6 ᠰᠠᠷ᠎ᠠ᠎ᠶ᠋ᠢᠨ 1 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠢᠩᠭᠤ᠎ᠶ᠋ᠢᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠨᠠᠮ᠎ᠤᠨ ᠲᠥᠪ ᠬᠣᠷᠢᠶ᠎ᠠ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ᠎ᠶ᠋ᠢᠨ ᠬᠣᠯᠪᠣᠭ᠍ᠳᠠᠯ ᠪᠥᠬᠥᠶ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠪᠥᠬᠥ᠌ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠤᠯᠤᠨ ᠠᠵᠤ ᠦᠶ᠋ᠯᠡᠰ᠎ᠦᠨ ᠱᠢᠨ᠎ᠡ᠎ᠶ᠋ᠢ ᠡᠭᠦᠳᠬᠦ᠌ ᠵᠢᠨ ᠭᠦᠨᠵᠡᠭᠡᠶ ᠠᠭᠤᠰᠤᠯᠴᠠᠯ᠂ ᠶᠡᠷᠦᠩᠬᠡᠢᠯᠡᠭ᠌ᠰᠡᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠱᠢᠰᠲ᠋ᠧᠮ᠎ᠦᠨ ᠪᠦᠲᠦᠭᠡᠨ ᠪᠠᠢᠭᠤᠯᠤᠯᠲᠠ᠂ ᠠᠶᠤᠯᠭᠦᠢ ᠦᠶ᠋ᠯᠡᠳᠪᠦᠷᠢᠯᠡᠯ ᠵᠡᠷᠭᠡ ᠠᠵᠢᠯ᠎ᠤᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠪᠠ᠃
ᠬᠤᠷᠠᠯ᠎ᠡᠴᠡ᠂ ᠶᠡᠷᠦᠩᠬᠡᠢ ᠱᠦᠵᠢ ᠰᠢ ᠵᠢᠨ ᠫᠢᠩ᠎ᠦᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠤᠬᠠᠢ ᠴᠢᠬᠤᠯᠠ ᠥᠭᠦᠯᠡᠯᠲᠡ᠎ᠶ᠋ᠢ ᠭᠦᠨᠵᠡᠭᠡᠢ ᠲᠤᠭᠤᠱᠢᠯᠠᠭᠤᠯᠵᠤ᠂ ᠠᠵᠤ ᠦᠢᠯᠡᠰ ᠡᠴᠡ ᠰᠡᠳᠦᠪ ᠭᠠᠷᠭᠠᠬᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠵᠢᠡᠷ ᠰᠡᠳᠦᠪ ᠬᠠᠷᠢᠭᠤᠯᠬᠤ ᠵᠢ ᠪᠠᠷᠢᠮᠳᠠᠯᠠᠵᠤ᠂ ᠠᠵᠤ ᠠᠬᠤᠢᠯᠠᠯ᠎ᠤᠨ ᠰᠤᠳᠤᠯᠤᠨ ᠨᠡᠭᠡᠭᠡᠬᠦ᠌ ᠣᠷᠣᠭᠤᠯᠤᠯᠲᠠ᠎ᠶ᠋ᠢᠨ ᠡᠷᠴᠢᠮ᠎ᠢᠶᠡᠨ ᠨᠡᠮᠡᠭ᠌ᠳᠡᠭᠦᠯᠬᠦ᠌᠎ᠶ᠋ᠢ ᠵᠣᠷᠢᠭ᠍ᠵᠢᠭᠤᠯᠵᠤ᠂ ᠭᠣᠣᠯᠳᠠᠯᠭ᠎ᠠ᠎ᠲᠠᠶ ᠱᠢᠨ᠎ᠡ᠎ᠶ᠋ᠢ ᠡᠭᠦᠳᠬᠦ᠌ ᠲᠠᠪᠴᠠᠩ᠎ᠢ ᠪᠠᠢᠭᠤᠯᠤᠨ ᠬᠦᠴᠦᠷᠬᠡᠭ᠌ᠵᠢᠭᠦᠯᠵᠦ᠍ ᠰᠠᠢᠲᠤᠷ ᠬᠡᠷᠡᠭ᠌ᠯᠡᠵᠤ᠂ ᠱᠢᠨ᠎ᠡ ᠮᠠᠲ᠋ᠧᠷᠢᠶᠠᠯ᠂ ᠣᠲᠣ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠶ᠋ᠯᠡᠳᠪᠦᠷᠢ᠂ ᠲᠣᠨᠣᠭ᠍ᠯᠠᠯ ᠦᠢᠯᠡᠳᠬᠦ᠂ ᠤᠰᠤᠲᠥ᠋ᠷᠥᠭ᠌ᠴᠢ ᠡᠨᠧᠷᠭᠢ᠂ ᠠᠮᠢᠳᠤ ᠪᠣᠳᠠᠰ ᠤ᠋ᠨ ᠦᠢᠯᠡᠳᠭᠡᠯ ᠵᠡᠷᠭᠡ ᠭᠣᠣᠯᠳᠠᠯᠭ᠎ᠠ ᠲᠠᠶ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠴᠢᠬᠤᠯᠠ ᠶᠡᠬᠡ ᠲᠤᠰᠭᠠᠢ ᠲᠦᠷᠦᠯ ᠵᠦᠢᠯ᠎ᠢ ᠬᠡᠷᠡᠭ᠌ᠵᠢᠭᠦᠯᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ ᠢ᠋ ᠤᠨᠳᠤᠤᠰᠢᠭᠤᠯᠬᠤ ᠵᠢ ᠲᠦᠷᠭᠡᠳᠭᠡᠵᠤ᠂ 《ᠵᠣᠬᠢᠶᠠᠮᠠᠯ ᠣᠶᠤᠨ ᠴᠢᠳᠠᠪᠤᠷᠢ +》᠎ᠶ᠋ᠢᠨ ᠬᠡᠷᠡᠭᠯᠡᠭᠡᠨ ᠢ᠋ ᠶᠡᠬᠡᠪᠡᠷ ᠠᠬᠢᠭᠤᠯᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠦᠢᠯᠡᠴᠢᠯᠡᠭᠡᠨ᠎ᠦ ᠦᠢᠯᠡᠰ᠎ᠢ ᠴᠢᠬᠤᠯᠠᠴᠢᠯᠠᠨ ᠬᠥᠭ᠌ᠵᠢᠭᠦᠯᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠢᠯᠡᠰ᠎ᠦᠨ ᠱᠢᠨ᠎ᠡ᠎ᠶ᠋ᠢ ᠡᠭᠦᠳᠬᠦ᠌᠎ᠶ᠋ᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠠᠯ᠎ᠠ ᠪᠡᠷ ᠪᠡᠶ᠎ᠡ᠎ᠪᠡᠨ ᠳᠠᠭᠠᠭᠠᠵᠤ ᠦᠪᠡᠷ ᠢ᠋ ᠪᠠᠨ ᠬᠦᠴᠦᠷᠬᠡᠭ᠌ᠵᠢᠭᠦᠯᠬᠦ᠎ᠶ᠋ᠢ ᠪᠡᠶᠡᠯᠡᠭᠦᠯᠬᠦ᠌᠎ᠳᠦ ᠥᠪᠥᠷ ᠮᠣᠩᠭᠣᠯ᠎ᠤᠨ ᠬᠦᠴᠦᠨ ᠴᠢᠳᠠᠯ ᠢ᠋ ᠡᠷᠭᠦᠬᠦ ᠬᠡᠷᠡᠭᠳᠠᠢ ᠭᠡᠵᠤ ᠵᠢᠭᠠᠵᠤ ᠭᠠᠷᠭᠠᠵᠠᠢ᠃
ᠬᠤᠷᠠᠯ ᠡᠴᠡ᠂ ᠵᠠᠮ ᠬᠠᠷᠢᠯᠴᠠᠭ᠎ᠠ ᠲᠡᠭᠡᠭᠡᠪᠦᠷᠢ ᠪᠣᠯ ᠤᠯᠤᠰ ᠠᠷᠠᠳ᠎ᠤᠨ ᠠᠵᠤ ᠠᠬᠤᠢ᠎ᠶ᠋ᠢᠨ ᠰᠠᠭᠤᠷᠢ ᠴᠢᠨᠠᠷᠲᠠᠢ᠂ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ᠂ ᠬᠣᠱᠢᠭᠤᠴᠢ ᠴᠢᠨᠠᠷᠲᠠᠢ ᠠᠵᠤ ᠦᠢᠯᠡᠰ ᠮᠥᠨ᠂ ᠠᠵᠤ ᠠᠬᠤᠢ᠎ᠶ᠋ᠢᠨ ᠪᠠᠢᠷᠢᠱᠢᠭᠤᠯᠤᠯᠲᠠ᠂ ᠠᠵᠤ ᠦᠢᠯᠡᠰ᠎ᠦᠨ ᠬᠥᠭ᠌ᠵᠢᠯᠲᠡ᠂ ᠬᠥᠮᠦᠨ ᠠᠮᠠ᠎ᠶ᠋ᠢᠨ ᠲᠠᠷᠬᠠᠯᠲᠠ᠂ ᠬᠤᠳᠠ ᠬᠥᠳᠡᠭᠡ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠪᠣᠳᠠᠲᠤ ᠪᠠᠢᠳᠠᠯ᠎ᠲᠠᠶ ᠨᠢᠭ᠍ᠲᠠ ᠤᠶᠠᠯᠳᠤᠭᠤᠯᠵᠤ᠂ ᠮᠠᠨ᠎ᠤ ᠣᠷᠣᠨ᠎ᠤ 《ᠠᠷᠪᠠᠨ ᠲᠠᠪᠤᠳᠤᠭᠠᠷ ᠲᠠᠪᠤᠨ ᠵᠢᠯ》 ᠤ᠋ᠨ ᠶᠡᠷᠦᠩᠬᠡᠢᠯᠡᠭ᠌ᠰᠡᠨ ᠵᠠᠮ ᠬᠠᠷᠢᠯᠴᠠᠭᠠᠨ᠎ᠤ ᠲᠥᠯᠥᠪᠵᠢᠭᠦᠯᠭᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠨᠠᠢᠷᠠᠭᠤᠯᠤᠨ ᠵᠣᠬᠢᠶᠠᠵᠤ᠂ ᠨᠢᠭᠡᠨᠲᠡ ᠲᠥᠯᠥᠪᠵᠢᠭᠦᠯᠭᠡ᠎ᠳᠦ ᠣᠷᠣᠭᠤᠯᠤᠭ᠍ᠰᠠᠨ ᠲᠦᠷᠭᠡᠨ᠎ᠦ ᠲᠡᠮᠦᠷ ᠵᠠᠮ᠂ ᠲᠦᠷᠭᠡᠨ᠎ᠦ ᠵᠠᠰᠠᠮᠠᠯ ᠵᠠᠮ᠂ ᠨᠢᠰᠭᠡᠯ᠎ᠦᠨ ᠪᠠᠭᠤᠳᠠᠯ ᠵᠡᠷᠭᠡ ᠵᠠᠮ ᠬᠠᠷᠢᠯᠴᠠᠭᠠᠨ᠎ᠤ ᠰᠠᠭᠤᠷᠢ ᠲᠥᠬᠥᠭᠡᠷᠦᠮᠵᠢ᠎ᠶ᠋ᠢᠨ ᠲᠦᠷᠦᠯ ᠵᠦᠢᠯ᠎ᠢ ᠲᠦᠷᠭᠡᠳᠭᠡᠨ ᠠᠬᠢᠭᠤᠯᠵᠤ᠂ ᠪᠠᠷᠠᠭᠠᠨ᠎ᠤ ᠭᠦᠢᠯᠭᠡᠭᠡ ᠵᠢᠨ ᠱᠢᠰᠲ᠋ᠧᠮ᠎ᠦᠨ ᠳᠤᠲᠠᠭᠤᠳᠠᠯ᠎ᠢ ᠨᠥᠬᠥᠪᠥᠷᠢᠯᠡᠵᠦ᠍᠂ ᠬᠢᠯᠢ ᠵᠢᠨ ᠪᠣᠭᠣᠮᠲᠠ᠎ᠶ᠋ᠢᠨ ᠲᠥᠪᠯᠡᠷᠡᠭᠦᠯᠦᠨ ᠲᠠᠷᠬᠠᠭᠠᠵᠤ ᠵᠥᠭᠡᠭᠡᠪᠦᠷᠢᠯᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠵᠠᠰᠠᠮᠠᠯ ᠵᠠᠮ ᠲᠡᠮᠦᠷ ᠵᠠᠮ ᠠᠭᠠᠷ ᠤ᠋ᠨ ᠵᠠᠮ᠎ᠤᠨ ᠤᠯᠠᠨ ᠬᠡᠯᠪᠡᠷᠢ᠎ᠶ᠋ᠢᠨ ᠬᠠᠮᠲᠤᠷᠠᠭ᠍ᠰᠠᠨ ᠲᠡᠭᠡᠭᠡᠪᠦᠷᠢ᠎ᠶ᠋ᠢ ᠬᠥᠭ᠌ᠵᠢᠭᠦᠯᠵᠦ᠍᠂ ᠣᠳᠣᠬᠢᠴᠢᠯᠠᠭ᠍ᠰᠠᠨ ᠶᠡᠷᠦᠩᠬᠡᠢᠯᠡᠭ᠌ᠰᠡᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠱᠢᠰᠲ᠋ᠧᠮ᠎ᠢ ᠲᠡᠭᠦᠯᠳᠡᠷᠵᠢᠭᠦᠯᠬᠦ᠌ ᠬᠡᠷᠡᠭ᠌ᠲᠡᠢ ᠭᠡᠵᠤ ᠴᠢᠬᠤᠯᠠᠴᠢᠯᠠᠪᠠ᠃
ᠬᠤᠷᠠᠯ ᠡᠴᠡ᠂ ᠤᠢ᠍ᠢᠷ᠎ᠠ᠎ᠶ᠋ᠢᠨ ᠬᠤᠭᠤᠴᠠᠭᠠᠨ᠎ᠤ ᠤᠯᠠᠨ ᠭᠠᠵᠠᠷ᠎ᠤᠨ ᠠᠶᠤᠯᠭᠦᠢ ᠦᠢᠯᠡᠳᠪᠦᠷᠢᠯᠡᠯ᠎ᠦᠨ ᠡᠨᠳᠡᠯ᠎ᠡᠴᠡ ᠭᠦᠨᠵᠡᠭᠡᠢ ᠰᠤᠷᠭᠠᠮᠵᠢ ᠠᠪᠴᠤ᠌᠂ ᠨᠡᠭᠦᠷᠡᠰᠦᠨ ᠠᠭᠤᠷᠬᠠᠢ᠂ ᠨᠡᠭᠦᠷᠡᠰᠦᠨ᠎ᠦ ᠪᠤᠰᠤ ᠠᠭᠤᠷᠬᠠᠢ᠂ ᠠᠶᠤᠯᠲᠠᠢ ᠬᠢᠮᠢ᠎ᠶ᠋ᠢᠨ ᠪᠣᠳᠠᠰ᠂ ᠬᠤᠸᠠᠷ ᠫᠤᠤᠵᠢᠩ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠬᠦᠷᠢᠶᠡᠨ᠎ᠦ ᠬᠡᠮ ᠰᠣᠭᠣᠭ᠎ᠢ ᠵᠢᠭ᠍ᠰᠠᠭᠠᠨ ᠪᠠᠢᠴᠠᠭᠠᠵᠤ ᠵᠠᠰᠠᠬᠤ ᠠᠵᠢᠯ᠎ᠢ ᠬᠠᠳᠠᠭᠤ ᠲᠠᠢ ᠨᠢ ᠬᠠᠯᠳᠠᠵᠤ ᠰᠠᠢᠲᠤᠷ ᠬᠢᠵᠦ᠍᠂ ᠠᠭᠤᠷᠬᠠᠢ᠎ᠶ᠋ᠢᠨ ᠠᠶᠤᠯᠭᠦᠢ ᠦᠢᠯᠡᠳᠪᠦᠷᠢᠯᠡᠯ᠎ᠦᠨ ᠲᠤᠰᠭᠠᠢ ᠴᠡᠭ᠌ᠴᠡᠯᠡᠨ ᠵᠠᠰᠠᠯᠳᠠ ᠵᠢ ᠪᠣᠳᠠᠲᠠᠢ ᠠᠳᠭᠤᠵᠤ᠂ ᠠᠬᠤᠢ ᠲᠠᠯᠠᠪᠠᠢ ᠳ᠋ᠡᠬᠢ ᠬᠢᠨᠠᠯᠲᠠ ᠬᠠᠮᠢᠶᠠᠷᠤᠯᠲᠠ᠂ ᠬᠤᠳᠳᠤᠭ ᠲᠤᠳᠤᠷᠠᠬᠢ ᠬᠢᠨᠠᠯᠲᠠ ᠬᠠᠮᠢᠶᠠᠷᠤᠯᠲᠠ᠂ ᠪᠦᠬᠦ᠌ ᠲᠠᠯ᠎ᠠ᠎ᠶ᠋ᠢᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠵᠤ᠂ ᠲᠠᠯᠳᠠᠭᠤᠷ ᠠᠵᠢᠯᠯᠠᠬᠤ ᠭᠠᠵᠠᠷ ᠭᠠᠷᠭᠠᠬᠤ᠂ ᠠᠮᠤᠷ ᠲᠦᠪᠱᠢᠨ᠎ᠢ ᠬᠢᠨᠠᠨ ᠡᠵᠡᠮᠳᠡᠬᠦ ᠵᠢ ᠬᠠᠭᠤᠷᠮᠠᠭ᠍ᠯᠠᠨ ᠦᠢᠯᠡᠳᠬᠦ᠌᠂ ᠲᠣᠭ᠍ᠲᠠᠭᠠᠯ ᠡᠴᠡ ᠵᠥᠷᠢᠴᠡᠨ ᠬᠤᠪᠢᠶᠠᠨ ᠳᠠᠭᠠᠭᠠᠴᠢᠯᠠᠭᠤᠯᠬᠤ ᠱᠢᠯᠵᠢᠭᠦᠯᠦᠨ ᠳᠠᠭᠠᠭᠠᠴᠢᠯᠠᠭᠤᠯᠬᠤ ᠵᠡᠷᠭᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭ᠌ᠬᠦ ᠬᠡᠷᠡᠭ᠌ᠲᠡᠢ᠃ ᠠᠵᠤ ᠠᠬᠤᠢᠯᠠᠯ᠎ᠤᠨ ᠭᠣᠣᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠪᠦᠬᠦ᠌ ᠲᠠᠯ᠎ᠠ᠎ᠪᠠᠷ ᠪᠣᠳᠠᠲᠠᠢᠵᠢᠭᠤᠯᠵᠤ᠂ ᠠᠵᠤ ᠠᠬᠤᠢᠯᠠᠯ᠎ᠤᠨ ᠬᠠᠤᠯᠢ ᠵᠢᠨ ᠡᠷᠬᠡᠳᠡᠨ ᠪᠣᠯᠤᠨ ᠪᠣᠳᠠᠲᠠᠢ ᠡᠵᠡᠮᠳᠡᠵᠦ᠍ ᠪᠠᠢᠭ᠎ᠠ ᠬᠥᠮᠦᠨ᠎ᠦ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢ ᠱᠠᠯᠠᠪᠳᠠᠭᠤᠯᠤᠨ ᠱᠠᠭᠠᠷᠳᠠᠵᠤ᠂ ᠬᠠᠤᠯᠢ ᠪᠤᠰᠤ ᠠᠵᠢᠯᠯᠠᠭ᠎ᠠ᠎ᠳᠤ ᠴᠣᠬᠢᠯᠲᠠ ᠥᠭ᠌ᠴᠤ ᠬᠠᠤᠯᠢ ᠪᠤᠰᠤ ᠠᠵᠢᠯᠯᠠᠭ᠎ᠠ᠎ᠵᠢ ᠵᠠᠰᠠᠬᠤ ᠪᠤᠯᠤᠨ ᠡᠷᠡᠭᠦᠦ ᠱᠢᠢᠳᠭᠡᠯ ᠬᠡᠷᠡᠭ᠌ᠵᠢᠭᠦᠯᠬᠦ᠌᠎ᠶ᠋ᠢ ᠵᠣᠯᠭᠠᠭᠤᠯᠬᠤ ᠡᠷᠴᠢᠮ᠎ᠢᠶᠡᠨ ᠴᠢᠩᠭᠠᠷᠠᠭᠤᠯᠵᠤ᠂ ᠰᠡᠷᠡᠮᠵᠢᠯᠡᠭᠦᠯᠦᠯ ᠤ᠋ᠨ ᠰᠦᠷ ᠬᠦᠴᠦᠳᠤ ᠪᠠᠢᠳᠠᠯ᠎ᠢ ᠪᠤᠢ ᠪᠤᠯᠭᠠᠬᠤ ᠵᠢ ᠴᠢᠩᠭᠠᠳᠭᠠᠨ᠂ ᠬᠦᠨᠳᠦ ᠣᠨᠴᠠ ᠶᠡᠬᠡ ᠡᠨᠳᠡᠯ ᠭᠠᠷᠬᠤ᠎ᠶ᠋ᠢ ᠡᠷᠡᠰ ᠰᠡᠷᠭᠡᠢᠯᠡᠨ ᠬᠣᠷᠢᠭ᠍ᠯᠠᠬᠤ ᠬᠡᠷᠡᠭ᠌ᠲᠡᠢ ᠭᠡᠵᠤ ᠱᠠᠭᠠᠷᠳᠠᠪᠠ᠃
ᠬᠤᠷᠠᠯ ᠡᠴᠡ 《ᠰᠣᠶᠣᠯ ᠵᠢᠭᠤᠯᠴᠢᠯᠠᠯ᠎ᠤᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠲᠤᠬᠠᠶ ᠰᠠᠨᠠᠯ》 ᠵᠡᠷᠭᠡ ᠵᠦᠶ᠋ᠯ᠎ᠢ ᠰᠤᠳᠤᠯᠪᠠ᠃