠤᠮᠳᠠᠳᠤ ᠪᠠᠭ᠎ᠠ ᠰᠤᠷᠭᠠᠭᠤᠯᠢ᠎ᠶᠢᠨ ᠰᠡᠳᠬᠢᠴᠡ᠎ᠶᠢᠨ ᠡᠷᠡᠭᠦᠯ ᠮᠡᠨᠳᠦ᠎ᠶᠢᠨ ᠬᠥᠮᠦᠵᠢᠯ᠎ᠦᠨ ᠳᠤᠬᠠᠢ ᠵᠢᠨ ᠳᠠᠯᠠᠪᠠᠢ ᠵᠢᠨ ᠠᠬᠢᠭᠤᠯᠬᠤ ᠬᠤᠷᠠᠯ ᠶᠠᠪᠤᠭᠳᠠᠵᠠᠢ
2026-06-02 09:45:01
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

2026 ᠣᠨ᠎ᠤ 5 ᠰᠠᠷ᠎ᠠ ᠪᠣᠯ ᠭᠤᠷᠪᠠᠳᠠᠭᠢ ᠪᠥᠬᠥ ᠤᠯᠤᠰ᠎ᠤᠨ ᠰᠤᠷᠤᠭ᠍ᠴᠢᠳ᠎ᠤᠨ ᠰᠡᠳᠬᠢᠴᠡ᠎ᠶᠢᠨ ᠡᠷᠡᠭᠦᠯ ᠮᠡᠨᠳᠦ᠎ᠶᠢᠨ ᠤᠬᠠᠭᠤᠯᠭ᠎ᠠ ᠬᠥᠮᠦᠵᠢᠯ᠎ᠦᠨ ᠰᠠᠷ᠎ᠠ ᠪᠣᠯᠣᠨ᠎ᠠ᠃ ᠲᠦᠷᠦᠭᠦᠬᠡᠨ᠂ ᠥᠪᠥᠷ ᠮᠣᠩᠭᠣᠯ᠎ᠤᠨ ᠳᠤᠮᠳᠠᠳᠤ ᠪᠠᠭ᠎ᠠ ᠰᠤᠷᠭᠠᠭᠤᠯᠢ᠎ᠶᠢᠨ ᠰᠡᠳᠬᠢᠴᠡ᠎ᠶᠢᠨ ᠡᠷᠡᠭᠦᠯ ᠮᠡᠨᠳᠦ᠎ᠶᠢᠨ ᠬᠥᠮᠦᠵᠢᠯ᠎ᠦᠨ ᠠᠵᠢᠯ᠎ᠤᠨ ᠲᠤᠬᠠᠢ᠎ᠶᠢᠨ ᠲᠠᠯᠠᠪᠠᠢ ᠵᠢᠨ ᠠᠬᠢᠭᠤᠯᠬᠤ ᠬᠤᠷᠠᠯ ᠲᠥᠪ᠎ᠦᠨ ᠦᠨᠳᠦᠰᠦᠲᠡᠨ᠎ᠦ ᠶᠡᠬᠡ ᠰᠤᠷᠭᠠᠭᠤᠯᠢ᠎ᠶᠢᠨ ᠬᠠᠷᠢᠶᠠᠲᠤ ᠳᠤᠮᠳᠠᠳᠤ ᠰᠤᠷᠭᠠᠭᠤᠯᠢ᠎ᠶᠢᠨ ᠬᠦᠬᠡᠬᠤᠳᠠ ᠵᠢᠨ ᠬᠤᠪᠢᠶᠠᠷᠢ ᠰᠤᠷᠭᠠᠭᠤᠯᠢ ᠳ᠋ᠤ ᠶᠠᠪᠤᠭᠳᠠᠪᠠ᠃

ᠲᠤᠰ ᠤᠳᠠᠭᠠᠨ᠎ᠤ ᠬᠤᠷᠠᠯ᠎ᠢ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠭᠤᠤᠯᠯᠠᠨ ᠡᠷᠬᠢᠯᠡᠵᠦ᠂ 《ᠰᠤᠷᠤᠭ᠍ᠴᠢᠳ᠎ᠤᠨ ᠢᠳᠡᠪᠬᠢᠲᠡᠢ ᠰᠡᠳᠬᠢᠴᠡ᠎ᠶᠢᠨ ᠬᠡᠪ ᠴᠢᠨᠠᠷ᠎ᠢ ᠬᠥᠮᠥᠵᠢᠭᠦᠯᠵᠦ᠂ ᠡᠷᠡᠭᠦᠯ ᠮᠡᠨᠳᠦ ᠰᠤᠷᠭᠠᠭᠤᠯᠢ᠎ᠶᠢᠨ ᠪᠠᠢᠭᠤᠯᠤᠯᠲᠠ ᠶ᠋ᠢ ᠪᠦᠬᠦ ᠲᠠᠯ᠎ᠠ᠎ᠪᠠᠷ ᠠᠬᠢᠭᠤᠯᠤᠶ᠎ᠠ》 ᠭᠡᠬᠦ ᠭᠣᠣᠯ ᠰᠡᠳᠦᠪ᠎ᠦᠨ ᠲᠣᠭᠣᠷᠢᠨ᠎ᠳᠤ ᠰᠤᠷᠤᠭ᠍ᠴᠢᠳ᠎ᠤᠨ ᠰᠡᠳᠬᠢᠴᠡ᠎ᠶᠢᠨ ᠡᠷᠡᠭᠦᠯ ᠮᠡᠨᠳᠦ᠎ᠶᠢᠨ ᠬᠥᠮᠦᠵᠢᠯ᠎ᠦᠨ ᠭᠣᠣᠯᠳᠠᠯᠭ᠎ᠠ᠎ᠲᠠᠢ ᠬᠦᠴᠢᠷ ᠠᠰᠠᠭᠤᠳᠠᠯ ᠳ᠋ᠤ ᠠᠩᠬᠠᠷᠤᠯ ᠵᠢᠡᠨ ᠲᠦᠪᠯᠡᠷᠡᠬᠦᠯᠵᠦ᠂ ᠣᠳᠣᠬᠠᠨ᠎ᠤ ᠪᠠᠢᠳᠠᠯ᠎ᠢ ᠵᠠᠳᠠᠯᠵᠤ ᠰᠤᠳᠤᠯᠤᠨ ᠮᠠᠭᠠᠳᠯᠠᠵᠤ᠂ ᠨᠡᠢᠲᠡᠯᠢᠭ ᠲᠤᠷᠰᠢᠯᠭ᠎ᠠ᠎ᠶᠢ ᠳ᠋ᠦᠩᠨᠡᠨ ᠰᠣᠯᠢᠯᠴᠠᠵᠤ᠂ ᠬᠢᠯᠠᠰ ᠦᠷ᠎ᠡ ᠪᠦᠲᠦᠭᠡᠯ᠎ᠢ ᠲᠣᠭᠣᠷᠢᠨ ᠦᠵᠡᠵᠦ᠂ ᠰᠣᠯᠢᠯᠴᠠᠨ ᠳᠡᠯᠭᠡᠨ ᠦᠵᠡᠭᠦᠯᠬᠦ᠂ ᠲᠤᠷᠰᠢᠯᠭ᠎ᠠ᠎ᠪᠠᠨ ᠬᠠᠷᠢᠯᠴᠠᠨ ᠲᠣᠯᠢᠯᠠᠬᠤ᠂ ᠡᠬᠢ ᠪᠠᠶᠠᠯᠢᠭ᠋᠎ᠢ ᠬᠠᠮᠲᠤ ᠪᠠᠷ ᠡᠳ᠋ᠯᠡᠬᠦ ᠲᠠᠪᠴᠠᠩ᠎ᠢ ᠪᠠᠢᠭᠤᠯᠵᠤ᠂ ᠭᠡᠷ ᠪᠦᠯᠢ ᠰᠤᠷᠭᠠᠭᠤᠯᠢ ᠨᠡᠢᠭᠡᠮ ᠡᠮᠨᠡᠯᠭᠡ ᠬᠠᠮᠵᠢᠯᠴᠠᠭᠰᠠᠨ ᠰᠡᠳᠬᠢᠴᠡ᠎ᠶᠢᠨ ᠡᠷᠡᠭᠦᠯ ᠮᠡᠨᠳᠦ᠎ᠶᠢᠨ ᠬᠥᠮᠦᠵᠢᠯ᠎ᠦᠨ ᠰᠢᠰᠲᠧᠮ᠎ᠢ ᠪᠠᠶ᠋ᠢᠭᠤᠯᠬᠤ᠎ᠶᠢ ᠠᠬᠢᠭᠤᠯᠤᠨ᠂ ᠪᠥᠬᠥ ᠣᠷᠣᠨ᠎ᠤ ᠳᠤᠮᠳᠠᠳᠤ ᠪᠠᠭ᠎ᠠ ᠰᠤᠷᠭᠠᠭᠤᠯᠢ᠎ᠶᠢᠨ ᠰᠡᠳᠬᠢᠴᠡ᠎ᠶᠢᠨ ᠡᠷᠡᠭᠦᠯ ᠮᠡᠨᠳᠦ᠎ᠶᠢᠨ ᠬᠥᠮᠦᠵᠢᠯ᠎ᠦᠨ ᠠᠵᠢᠯ᠎ᠤᠨ ᠵᠢᠷᠤᠮᠵᠢᠭ᠍ᠰᠠᠨ᠂ ᠲᠤᠰᠬᠠᠢᠵᠢᠭ᠍ᠰᠠᠨ᠂ ᠰᠢᠨᠵᠢᠯᠡᠬᠦ ᠤᠬᠠᠭᠠᠨᠴᠢᠯᠠᠭᠰᠠᠨ ᠲᠦᠪᠰᠢᠨ᠎ᠢ ᠳᠡᠭᠡᠭᠰᠢᠯᠡᠭᠦᠯᠵᠦ᠂ ᠰᠤᠷᠤᠭ᠍ᠴᠢᠳ᠎ᠤᠨ ᠪᠡᠶ᠎ᠡ ᠰᠡᠳᠬᠢᠯ᠎ᠦᠨ ᠡᠷᠡᠭᠦᠯ ᠮᠡᠨᠳᠦ ᠬᠢᠭᠡᠳ ᠠᠮᠢ ᠨᠠᠰᠤᠨ᠎ᠤ ᠠᠮᠤᠷ ᠲᠦᠪᠰᠢᠨ᠎ᠢ ᠦᠨᠡᠨ ᠬᠦ᠌ ᠬᠠᠮᠠᠭᠠᠯᠠᠪᠠ᠃

ᠣᠢᠷ᠎ᠠ᠎ᠶᠢᠨ ᠵᠢᠯ᠎ᠳᠦ᠂ ᠥᠪᠥᠷ ᠮᠣᠩᠭᠣᠯ᠎ᠤᠨ ᠰᠤᠷᠭᠠᠨ ᠬᠥᠮᠦᠵᠢᠯ᠎ᠦᠨ ᠰᠢᠰᠲᠧᠮ᠎ᠦᠨ ᠬᠢᠨ ᠶᠣᠰᠣ᠌ ᠰᠤᠷᠲᠠᠬᠤᠨ ᠵᠢᠡᠷ ᠬᠥᠮᠥᠨ᠎ᠢ ᠬᠥᠮᠥᠵᠢᠭᠦᠯᠬᠦ ᠦᠨᠳᠦᠰᠦᠨ ᠡᠭᠦᠷᠭᠡ᠎ᠶᠢᠨ ᠲᠣᠭᠣᠷᠢᠨ᠎ᠳᠤ 《ᠡᠷᠡᠭᠦᠯ ᠮᠡᠨᠳᠦ᠎ᠶᠢ ᠲᠡᠷᠢᠭᠦᠨ᠎ᠳᠦ ᠲᠠᠯᠪᠢᠬᠤ》 ᠣᠢᠯᠠᠭᠠᠭᠳᠠᠬᠤᠨ᠎ᠢ ᠪᠥᠬᠥ ᠲᠠᠯ᠎ᠠ᠎ᠪᠠᠷ ᠨᠠᠢᠳᠠᠪᠤᠷᠢᠵᠢᠭᠤᠯᠵᠤ᠂ ᠳᠤᠮᠳᠠᠳᠤ ᠪᠠᠭ᠎ᠠ ᠰᠤᠷᠭᠠᠭᠤᠯᠢ᠎ᠶᠢᠨ ᠰᠡᠳᠬᠢᠴᠡ᠎ᠶᠢᠨ ᠡᠷᠡᠭᠦᠯ ᠮᠡᠨᠳᠦ᠎ᠶᠢᠨ ᠬᠥᠮᠦᠵᠢᠯ᠎ᠢ ᠲᠣᠪᠣᠢᠮ᠎ᠠ ᠪᠠᠢᠷᠢᠨ᠎ᠳᠤ ᠲᠠᠯᠪᠢᠵᠤ᠂ ᠨᠢᠭᠡᠳᠦᠯᠲᠡᠢ ᠲᠥᠯᠥᠪᠯᠡᠨ ᠪᠠᠢᠷᠢᠯᠠᠭᠤᠯᠵᠤ᠂ ᠰᠢᠰᠲᠧᠮ᠎ᠲᠠᠢ᠎ᠪᠡᠷ ᠠᠬᠢᠭᠤᠯᠵᠤ᠂ ᠦᠷᠭᠦᠯᠵᠢᠯᠡᠨ ᠬᠦᠴᠦᠯᠡᠵᠦ᠂ ᠤᠷᠢᠳᠴᠢᠯᠠᠨ ᠰᠡᠷᠭᠡᠢᠯᠡᠬᠦ᠂ ᠰᠢᠭ᠌ᠰᠢᠨ ᠪᠠᠢᠴᠠᠭᠠᠬᠤ᠂ ᠤᠷᠢᠳᠴᠢᠯᠠᠨ ᠰᠡᠷᠡᠮᠵᠢᠯᠡᠭᠦᠯᠬᠦ᠂ ᠭᠠᠷ ᠲᠦᠷᠦᠭᠦ᠂ ᠰᠢᠯᠵᠢᠭᠦᠯᠦᠨ ᠲᠠᠨᠢᠯᠴᠠᠭᠤᠯᠬᠤ᠂ ᠡᠷᠡᠭᠦᠯᠵᠢᠭᠦᠯᠬᠦ᠎ᠶᠢ ᠬᠠᠮᠤᠷᠤᠭᠰᠠᠨ ᠪᠥᠬᠥ ᠬᠡᠯᠬᠢᠶ᠎ᠡ᠎ᠶᠢᠨ ᠠᠵᠢᠯ᠎ᠤᠨ ᠰᠢᠰᠲᠧᠮ᠎ᠢ ᠪᠠᠢᠭᠤᠯᠵᠤ᠂ ᠪᠥᠬᠥ ᠣᠷᠣᠨ᠎ᠤ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ᠎ᠤᠨ ᠡᠷᠡᠭᠦᠯ᠎ᠢᠶᠡᠷ ᠦᠰᠦᠨ ᠪᠣᠢᠵᠢᠬᠤ᠎ᠳᠤ ᠰᠡᠳᠬᠢᠴᠡ᠎ᠶᠢᠨ ᠰᠡᠷᠭᠡᠢᠯᠡᠯᠲᠡ᠎ᠶᠢᠨ ᠱᠤᠭᠤᠮ᠎ᠢ ᠪᠡᠬᠢᠵᠢᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号