ᠥᠪᠥᠷ ᠮᠣᠩᠭᠣᠯ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠪᠡᠶ᠎ᠡ ᠪᠡᠨ ᠳᠠᠭᠠᠭᠠᠵᠤ ᠬᠦᠴᠦᠷᠬᠡᠭᠵᠢᠬᠦ᠎ᠶᠢ ᠲᠦᠷᠭᠡᠳᠬᠡᠵᠦ ᠪᠣᠶ
2026-06-02 09:22:58
ᠵᠣᠬᠢᠶᠠᠭ᠍ᠴᠢ᠄
ᠪᠠᠢ ᠯᠢᠶᠠᠨ
ᠣᠩᠱᠢᠭ᠍ᠰᠠᠨ ᠣᠳᠠᠭ᠎ᠠ᠄
★★★☆☆

ᠬᠠᠩᠭᠠᠯᠭ᠎ᠠ᠎ᠶᠢ ᠨᠡᠮᠡᠭᠳᠡᠭᠦᠯᠦᠨ ᠠᠭᠤᠰᠤᠯᠴᠠᠯ᠎ᠢ ᠠᠬᠢᠭᠤᠯᠵᠤ ᠭᠣᠣᠯ ᠴᠣᠭᠴᠠ᠎ᠶᠢ ᠴᠢᠨᠭᠭᠠᠷᠠᠭᠤᠯᠤᠨ ᠴᠢᠳᠠᠮᠵᠢ ᠵᠢᠨ ᠲᠠᠰ᠎ᠢ ᠳᠡᠭᠡᠭᠰᠢᠯᠡᠭᠦᠯᠵᠦ ᠠᠮᠢ ᠠᠬᠤᠢ᠎ᠶᠢ ᠰᠢᠯᠢᠳᠡᠭᠵᠢᠭᠦᠯᠵᠦ ᠠᠮᠢᠵᠢᠷᠠᠯ᠎ᠤᠨ ᠬᠦᠴᠦᠨ᠎ᠢ ᠬᠥᠭᠵᠢᠭᠡᠨ᠎ᠠ


《ᠲᠠᠢᠯᠪᠤᠷᠢᠯᠠᠵᠤ ᠪᠣᠯᠬᠤᠢᠴᠠ ᠵᠣᠬᠢᠶᠠᠮᠠᠯ ᠣᠶᠤᠨ ᠴᠢᠳᠠᠪᠤᠷᠢ》 ᠡᠴᠡ 《ᠲᠤᠭᠠᠴᠢᠯᠠᠯᠲᠠ ᠣᠶᠤᠨᠴᠢᠯᠠᠯᠲᠠ ᠵᠢ ᠠᠶᠠᠯᠠᠯ᠎ᠳᠤ ᠵᠤᠬᠢᠴᠠᠭᠤᠯᠬᠤ》 ᠬᠦᠷᠲᠡᠯ᠎ᠡ᠂ ᠳᠠᠬᠢᠭᠠᠳ 《AI ᠰᠡᠳᠬᠢᠴᠡ᠎ᠶᠢᠨ ᠡᠷᠡᠭᠦᠯ ᠮᠡᠨᠳᠦ》 ᠬᠦᠷᠲᠡᠯ᠎ᠡ ᠁ ᠣᠢᠷ᠎ᠠ᠎ᠳᠤ ᠭᠤᠸᠠᠩᠳᠦ᠋ᠩ᠎ᠦᠨ ᠵᠦᠡᠡᠠᠢ᠎ᠳᠤ ᠶᠠᠪᠤᠭᠳᠠᠭᠰᠠᠨ 《ᠮᠸᠩ ᠺᠸ ᠵᠢᠦᠢ》 ᠲᠤᠰᠬᠠᠢ ᠰᠡᠳᠦᠪᠲᠦ ᠰᠣᠨᠢᠨ ᠮᠡᠳᠡᠭᠡ ᠨᠡᠢᠲᠡᠯᠡᠬᠦ ᠬᠤᠷᠠᠯ ᠵᠢᠴᠢ ᠲᠣᠭᠠᠴᠢᠯᠠᠭᠰᠠᠨ ᠠᠵᠤ ᠠᠬᠤᠢ᠎ᠶᠢᠨ ᠦᠷ᠎ᠡ ᠪᠦᠲᠦᠭᠡᠯ᠎ᠢ ᠣᠨᠳᠣᠣᠰᠢᠭᠤᠯᠬᠤ ᠠᠵᠢᠯᠯᠠᠭ᠎ᠠ ᠳᠡᠭᠡᠷ᠎ᠡ᠂ ᠵᠦᠡᠡᠡᠢ᠎ᠶᠢᠨ ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠡᠷᠢᠭᠦᠨ᠎ᠦ ᠰᠤᠳᠤᠯᠭᠠᠨ᠎ᠤ ᠬᠦᠷᠢᠶᠡᠯᠡᠩ᠂ ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠱᠧᠨᠵᠧᠨ᠎ᠦ ᠲᠡᠷᠢᠭᠦᠨ᠎ᠦ ᠮᠡᠷᠭᠡᠵᠢᠯ᠎ᠦᠨ ᠰᠤᠳᠤᠯᠭᠠᠨ᠎ᠤ ᠬᠦᠷᠢᠶᠡᠯᠡᠩ ᠵᠡᠷᠭᠡ ᠪᠠᠢᠭᠤᠯᠤᠮᠵᠢ᠎ᠶᠢᠨ ᠨᠢᠭᠡ ᠪᠦᠯᠦᠭ ᠬᠣᠰᠢᠭᠤᠷᠠᠯ ᠦᠷ᠎ᠡ ᠪᠦᠲᠦᠭᠡᠯ ᠲᠥᠪᠯᠡᠷᠡᠩᠭᠦᠢ ᠢᠯᠡᠷᠡᠪᠡ᠃

《ᠡᠳᠡᠭᠡᠷ ᠦᠷ᠎ᠡ ᠪᠦᠲᠦᠭᠡᠯ ᠨᠢ ᠥᠪᠥᠷ ᠮᠣᠩᠭᠣᠯ᠎ᠤᠨ ᠪᠡᠶ᠎ᠡ ᠴᠤᠭᠴᠠᠲᠤ ᠤᠶᠤᠨ ᠴᠢᠳᠠᠪᠤᠷᠢ᠂ ᠤᠢᠷ᠎ᠠ ᠤᠭᠲᠠᠷᠭᠤᠢ᠎ᠵᠢᠨ ᠠᠵᠤ ᠠᠬᠤᠢ᠂ ᠬᠥᠮᠥᠨ ᠮᠠᠰᠢᠨ᠎ᠤ ᠰᠣᠯᠢᠯᠴᠠᠭ᠎ᠠ ᠵᠡᠷᠭᠡ ᠬᠣᠰᠢᠭᠤᠷᠠᠯ ᠬᠦᠷᠢᠶᠡᠨ᠎ᠳᠡᠬᠢ ᠠᠵᠤ ᠦᠢᠯᠡᠰ᠎ᠦᠨ ᠬᠡᠷᠡᠭᠴᠡᠭᠡ ᠱᠠᠭᠠᠷᠳᠠᠯᠭ᠎ᠠ᠎ᠲᠠᠢ ᠣᠨᠣᠴᠠᠲᠠᠢ ᠵᠣᠯᠭᠠᠯᠳᠤᠵᠤ᠂ ᠤᠯᠠᠮᠵᠢᠯᠠᠯᠲᠤ ᠠᠵᠤ ᠦᠢᠯᠡᠰ᠎ᠦᠨ ᠲᠣᠭᠠᠴᠢᠯᠠᠯᠲᠠ᠎ᠶᠢᠨ ᠳᠡᠰ ᠳᠡᠪᠰᠢᠬᠦ ᠪᠠ ᠰᠢᠨ᠎ᠡ᠎ᠪᠡᠷ ᠮᠠᠨᠳᠤᠭᠰᠠᠨ ᠤᠷᠤᠯᠳᠤᠭᠠᠨ᠎ᠤ ᠵᠠᠮ᠎ᠢ ᠪᠣᠢᠵᠢᠭᠤᠯᠬᠤ᠎ᠳᠤ ᠰᠢᠨ᠎ᠡ ᠮᠡᠷᠭᠡᠵᠢᠯ᠎ᠦᠨ ᠠᠷᠭ᠎ᠠ ᠵᠠᠮ ᠬᠠᠩᠭᠠᠵᠠᠢ》 ᠭᠡᠵᠦ ᠾᠧᠩ ᠴᠢᠨ ᠣᠯᠠᠨ ᠤᠯᠤᠰ᠎ᠤᠨ ᠮᠡᠳᠡᠯᠭᠡ᠎ᠶᠢᠨ ᠪᠦᠲᠦᠭᠡᠭᠳᠡᠬᠦᠨ᠎ᠦ ᠥᠮᠴᠢᠯᠡᠯ᠎ᠤᠨ ᠡᠷᠬᠡ᠎ᠶᠢᠨ ᠠᠷᠠᠯᠵᠢᠶᠠᠨ᠎ᠤ ᠲᠥᠪ᠎ᠦᠨ ᠬᠢᠵᠠᠭᠠᠷᠲᠤ ᠺᠣᠮᠫᠠᠨᠢ᠎ᠶᠢᠨ ᠬᠣᠯᠪᠣᠭᠳᠠᠯ ᠪᠦᠬᠦᠢ ᠬᠠᠷᠢᠭᠤᠴᠠᠯᠭᠠᠲᠠᠨ ᠢᠯᠡᠳᠭᠡᠪᠡ᠃

ᠰᠢᠨᠵᠢᠯᠡᠬᠦ ᠤᠬᠠᠭᠠᠨ᠎ᠤ ᠰᠤᠳᠤᠯᠭᠠᠨ᠎ᠤ ᠠᠵᠢᠯᠲᠠᠨ ᠪᠠ ᠠᠵᠤ ᠠᠬᠤᠢᠯᠠᠯ᠎ᠳᠤ ᠬᠥᠭᠥᠷᠭᠡ ᠬᠣᠯᠪᠣᠭᠠᠰᠤ ᠪᠣᠯᠵᠤ᠂ ᠨᠠᠩ ᠣᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ 《ᠦᠷ᠎ᠡ》 ᠶ᠋ᠢ ᠥᠪᠥᠷ ᠮᠣᠩᠭᠣᠯ᠎ᠳᠤ 《ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ》᠎ᠤ ᠵᠢᠮᠢᠰ ᠪᠤᠯᠭᠠᠨ᠎ᠠ᠃ ᠪᠥᠬᠥ ᠣᠷᠣᠨ᠎ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠡᠬᠢ ᠪᠠᠶᠠᠯᠢᠭ᠋᠎ᠤᠨ ᠬᠠᠩᠭᠠᠯᠭ᠎ᠠ ᠬᠡᠷᠡᠭᠴᠡᠭᠡ᠎ᠶᠢ ᠵᠣᠯᠭᠠᠭᠤᠯᠬᠤ ᠶᠡᠷᠦᠩᠬᠡᠢ ᠲᠠᠪᠴᠠᠩ ᠪᠣᠯᠤᠭᠰᠠᠨ᠎ᠤ ᠬᠤᠪᠢ᠎ᠳᠤ᠂ 《ᠮᠧᠩ ᠺᠧ ᠵᠢᠦᠢ》 ᠨᠢᠭᠡᠨᠲᠡ 16 ᠬᠤᠪᠢᠶᠠᠷᠢ ᠲᠥᠪ᠂ 34 ᠣᠷᠣᠨ᠎ᠤ ᠭᠠᠳᠠᠨᠠᠬᠢ ᠬᠠᠮᠵᠢᠯᠴᠠᠨ ᠰᠢᠨ᠎ᠡ᠎ᠶᠢ ᠡᠭᠦᠳᠬᠦ ᠪᠠᠢᠭᠤᠯᠤᠮᠵᠢ᠎ᠶᠢ ᠪᠠᠢᠭᠤᠯᠵᠤ᠂ ᠳᠠᠩᠰᠠᠯᠠᠭᠤᠯᠤᠭᠰᠠᠨ ᠬᠡᠷᠡᠭᠯᠡᠭᠴᠢ 2 ᠲᠦᠮᠡ᠎ᠶᠢ ᠳᠠᠪᠠᠵᠤ᠂ ᠦᠢᠯᠡᠴᠢᠯᠡᠭᠡᠨ᠎ᠦ ᠨᠢᠭᠡᠴᠢ 7000 ᠰᠢᠬᠠᠮ ᠪᠣᠯᠵᠤ᠂ ᠨᠡᠶ᠋ᠢᠲᠡ 741 ᠵᠦᠢᠯ᠎ᠦᠨ ᠦᠷ᠎ᠡ ᠪᠦᠲᠦᠭᠡᠯ᠎ᠢ ᠠᠮᠵᠢᠯᠲᠠ᠎ᠲᠠᠢ ᠤᠨᠲᠤᠤᠰᠢᠭᠤᠯᠬᠤ ᠎ᠶᠢ ᠠᠬᠢᠭᠤᠯᠵᠤ᠂ 9.7 ᠳ᠋ᠦᠩᠰᠢᠭᠤᠷ ᠲᠥᠭᠥᠷᠢᠭ᠎ᠦᠨ ᠠᠵᠤ ᠠᠬᠤᠢ᠎ᠶᠢᠨ ᠦᠷ᠎ᠡ ᠠᠰᠢᠭ᠋᠎ᠢ ᠪᠡᠶᠡᠯᠡᠭᠦᠯᠪᠡ᠃

ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠳᠤ ᠰᠢᠨᠵᠢᠯᠡᠨ ᠪᠠᠢᠴᠠᠭᠠᠬᠤ᠎ᠳᠠᠭᠠᠨ᠂ ᠰᠢᠨ᠎ᠡ᠎ᠶᠢ ᠡᠭᠦᠳᠬᠦ ᠪᠣᠯ ᠠᠵᠤ ᠠᠬᠤᠢ᠎ᠶᠢᠨ ᠬᠥᠭᠵᠢᠯᠲᠡ᠎ᠶᠢᠨ ᠠᠷᠭ᠎ᠠ ᠬᠡᠯᠪᠡᠷᠢ᠎ᠶᠢ ᠬᠤᠪᠢᠷᠠᠭᠤᠯᠬᠤ᠎ᠶᠢᠨ ᠵᠠᠩᠭᠢᠯᠠᠭ᠎ᠠ ᠪᠣᠯᠣᠨ᠎ᠠ ᠭᠡᠵᠦ ᠴᠢᠬᠤᠯᠠᠴᠢᠯᠠᠪᠠ᠃ ᠥᠪᠥᠷ ᠮᠣᠩᠭᠣᠯ ᠶᠠᠭ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠪᠡᠷ ᠡᠬᠢ ᠪᠠᠶᠠᠯᠢᠭ᠋᠎ᠤᠨ ᠳᠠᠪᠠᠭᠤᠯᠢᠭ᠋᠂ ᠠᠬᠤᠢ ᠲᠠᠯᠠᠪᠠᠶ᠎ᠶᠢᠨ ᠳᠠᠪᠠᠭᠤᠯᠢᠭ᠋᠎ᠢᠶᠠᠨ ᠠᠵᠤ ᠦᠢᠯᠡᠰ᠎ᠦᠨ ᠳᠠᠪᠠᠭᠤᠯᠢᠭ᠋ ᠪᠠ ᠬᠥᠭᠵᠢᠯᠲᠡ᠎ᠶᠢᠨ ᠳᠠᠪᠠᠭᠤᠯᠢᠭ᠋ ᠪᠣᠯᠭᠠᠨ ᠲᠦᠷᠭᠡᠨ ᠬᠤᠪᠢᠷᠠᠭᠤᠯᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠥᠪᠡᠷ᠎ᠢ᠎ᠪᠡᠨ ᠬᠦᠴᠦᠷᠬᠡᠭᠵᠢᠭᠦᠯᠬᠦ ᠵᠠᠮ᠎ᠢ ᠴᠢᠷᠮᠠᠢᠨ ᠨᠡᠭᠡᠭᠡᠵᠦ ᠪᠠᠢᠨ᠎ᠠ᠃

ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠢᠩᠬᠢᠮ 《ᠦᠷ᠎ᠡ᠎ᠵᠢᠨ ᠴᠠᠬᠢᠮ》 ᠢᠨᠵᠧᠨᠧᠷᠢᠩ᠎ᠦᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠴᠢᠬᠤᠯᠠ ᠶᠡᠬᠡ ᠲᠤᠰᠬᠠᠢ ᠵᠦᠢᠯ᠎ᠦᠨ ᠶᠡᠷᠦᠩᠬᠡᠢ ᠢᠨᠵᠧᠨᠧᠷ᠎ᠦᠨ ᠵᠢᠱ᠌ᠢᠭᠳᠡᠭᠴᠢ᠎ᠶᠢ ᠵᠠᠷᠯᠠᠨ ᠨᠡᠢᠲᠡᠯᠡᠬᠦ ᠠᠵᠢᠯ᠎ᠢ ᠳᠠᠭᠤᠰᠬᠠᠵᠤ᠂ ᠯᠦ᠍ ᠵᠠᠨ ᠶᠤᠸᠠᠨ᠂ ᠯᠢᠦ ᠶᠦᠩ ᠪᠢᠨ᠂ ᠹᠧᠩ ᠴᠢ ᠲᠣᠰ ᠲᠣᠰ ᠲᠠᠷᠢᠮᠠᠯ᠂ ᠭᠡᠷ᠎ᠦᠨ ᠲᠡᠵᠢᠭᠡᠪᠦᠷᠢ ᠪᠠ ᠲᠡᠵᠢᠭᠡᠯ ᠡᠪᠡᠰᠦᠨ᠎ᠦ ᠡᠭᠦᠯᠳᠡᠷ ᠪᠣᠢᠵᠢᠭᠤᠯᠬᠤ ᠭᠤᠷᠪᠠᠨ ᠶᠡᠬᠡ ᠬᠦᠷᠢᠶᠡᠨ᠎ᠳᠡᠬᠢ 《ᠶᠡᠷᠦᠩᠬᠡᠢ ᠢᠨᠵᠧᠨᠧᠷ》 ᠪᠣᠯᠪᠠ᠃ ᠡᠨᠡ ᠪᠣᠯ ᠥᠪᠥᠷ ᠮᠣᠩᠭᠣᠯ᠎ᠤᠨ ᠠᠩᠬᠠᠳᠠᠭ᠍ᠴᠢ ᠲᠤᠷᠰᠢᠨ ᠭᠡᠷᠡᠭᠵᠢᠬᠦᠯᠵᠦ ᠪᠠᠢᠭ᠎ᠠ 《ᠶᠡᠷᠦᠩᠬᠡᠢ ᠢᠨᠵᠧᠨᠧᠷ᠎ᠦᠨ ᠬᠠᠷᠢᠭᠤᠴᠠᠯᠭ᠎ᠠ᠎ᠶᠢᠨ ᠳᠦᠷᠢᠮ》 — ᠤᠯᠠᠮᠵᠢᠯᠠᠯᠲᠤ ᠲᠠᠷᠠᠬᠠᠢ ᠪᠤᠲᠠᠷᠬᠠᠢ᠎ᠪᠠᠷ ᠲᠥᠷᠥᠯ ᠵᠦᠢᠯ ᠲᠣᠭᠲᠠᠭᠠᠬᠤ᠂ ᠣᠯᠠᠨ ᠲᠠᠯ᠎ᠠ᠎ᠡᠴᠡ ᠬᠠᠮᠢᠶᠠᠷᠬᠤ᠎ᠲᠠᠢ ᠠᠳᠠᠯᠢ ᠦᠭᠡᠢ ᠪᠡᠷ ᠂ ᠡᠨᠡ ᠬᠦ᠌ ᠵᠠᠭᠪᠤᠷ ᠨᠢ ᠴᠢᠬᠤᠯᠠ ᠶᠡᠬᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠦᠢᠯᠡᠳᠪᠦᠷᠢᠯᠡᠬᠦ᠎ᠪᠡᠷ ᠤᠳᠤᠷᠢᠳᠤᠮᠵᠢ ᠪᠣᠯᠭᠠᠵᠤ᠂ ᠶᠡᠷᠦᠩᠬᠡᠢ ᠢᠨᠵᠧᠨᠧᠷ᠎ᠡᠴᠡ ᠰᠢᠨ᠎ᠡ᠎ᠶᠢ ᠡᠭᠦᠳᠬᠦ ᠪᠥᠬᠥ ᠬᠡᠯᠬᠢᠶ᠎ᠡ᠎ᠳᠦ ᠨᠢᠭᠡ ᠴᠣᠭᠴᠠᠵᠢᠭ᠍ᠰᠠᠨ ᠵᠢᠷᠤᠭ ᠲᠥᠯᠥᠪᠯᠡᠭᠡ ᠬᠢᠵᠦ᠂ ᠦᠢᠯᠡᠳᠪᠦᠷᠢᠯᠡᠯ ᠰᠤᠷᠭᠠᠨ ᠬᠦᠮᠦᠵᠢᠯ ᠰᠢᠨᠵᠢᠯᠡᠬᠦ ᠤᠬᠠᠭᠠᠨ᠎ᠤ᠋ ᠰᠤᠳᠤᠯᠭᠠᠨ ᠬᠡᠷᠡᠭᠯᠡᠯᠲᠡ᠎ᠶᠢᠨ ᠡᠬᠢ ᠪᠠᠶᠠᠯᠢᠭ᠋᠎ᠢ ᠨᠢᠭᠡᠳᠦᠯᠲᠡᠢ ᠲᠥᠯᠥᠪᠵᠢᠭᠦᠯᠵᠦ᠂ ᠬᠦᠴᠦᠨ᠎ᠢᠶᠡᠨ ᠲᠥᠪᠯᠡᠷᠡᠭᠦᠯᠦᠨ ᠭᠣᠣᠯᠯᠠᠬᠤ ᠮᠡᠷᠭᠡᠵᠢᠯ᠎ᠢ ᠰᠢᠪᠲᠤᠯᠵᠤ ᠪᠠᠢᠨ᠎ᠠ᠃

ᠡᠨᠡ ᠬᠦ᠌ ᠥᠭᠡᠷᠡᠴᠢᠯᠡᠯᠲᠡ᠎ᠶ᠋ᠢᠨ ᠠᠷᠭ᠎ᠠ ᠬᠡᠮᠵᠢᠶ᠎ᠡ ᠪᠣᠯ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠵᠤ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠠᠮᠢᠶᠠᠷᠤᠯᠲᠠ᠎ᠶ᠋ᠢᠨ ᠪᠠᠢᠭᠤᠯᠤᠯ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠬᠦ᠌᠎ᠶ᠋ᠢ ᠭᠦᠨᠵᠡᠭᠡᠢᠷᠡᠭᠦᠯᠬᠦ᠌ ᠵᠠᠩᠭᠢᠯᠠᠭ᠎ᠠ᠎ᠶ᠋ᠢᠨ ᠠᠯᠬᠤᠮ ᠪᠣᠯᠬᠤ ᠪᠥᠭᠡᠳ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠲᠦᠷᠭᠡᠨ ᠪᠣᠢᠵᠢᠭᠤᠯᠬᠤ᠎ᠳᠤ ᠱᠢᠨ᠎ᠡ ᠬᠥᠳᠡᠯᠭᠡᠬᠦ᠌ ᠡᠨᠧᠷᠭᠢ ᠨᠡᠮᠡᠷᠢᠯᠡᠭ᠌ᠰᠡᠨ ᠪᠠᠢᠨ᠎ᠠ᠃

ᠵᠢᠯ᠎ᠤᠨ ᠡᠬᠢᠨ᠎ᠡᠴᠡ ᠨᠠᠭᠠᠰᠢ᠂ ᠥᠪᠥᠷ ᠮᠣᠩᠭᠣᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠠᠢᠭᠤᠯᠤᠯ ᠎ᠤᠨ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠪᠣᠳᠠᠲᠠᠶ᠎ᠶ᠋ᠢ ᠡᠷᠬᠢᠮᠯᠡᠭ᠌ᠰᠡᠨ ᠠᠷᠭ᠎ᠠ ᠬᠡᠮᠵᠢᠶ᠎ᠡ᠎ᠨᠦᠭᠦᠳ᠎ᠢ ᠵᠠᠯᠭᠠᠭ᠎ᠠ᠎ᠪᠠᠷ ᠨᠠᠢᠳᠠᠪᠤᠷᠢᠵᠢᠭᠤᠯᠪᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠭᠦᠷᠭᠡ ᠲᠤᠱᠢᠶᠠᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠷ᠎ᠡ ᠪᠦᠲᠦᠭᠡᠯ᠎ᠦᠨ ᠡᠳ᠋ ᠬᠥᠷᠥᠩᠭᠡ᠎ᠶ᠋ᠢ ᠲᠤᠰᠠᠭᠠᠷ ᠵᠢᠭ᠍ᠰᠠᠭᠠᠭ᠍ᠰᠠᠨ ᠬᠠᠮᠢᠶᠠᠷᠤᠯᠲᠠ᠎ᠶ᠋ᠢᠨ ᠠᠵᠢᠯᠯᠠᠭᠠᠨ᠎ᠤ ᠵᠢᠯᠣᠭᠣᠳᠤᠮᠵᠢ》 ᠶ᠋ᠢ ᠳᠠᠷᠤᠮᠠᠯᠯᠠᠨ ᠲᠠᠷᠬᠠᠭᠠᠵᠤ᠂ ᠱᠢᠨ᠎ᠡ᠎ᠶ᠋ᠢ ᠡᠭᠦᠳᠬᠦ᠌ ᠭᠤᠤᠯ ᠴᠣᠭ᠍ᠴᠠ᠎ᠵᠢᠨ ᠳᠠᠷᠤᠭᠠᠰᠤ ᠵᠢ ᠬᠦᠩᠭᠡᠷᠡᠭᠦᠯᠪᠡ; 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠡᠭᠡᠳᠦ ᠱᠢᠨ᠎ᠡ ᠮᠡᠷᠭᠡᠵᠢᠯ᠎ᠦᠨ ᠲᠣᠭᠣᠷᠢᠭ᠎ᠤᠨ ᠱᠢᠨ᠎ᠡ ᠤᠷᠤᠯᠳᠤᠭᠠᠨ᠎ᠤ ᠵᠠᠮ᠎ᠤᠨ ᠭᠤᠷᠪᠠᠨ ᠵᠢᠯ᠎ᠦᠨ ᠪᠣᠢᠵᠢᠭᠤᠯᠬᠤ ᠲᠥᠰᠦᠯ》 ᠢ᠋ ᠨᠡᠢᠲᠡᠯᠡᠵᠦ᠍᠂ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠦ ᠪᠦᠷᠢᠯᠳᠦᠬᠦ᠌᠎ᠶ᠋ᠢ ᠲᠦᠷᠭᠡᠳᠭᠡᠪᠡ; 11 ᠰᠠᠯᠠᠭ᠎ᠠ ᠮᠥᠴᠢᠷ ᠬᠠᠮᠲᠤᠷᠠᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠤᠨᠳᠤᠤᠰᠢᠭᠤᠯᠬᠤ ᠭᠤᠷᠪᠠᠨ ᠵᠢᠯ᠎ᠦᠨ ᠠᠵᠢᠯᠯᠠᠭᠠᠨ᠎ᠤ ᠲᠥᠰᠦᠯ᠎ᠢ ᠲᠣᠭ᠍ᠲᠠᠭᠠᠪᠠ; 10 ᠰᠠᠯᠠᠭ᠎ᠠ ᠮᠥᠴᠢᠷ ᠬᠠᠮᠲᠤᠷᠠᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠵᠤ ᠠᠬᠤᠢᠯᠠᠯ᠎ᠢ ᠴᠢᠨᠠᠷ ᠰᠠᠢᠲᠠᠶ ᠪᠣᠢᠵᠢᠭᠤᠯᠬᠤ ᠭᠤᠷᠪᠠᠨ ᠵᠢᠯ᠎ᠦᠨ ᠠᠵᠢᠯᠯᠠᠭᠠᠨ᠎ᠤ ᠲᠥᠰᠦᠯ᠎ᠢ ᠨᠡᠢᠲᠡᠯᠡᠪᠡ; 5 ᠰᠠᠯᠠᠭ᠎ᠠ ᠮᠥᠴᠢᠷ ᠬᠠᠮᠲᠤᠷᠠᠨ 《ᠴᠠᠭᠠᠨ ᠲᠠᠩᠰᠠ》 ᠵᠢᠨ ᠱᠢᠨ᠎ᠡ᠎ᠶ᠋ᠢ ᠡᠭᠦᠳᠬᠦ᠌ ᠲᠠᠪᠴᠠᠩ᠎ᠤᠨ ᠡᠳ᠋᠎ᠦᠨ ᠵᠠᠰᠠᠭ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠯᠠ ᠮᠥᠩᠭᠥ᠎ᠶ᠋ᠢᠨ ᠬᠠᠮᠢᠶᠠᠷᠤᠯᠲᠠ᠎ᠶ᠋ᠢᠨ ᠠᠷᠭ᠎ᠠ᠎ᠶ᠋ᠢ ᠨᠡᠢᠲᠡᠯᠡᠪᠡ ᠁ ᠠᠯᠢ ᠣᠯᠠᠨ ᠲᠥᠷᠥ᠎ᠶ᠋ᠢᠨ ᠪᠣᠳᠣᠯᠭ᠎ᠠ᠎ᠶ᠋ᠢᠨ ᠬᠠᠮ ᠠᠷᠭ᠎ᠠ ᠬᠡᠮᠵᠢᠶ᠎ᠡ᠎ᠶ᠋ᠢ ᠠᠪᠴᠤ᠌᠂ ᠡᠷᠬᠡ ᠬᠠᠷᠢᠭᠤᠴᠠᠯᠭ᠎ᠠ᠎ᠪᠠᠨ ᠲᠣᠳᠣᠷᠬᠠᠶ ᠪᠣᠯᠭᠠᠨ᠂ ᠥᠨᠳᠥᠷ ᠪᠦᠲᠦᠮᠵᠢᠲᠡᠶ ᠨᠢᠭᠡᠳᠦᠯᠲᠡᠶ ᠲᠥᠯᠥᠪᠯᠡᠵᠦ᠍᠂ 《ᠱᠢᠨ᠎ᠡ᠎ᠶ᠋ᠢ ᠡᠭᠦᠳᠬᠦ᠌ ᠬᠦᠴᠦᠨ》 ᠢ᠋ 《ᠦᠶ᠋ᠯᠡᠳᠪᠦᠷᠢᠯᠡᠯ᠎ᠦᠨ ᠬᠦᠴᠦᠨ》 ᠪᠣᠯᠭᠠᠨ ᠬᠤᠪᠢᠷᠠᠭᠤᠯᠬᠤ᠎ᠶ᠋ᠢ ᠲᠦᠷᠭᠡᠳᠭᠡᠵᠠᠢ᠃

ᠥᠪᠥᠷ ᠮᠣᠩᠭᠣᠯ ᠶᠠᠭ 《ᠰᠠᠭᠤᠷᠢ ᠰᠤᠳᠤᠯᠭᠠᠨ + ᠮᠡᠷᠭᠡᠵᠢᠯ᠎ᠦᠨ ᠪᠣᠭᠣᠮᠲᠠ ᠱᠢᠪᠲᠤᠯᠬᠤ + ᠦᠷ᠎ᠡ ᠪᠦᠲᠦᠭᠡᠯ᠎ᠢ ᠤᠨᠳᠤᠤᠱᠢᠭᠤᠯᠬᠤ + ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠮᠥᠩᠭᠥᠨ ᠭᠦᠶ᠋ᠯᠭᠡᠭᠡ + ᠴᠢᠳᠠᠪᠤᠷᠢᠲᠠᠨ᠎ᠤ ᠲᠤᠯᠭᠠᠭᠤᠷᠢᠯᠠᠯ》 ᠤ᠋ᠨ ᠪᠥᠬᠥ᠌ ᠶᠠᠪᠤᠴᠠ᠎ᠶ᠋ᠢᠨ ᠱᠢᠨ᠎ᠡ᠎ᠶ᠋ᠢ ᠡᠭᠦᠳᠬᠦ᠌ ᠬᠡᠯᠬᠢᠶ᠎ᠡ᠎ᠶ᠋ᠢ ᠲᠦᠷᠭᠡᠳᠭᠡᠨ ᠪᠠᠢᠭᠤᠯᠵᠤ᠂ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠲᠤᠯᠭᠠᠭᠤᠷᠢᠯᠠᠯ ᠲᠥᠯᠥᠪᠯᠡᠭᠡ᠂ ᠱᠢᠨ᠎ᠡ᠎ᠶ᠋ᠢ ᠡᠭᠦᠳᠬᠦ᠌ ᠲᠠᠪᠴᠠᠩ᠎ᠤᠨ ᠡᠨᠧᠷᠭᠢ᠎ᠶ᠋ᠢᠨ ᠲᠠᠰ᠎ᠢ ᠳᠡᠭᠡᠭ᠌ᠰᠢᠯᠡᠭᠦᠯᠬᠦ᠌ ᠲᠥᠯᠥᠪᠯᠡᠭᠡ᠂ ᠪᠣᠭᠣᠮᠲᠠ ᠱᠢᠪᠲᠤᠯᠬᠤ ᠣᠷᠭᠢᠯ᠎ᠳᠤ ᠠᠪᠠᠷᠢᠬᠤ ᠲᠥᠯᠥᠪᠯᠡᠭᠡ ᠵᠡᠷᠭᠡ᠎ᠶ᠋ᠢ ᠡᠬᠢᠯᠡᠨ ᠬᠡᠷᠡᠭ᠌ᠵᠢᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠡᠨᠡ ᠬᠦ᠌ 《ᠵᠠᠩᠭᠢᠯᠠᠭ᠎ᠠ᠎ᠶ᠋ᠢᠨ ᠬᠤᠪᠢᠰᠤᠭ᠍ᠴᠢ ᠬᠡᠮᠵᠢᠭ᠌ᠳᠡᠬᠦᠨ》 ᠢ᠋ ᠴᠢᠨᠠᠷ ᠰᠠᠢᠲᠠᠶ ᠬᠥᠭ᠌ᠵᠢᠯᠲᠡ᠎ᠶ᠋ᠢᠨ 《ᠬᠠᠮᠤᠭ᠎ᠤᠨ ᠶᠡᠬᠡ ᠨᠡᠮᠡᠭ᠌ᠳᠡᠯ》 ᠪᠣᠯᠭᠠᠵᠤ ᠪᠠᠢᠨ᠎ᠠ᠃

ᠥᠨᠥᠳᠦᠷ᠎ᠦᠨ ᠥᠪᠥᠷ ᠮᠣᠩᠭᠣᠯ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ᠎ᠢᠶᠡᠷ ᠪᠢᠯᠬᠠᠵᠤ᠂ ᠶᠠᠭ ᠱᠢᠨ᠎ᠡ ᠲᠡᠦᠬᠡ᠎ᠶ᠋ᠢᠨ ᠭᠠᠷᠤᠭ᠎ᠠ ᠳᠡᠭᠡᠷ᠎ᠡ ᠵᠣᠭ᠍ᠰᠣᠵᠤ ᠪᠠᠢᠨ᠎ᠠ᠃ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠬᠤᠭᠤᠴᠠᠭ᠎ᠠ ᠪᠣᠯ ᠴᠢᠨᠠᠷ ᠰᠠᠢᠲᠠᠢ ᠬᠥᠭ᠌ᠵᠢᠯᠲᠡ᠎ᠶ᠋ᠢᠨ ᠵᠠᠩᠭᠢᠯᠠᠭ᠎ᠠ᠎ᠶ᠋ᠢᠨ ᠱᠠᠳᠤ ᠦᠶ᠎ᠡ ᠮᠥᠨ᠃ ᠡᠨᠡ ᠵᠢᠯ᠎ᠦᠨ 4 ᠰᠠᠷ᠎ᠠ᠎ᠶ᠋ᠢᠨ 21 ᠎ᠤ᠋ ᠡᠳᠦᠷ ᠬᠤᠷᠠᠯᠳᠤᠭᠤᠯᠤᠭ᠍ᠰᠠᠨ 《〈ᠠᠷᠪᠠᠨ ᠲᠠᠪᠤᠳᠤᠭᠠᠷ ᠲᠠᠪᠤᠨ ᠵᠢᠯ〉 ᠤ᠋ᠨ ᠰᠠᠢᠨ ᠡᠬᠢᠯᠡᠯᠳᠡ ᠲᠤᠷᠪᠢᠯᠢᠭ ᠠᠯᠬᠤᠭ᠎ᠠ — ᠱᠢᠨ᠎ᠡ ᠠᠶᠠᠨ ᠳ᠋ᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠶ᠎ᠡ》 ᠭᠡᠬᠦ᠌ ᠲᠤᠰᠭᠠᠶ ᠰᠡᠳᠦᠪᠲᠦ ᠰᠣᠨᠢᠨ ᠮᠡᠳᠡᠭᠡ ᠨᠡᠢᠲᠡᠯᠡᠬᠦ᠌ ᠬᠤᠷᠠᠯ ᠳᠡᠭᠡᠷ᠎ᠡ᠂ ᠥᠪᠥᠷ ᠮᠣᠩᠭᠣᠯ ᠨᠢ ᠤᠯᠤᠰ᠎ᠤᠨ ᠬᠡᠷᠡᠭ᠌ᠴᠡᠭᠡ᠂ ᠣᠷᠣᠨ ᠪᠦᠰᠡ᠎ᠶ᠋ᠢᠨ ᠴᠢᠳᠠᠪᠤᠷᠢ᠂ ᠠᠷᠠᠳ᠎ᠤᠨ ᠠᠮᠢᠳᠤᠷᠠᠯ᠎ᠤᠨ ᠱᠢᠰᠲ᠋ᠧᠮ ᠪᠠ ᠢᠷᠡᠭᠡᠳᠦᠢ ᠵᠢᠨ ᠬᠠᠨᠳᠤᠰᠢ ᠴᠢᠭᠯᠡᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠥᠨᠳᠥᠷ ᠲᠦᠪᠱᠢᠨ ᠪᠥᠬᠥᠶ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢᠶᠡᠷ ᠪᠡᠶ᠎ᠡ᠎ᠪᠡᠨ ᠳᠠᠭᠠᠭᠠᠨ ᠬᠦᠴᠦᠷᠬᠡᠭ᠌ᠵᠢᠵᠦ᠍ ᠱᠢᠨ᠎ᠡ ᠴᠢᠨᠠᠷ ᠤ᠋ᠨ ᠦᠶ᠋ᠯᠡᠳᠪᠦᠷᠢᠯᠡᠯ᠎ᠦᠨ ᠬᠦᠴᠦᠨ᠎ᠦ ᠬᠥᠭ᠌ᠵᠢᠯᠲᠡ᠎ᠶ᠋ᠢ ᠬᠥᠲᠥᠯᠦᠨ ᠳᠠᠭᠠᠭᠤᠯᠵᠤ᠂ ᠭᠤᠷᠪᠠᠨ ᠵᠠᠩᠭᠢᠯᠠᠭ᠎ᠠ᠎ᠶ᠋ᠢᠨ ᠴᠡᠭ᠎ᠦᠨ ᠲᠣᠭᠣᠷᠢᠨ᠎ᠳᠤ ᠪᠥᠬᠥ᠌ ᠲᠠᠯ᠎ᠠ᠎ᠪᠠᠷ ᠬᠦᠴᠦᠯᠡᠨ᠎ᠡ ᠭᠡᠵᠦ᠍ ᠲᠣᠳᠣᠷᠬᠠᠢᠯᠠᠪᠠ᠃

ᠬᠠᠩᠭᠠᠯᠭ᠎ᠠ᠎ᠶ᠋ᠢ ᠨᠡᠮᠡᠭ᠌ᠳᠡᠭᠦᠯᠵᠦ᠍ ᠠᠭᠤᠰᠤᠯᠴᠠᠯ᠎ᠢ ᠠᠬᠢᠭᠤᠯᠤᠨ᠎ᠠ᠃ ᠬᠠᠩᠭᠠᠯᠭ᠎ᠠ ᠬᠡᠷᠡᠭ᠌ᠴᠡᠭᠡ᠎ᠶ᠋ᠢᠨ ᠬᠣᠶᠠᠷ ᠲᠠᠯ᠎ᠠ᠎ᠪᠠᠷ ᠬᠦᠴᠦᠯᠡᠬᠦ᠌᠎ᠶ᠋ᠢ ᠪᠠᠷᠢᠮᠲᠠᠯᠠᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ ᠡᠭᠦᠳᠦᠯᠲᠡ ᠪᠣᠯᠤᠨ ᠠᠵᠤ ᠦᠢᠯᠡᠰ᠎ᠦᠨ ᠱᠢᠨ᠎ᠡ ᠡᠭᠦᠳᠦᠯᠲᠡ᠎ᠶ᠋ᠢᠨ ᠭᠦᠨᠵᠡᠭᠡᠢ ᠠᠭᠤᠰᠤᠯᠴᠠᠯ᠎ᠢ ᠠᠬᠢᠭᠤᠯᠤᠨ᠎ᠠ᠃ ᠡᠨᠧᠷᠭᠢ᠂ ᠬᠣᠪᠣᠷ ᠱᠢᠷᠣᠶ᠂ ᠰᠦ ᠶ᠋ᠢᠨ ᠦᠶ᠋ᠯᠡᠰ᠂ ᠡᠪᠡᠰᠦᠨ᠎ᠦ ᠦᠶ᠋ᠯᠡᠰ ᠵᠡᠷᠭᠡ ᠳᠠᠪᠠᠭᠤᠯᠢᠭ ᠬᠦᠷᠢᠶ᠎ᠡ ᠴᠠᠷᠠᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠦᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠴᠢᠬᠤᠯᠠ ᠶᠡᠬᠡ ᠲᠤᠰᠭᠠᠶ ᠲᠥᠷᠥᠯ ᠵᠦᠶ᠋ᠯ᠎ᠢ ᠬᠡᠷᠡᠭ᠌ᠵᠢᠭᠦᠯᠵᠦ᠍᠂ 《ᠪᠤᠰᠤᠳ ᠲᠤ᠌ ᠪᠠᠢᠬᠤ ᠥᠬᠡᠶ ᠨᠢ ᠨᠠᠳᠠ ᠳ᠋ᠤ ᠪᠠᠢᠬᠤ᠂ ᠬᠥᠮᠦᠨ ᠪᠦᠬᠦᠨ ᠳ᠋ᠤ ᠪᠠᠢᠬᠤ ᠳ᠋ᠤ ᠮᠢᠨᠦᠬᠢ ᠨᠢ ᠱᠢᠯᠢᠳᠡᠭ》 ᠨᠢᠭᠡ ᠪᠦᠯᠦᠭ ᠴᠢᠬᠤᠯᠠ ᠶᠡᠬᠡ ᠦᠷ᠎ᠡ ᠪᠦᠲᠦᠭᠡᠯ᠎ᠢ ᠭᠠᠷᠭᠠᠬᠤ᠎ᠪᠠᠷ ᠴᠢᠷᠮᠠᠢᠨ᠎ᠠ; ᠱᠢᠨ᠎ᠡ ᠬᠡᠯᠪᠡᠷᠢ᠎ᠶ᠋ᠢᠨ ᠬᠢᠮᠢ᠎ᠶ᠋ᠢᠨ ᠠᠵᠤ ᠦᠶ᠋ᠯᠡᠳᠪᠦᠷᠢ᠂ ᠲᠣᠨᠣᠭᠯᠠᠯ᠎ᠤᠨ ᠦᠶ᠋ᠯᠡᠳᠬᠡᠯ᠂ ᠪᠣᠬᠢᠷᠲᠤᠯ ᠥᠬᠡᠶ ᠲᠡᠮᠦᠷᠯᠢᠭ ᠬᠠᠢᠯᠤᠭᠤᠯᠬᠤ ᠵᠡᠷᠭᠡ ᠤᠯᠠᠮᠵᠢᠯᠠᠯᠲᠤ ᠠᠵᠤ ᠦᠶ᠋ᠯᠡᠰ᠎ᠦᠨ ᠲᠣᠭᠣᠷᠢᠨ᠎ᠳᠤ᠂ ᠨᠢᠭᠡ ᠪᠦᠯᠦᠭ ᠠᠵᠤ ᠦᠶ᠋ᠯᠡᠰ᠎ᠦᠨ ᠪᠠᠴᠢᠮ ᠬᠡᠷᠡᠭ᠌ᠰᠡᠬᠦ᠌ ᠮᠡᠷᠭᠡᠵᠢᠯ᠎ᠦᠨ ᠬᠦᠴᠢᠷ ᠠᠰᠠᠭᠤᠳᠠᠯ᠎ᠢ ᠱᠢᠶ᠋ᠳᠪᠦᠷᠢᠯᠡᠨ᠎ᠡ; ᠤᠢᠷ᠎ᠠ ᠤᠭᠲᠠᠷᠭᠤᠢ᠎ᠵᠢᠨ ᠠᠵᠤ ᠠᠬᠤᠢ᠂ ᠪᠤᠳᠤᠯᠲᠠ᠎ᠵᠢᠨ ᠬᠦᠴᠦᠨ ᠴᠠᠬᠢᠯᠭᠠᠨ ᠬᠦᠴᠦᠨ᠎ᠤ ᠬᠠᠮᠵᠢᠯᠴᠠᠭ᠎ᠠ᠂ ᠤᠰᠤᠲᠥ᠋ᠷᠥᠭ᠌ᠴᠢ ᠡᠨᠧᠷᠭᠢ ᠨᠥᠭᠡᠴᠡᠯᠡᠬᠦ ᠵᠡᠷᠭᠡ ᠱᠢᠨ᠎ᠡ ᠤᠷᠤᠯᠳᠤᠭᠠᠨ᠎ᠤ ᠵᠠᠮ᠎ᠢ ᠤᠨᠢᠯᠠᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠦᠷᠦᠯ ᠵᠦᠢᠯ᠎ᠢ ᠪᠠᠢᠷᠢᠱᠢᠭᠤᠯᠵᠤ᠂ 《ᠬᠥᠱᠢᠢ᠎ᠡ ᠳᠡᠮᠳᠡᠭ》 ᠮᠠᠶᠢᠭ᠎ᠤᠨ ᠬᠠᠮᠢᠶᠠᠷᠤᠯᠲᠠ᠎ᠶ᠋ᠢ ᠬᠡᠷᠡᠭ᠌ᠵᠢᠭᠦᠯᠵᠦ᠍᠂ ᠪᠡᠯᠡ ᠮᠥᠩᠭᠥ᠎ᠶ᠋ᠢ ᠴᠢᠬᠤᠯᠠ ᠭᠠᠵᠠᠷ᠎ᠲᠤ ᠬᠡᠷᠡᠭ᠌ᠯᠡᠵᠦ᠍᠂ ᠵᠢᠩᠬᠢᠨᠢ ᠦᠷ᠎ᠡ ᠪᠦᠲᠦᠭᠡᠯ ᠭᠠᠷᠭᠠᠬᠤ᠎ᠶ᠋ᠢ ᠦᠨᠡᠨ ᠬᠦ᠌ ᠪᠠᠲᠤᠯᠠᠨ᠎ᠠ᠃ ᠡᠭᠦᠨ᠎ᠦ ᠬᠠᠮᠲᠤ᠂ ᠦᠷ᠎ᠡ ᠪᠦᠲᠦᠭᠡᠯ᠎ᠦᠨ ᠡᠷᠬᠡ ᠣᠯᠭᠣᠬᠤ᠂ 《ᠤᠷᠢᠳ᠎ᠢᠶᠠᠷ ᠬᠡᠷᠡᠭ᠌ᠯᠡᠵᠦ᠍ ᠳᠠᠷᠠᠭ᠎ᠠ ᠨᠢ ᠰᠦᠶ᠋ᠳᠭᠡᠯ ᠲᠤᠱᠢᠶᠠᠬᠤ》᠂ 《ᠤᠷᠢᠳ᠎ᠢᠶᠠᠷ ᠪᠠᠯᠠ ᠣᠷᠣᠭᠤᠯᠵᠤ ᠳᠠᠷᠠᠭ᠎ᠠ ᠨᠢ ᠬᠤᠪᠢ ᠣᠷᠣᠭᠤᠯᠬᠤ》 ᠵᠡᠷᠭᠡ ᠲᠣᠭ᠍ᠲᠠᠴᠠ᠎ᠶ᠋ᠢ ᠪᠦᠷᠢᠨᠱᠢᠭᠦᠯᠵᠦ᠍᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠳ᠎ᠢ ᠤᠨᠳᠤᠤᠰᠢᠭᠤᠯᠬᠤ ᠳᠤᠷᠠᠲᠠᠢ᠂ ᠵᠣᠷᠢᠭ᠍ᠲᠠᠶ᠎ᠪᠠᠷ ᠤᠨᠳᠤᠤᠰᠢᠭᠤᠯᠬᠤ᠂ ᠤᠨᠳᠤᠤᠰᠢᠭᠤᠯᠵᠤ ᠴᠢᠳᠠᠬᠤ ᠪᠣᠯᠭᠠᠨ᠎ᠠ; 《ᠮᠧᠩ ᠺᠧ ᠵᠢᠦᠢ》 ᠶᠡᠷᠦᠩᠬᠡᠶ ᠲᠠᠪᠴᠠᠩ᠎ᠤᠨ ᠬᠦᠶ᠋ᠰᠦ ᠦᠶ᠋ᠯᠡᠳᠦᠯ᠎ᠢ ᠳᠣᠪᠣᠢᠯᠭᠠᠨ᠂ ᠤᠬᠠᠭ᠍ᠳᠠᠬᠤᠨ᠎ᠢ ᠱᠢᠯᠭᠠᠨ ᠪᠠᠲᠤᠯᠠᠬᠤ᠂ ᠵᠠᠪᠰᠠᠷ᠎ᠤᠨ ᠲᠤᠷᠱᠢᠯᠲᠠ᠎ᠶ᠋ᠢᠨ ᠲᠠᠪᠴᠠᠩ᠎ᠤᠨ ᠪᠠᠢᠷᠢᠱᠢᠭᠤᠯᠤᠯᠲᠠ᠎ᠶ᠋ᠢ ᠠᠬᠢᠭᠤᠯᠵᠤ᠂ ᠨᠠᠩ ᠣᠯᠠᠨ ᠦᠷ᠎ᠡ ᠪᠦᠲᠦᠭᠡᠯ᠎ᠢ 《ᠵᠠᠭ᠍ᠪᠤᠷ》 ᠡᠴᠡ 《ᠦᠶ᠋ᠯᠡᠳᠬᠦᠨ》 ᠪᠣᠯᠭᠠᠨ ᠬᠤᠪᠢᠷᠠᠭᠤᠯᠵᠤ᠂ 《ᠠᠵᠤ ᠦᠶ᠋ᠯᠡᠰ》 ᠢ᠋ ᠪᠦᠷᠢᠯᠳᠦᠭᠦᠯᠦᠨ᠎ᠡ᠃

ᠭᠤᠤᠯ ᠴᠣᠭ᠍ᠴᠠ᠎ᠶ᠋ᠢ ᠬᠦᠴᠦᠷᠬᠡᠭ᠌ᠵᠢᠭᠦᠯᠵᠦ ᠴᠢᠳᠠᠮᠵᠢ ᠵᠢᠨ ᠳᠡᠰ᠎ᠢ ᠳᠡᠭᠡᠭᠰᠢᠯᠡᠬᠦᠯᠦᠨ᠎ᠡ᠃ ᠱᠢᠨ᠎ᠡ᠎ᠶ᠋ᠢ ᠡᠭᠦᠳᠬᠦ᠌ ᠡᠬᠢ ᠪᠠᠶᠠᠯᠢᠭ᠎ᠢ ᠠᠵᠤ ᠠᠬᠤᠢᠯᠠᠯ ᠲᠡᠢᠰᠢ ᠲᠥᠪᠯᠡᠷᠡᠭᠦᠯᠬᠦ᠌᠎ᠶ᠋ᠢ ᠠᠬᠢᠭᠤᠯᠤᠨ᠂ ᠠᠵᠤ ᠠᠬᠤᠢᠯᠠᠯ᠎ᠢᠶᠠᠷ ᠲᠦᠷᠦᠭᠦᠯᠡᠭᠦᠯᠦᠭ᠌ᠰᠡᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠴᠢᠬᠤᠯᠠ ᠶᠡᠬᠡ ᠡᠭᠦᠷᠭᠡ᠎ᠶ᠋ᠢᠨ ᠡᠵᠡᠯᠡᠬᠦ᠌ ᠬᠠᠷᠢᠴᠠᠯ᠎ᠢ 80% ᠡᠴᠡ ᠳᠤᠤᠷ᠎ᠠ ᠪᠠᠢᠯᠭᠠᠬᠤ ᠥᠬᠡᠶ ᠪᠠᠢᠵᠤ᠂ ᠠᠵᠤ ᠠᠬᠤᠢᠯᠠᠯ᠎ᠤᠨ ᠰᠤᠳᠤᠯᠤᠨ ᠨᠡᠭᠡᠭᠡᠭ᠌ᠰᠡᠨ᠎ᠦ ᠳᠠᠷᠠᠭᠠᠬᠢ ᠨᠥᠬᠥᠪᠥᠷᠢ᠎ᠶ᠋ᠢᠨ 20% ᠎ᠶ᠋ᠢᠨ ᠨᠡᠮᠡᠭ᠌ᠳᠡᠯ᠎ᠢ ᠪᠠᠲᠤᠯᠠᠨ᠂ 《ᠵᠢᠵᠢᠭ᠎ᠢ᠎ᠨᠢ ᠪᠣᠢᠵᠢᠭᠤᠯᠬᠤ᠂ ᠥᠨᠳᠥᠷ᠎ᠲᠦ ᠭᠠᠷᠭᠠᠬᠤ᠂ ᠬᠡᠪᠴᠢᠶᠡᠵᠢᠯ᠎ᠢ᠎ᠳᠡᠭᠡᠭ᠌ᠰᠢᠯᠡᠭᠦᠯᠬᠦ᠌᠂ ᠪᠠᠷᠢᠮᠵᠢᠶ᠎ᠠ᠎ᠶ᠋ᠢ ᠪᠣᠶ ᠪᠣᠯᠭᠠᠬᠤ》 ᠱᠢᠰᠲ᠋ᠧᠮ᠎ᠢ ᠪᠠᠢᠭᠤᠯᠵᠤ᠂ ᠠᠵᠤ ᠠᠬᠤᠢᠯᠠᠯ᠎ᠢ 《C ᠪᠠᠢᠷᠢ》 ᠳ᠋ᠤ ᠭᠤᠤᠯ ᠳᠦᠷᠢ᠎ᠶ᠋ᠢ ᠲᠣᠭ᠍ᠯᠠᠭᠤᠯᠤᠨ᠎ᠠ᠃ ᠱᠢᠨ᠎ᠡ᠎ᠶ᠋ᠢ ᠡᠭᠦᠳᠬᠦ᠌ ᠬᠣᠯᠪᠣᠭᠠᠲᠤ ᠴᠣᠭ᠍ᠴᠠ᠎ᠪᠠᠷ ᠬᠣᠯᠪᠣᠭᠠᠰᠤ ᠪᠣᠯᠭᠠᠵᠤ᠂ ᠶᠡᠬᠡ ᠳᠡᠭᠡᠳᠦ ᠰᠤᠷᠭᠠᠭᠤᠯᠢ᠎ᠶ᠋ᠢᠨ ᠬᠦᠷᠢᠶᠡᠯᠡᠩ ᠭᠠᠵᠠᠷ᠎ᠤᠨ ᠰᠠᠨᠠᠭᠠᠴᠢᠯᠠᠭ᠎ᠠ᠎ᠡᠴᠡ᠎ᠪᠠᠨ ᠠᠵᠤ ᠠᠬᠤᠢᠯᠠᠯ᠎ᠤᠨ ᠲᠣᠭᠣᠷᠢᠨ᠎ᠳᠤ ᠬᠤᠷᠰᠢᠯᠴᠠᠵᠦ᠂ ᠠᠵᠤ ᠦᠢᠯᠡᠰ᠎ᠢ ᠳᠠᠭᠠᠨ ᠤᠷᠤᠭ᠍ᠰᠢᠯᠠᠬᠤ᠎ᠶ᠋ᠢ ᠠᠬᠢᠭᠤᠯᠤᠨ᠎ᠠ᠃ ᠤᠯᠤᠰ᠎ᠤᠨ ᠪᠠᠢᠯᠳᠤᠬᠤ ᠪᠣᠳᠣᠯᠭ᠎ᠠ᠎ᠶ᠋ᠢᠨ ᠬᠦᠴᠦᠨ᠎ᠢᠶᠡᠷ ᠤᠳᠤᠷᠢᠳᠤᠮᠵᠢ ᠪᠣᠯᠭᠠᠭ᠍ᠰᠠᠨ᠂ ᠤᠯᠤᠰ᠎ᠤᠨ ᠲᠠᠰ᠎ᠤᠨ ᠲᠠᠪᠴᠠᠩ᠎ᠢᠶᠠᠷ ᠭᠤᠤᠯᠯᠠᠭᠴᠢ ᠪᠣᠯᠭᠠᠭ᠍ᠰᠠᠨ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠲᠠᠪᠴᠠᠩ᠎ᠢᠶᠠᠷ ᠲᠤᠯᠭᠠᠭᠤᠷᠢᠯᠠᠯ ᠪᠣᠯᠭᠠᠭ᠍ᠰᠠᠨ 《1 + N + X》 ᠱᠢᠨ᠎ᠡ᠎ᠶ᠋ᠢ ᠡᠭᠦᠳᠬᠦ᠌ ᠲᠠᠪᠴᠠᠩ᠎ᠤᠨ ᠱᠢᠰᠲ᠋ᠧᠮ᠎ᠢ ᠪᠠᠢᠭᠤᠯᠵᠤ᠂ ᠬᠥᠬᠡᠡᠡᠣᠲᠠ ᠪᠤᠭᠤᠲᠤ ᠣᠷᠳᠣᠰ᠎ᠤᠨ ᠤᠯᠤᠰ᠎ᠤᠨ ᠪᠡᠶ᠎ᠡ᠎ᠪᠡᠨ ᠳᠠᠭᠠᠭᠠᠵᠤ ᠱᠢᠨ᠎ᠡ᠎ᠶ᠋ᠢ ᠡᠭᠦᠳᠬᠦ᠌ ᠵᠢᠱ᠌ᠢᠶ᠎ᠡ ᠦᠵᠡᠭᠦᠯᠬᠦ᠌ ᠲᠣᠭᠣᠷᠢᠭ᠎ᠤᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ᠂ ᠬᠠᠲᠤᠨ ᠭᠤᠤᠯ ᠳᠠᠭᠠᠤ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠬᠣᠩᠭᠢᠯ ᠪᠠ ᠵᠡᠭᠦᠨ ᠬᠡᠰᠡᠭ᠎ᠦᠨ ᠠᠢᠮᠠᠭ ᠬᠣᠲᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠬᠣᠩᠭᠢᠯ᠎ᠢ ᠪᠠᠢᠭᠤᠯᠵᠤ᠂ 《ᠨᠢᠭᠡ ᠴᠥᠮ᠎ᠡ ᠬᠣᠶᠠᠷ ᠬᠣᠩᠭᠢᠯ ᠣᠯᠠᠨ ᠲᠤᠢᠯᠲᠤ ᠲᠤᠯᠭᠠᠭᠤᠷᠢᠯᠠᠯ》᠎ᠤ᠋ᠨ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢᠨ ᠱᠢᠨ᠎ᠡ ᠪᠠᠢᠷᠢᠱᠢᠯ᠎ᠢ ᠪᠦᠷᠢᠯᠳᠦᠭᠦᠯᠦᠨ᠎ᠡ᠃

ᠠᠮᠢ ᠠᠬᠤᠶ᠎ᠶ᠋ᠢ ᠱᠢᠯᠢᠳᠡᠭ᠌ᠵᠢᠭᠦᠯᠦᠨ ᠠᠮᠢᠵᠢᠷᠠᠯ᠎ᠤᠨ ᠬᠦᠴᠦᠨ᠎ᠢ ᠬᠥᠭ᠌ᠵᠢᠭᠡᠨ᠎ᠡ᠃ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠡᠳ᠋᠎ᠦᠨ ᠵᠠᠰᠠᠭ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠵᠠᠷᠤᠳᠠᠯ᠎ᠢ ᠳᠠᠬᠢᠨ᠎ᠢᠶᠠᠷ ᠨᠡᠮᠡᠭ᠌ᠳᠡᠭᠦᠯᠦᠭ᠌ᠰᠡᠨ ᠰᠠᠭᠤᠷᠢᠨ ᠳᠡᠭᠡᠷ᠎ᠡ᠂ ᠡᠯ᠎ᠡ ᠱᠠᠲᠤᠨ᠎ᠤ ᠡᠳ᠋᠎ᠦᠨ ᠵᠠᠰᠠᠭ᠎ᠤᠨ ᠪᠡᠯᠡ ᠮᠥᠩᠭᠥ᠎ᠶ᠋ᠢ ᠲᠦᠷᠦᠭᠦᠯᠡᠨ ᠣᠷᠣᠭᠤᠯᠵᠤ᠂ ᠠᠵᠤ ᠠᠬᠤᠢᠯᠠᠯ ᠰᠠᠨᠠᠭᠠᠴᠢᠯᠠᠭ᠎ᠠ᠎ᠠᠴᠠ᠎ᠪᠠᠨ ᠣᠷᠣᠭᠤᠯᠵᠤ᠂ ᠮᠥᠩᠭᠥᠨ ᠭᠦᠢᠯᠭᠡᠭᠡ ᠣᠯᠠᠨ ᠶᠠᠩᠵᠤᠴᠢᠯᠠᠨ ᠣᠷᠣᠭᠤᠯᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠳᠦ 《ᠴᠢᠰᠤ ᠶᠡᠭᠦᠯᠡᠵᠦ᠍ ᠬᠦᠴᠢᠯᠲᠥ᠋ᠷᠥᠭ᠌ᠴᠢ ᠬᠠᠩᠭᠠᠨ᠎ᠠ》᠃ ᠠᠵᠤ ᠠᠬᠤᠢᠯᠠᠯ᠎ᠶᠡᠬᠡ ᠳᠡᠭᠡᠳᠦ ᠰᠤᠷᠭᠠᠭᠤᠯᠢ᠎ᠶ᠋ᠢᠨ 《ᠬᠤᠤᠰ ᠵᠢᠯᠣᠭᠣᠳᠣᠭ᠍ᠴᠢ ᠪᠠᠭ᠍ᠰᠢ》 ᠶ᠋ᠢᠨ ᠲᠤᠷᠱᠢᠯᠲᠠ᠎ᠶ᠋ᠢᠨ ᠴᠡᠭ᠎ᠢ ᠳᠡᠯᠭᠡᠷᠡᠭᠦᠯᠵᠦ᠍᠂ 《ᠠᠵᠤ ᠦᠶ᠋ᠯᠡᠰ᠎ᠦᠨ ᠵᠢᠯᠣᠭᠣᠳᠣᠭ᠍ᠴᠢ ᠪᠠᠭ᠍ᠰᠢ + ᠪᠣᠳᠠᠲᠤ ᠪᠠᠢᠯᠳᠤᠭᠠᠨ᠎ᠤ ᠬᠡᠯᠪᠡᠷᠢ᠎ᠶ᠋ᠢᠨ ᠬᠥᠮᠦᠵᠢᠭᠦᠯᠦᠯ》 ᠤ᠋ᠨ ᠵᠠᠭ᠍ᠪᠤᠷ᠎ᠢ ᠪᠣᠶ ᠪᠣᠯᠭᠠᠵᠤ᠂ ᠲᠥᠷᠥᠯ ᠵᠦᠶ᠋ᠯ᠂ ᠲᠠᠪᠴᠠᠩ᠂ ᠪᠠᠯᠠ ᠮᠥᠩᠭᠥ᠌ ᠪᠠ ᠠᠬᠤᠶ ᠪᠠᠢᠳᠠᠯ᠎ᠢᠶᠠᠷ ᠴᠢᠳᠠᠪᠤᠷᠢᠲᠠᠨ ᠲᠠᠲᠠᠵᠤ᠂ ᠴᠢᠳᠠᠪᠤᠷᠢᠲᠠᠨ᠎ᠢ ᠬᠦᠮᠦᠵᠢᠭᠦᠯᠦᠨ᠎ᠡ᠃ ᠲᠦᠷᠦᠯ ᠵᠦᠢᠯ᠎ᠢ ᠬᠢᠨᠠᠨ ᠲᠣᠭ᠍ᠲᠠᠭᠠᠬᠤ᠂ ᠪᠠᠢᠭᠤᠯᠤᠮᠵᠢ ᠡᠴᠡ ᠦᠨᠡᠯᠡᠬᠦ᠌᠂ ᠴᠢᠳᠠᠪᠤᠷᠢᠲᠠᠨ᠎ᠢ ᠦᠨᠡᠯᠡᠬᠦ᠌᠂ ᠣᠷᠣᠯᠭ᠎ᠠ᠎ᠶ᠋ᠢᠨ ᠬᠤᠪᠢᠶᠠᠷᠢᠯᠠᠯᠲᠠ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ ᠪᠠᠳᠠᠷᠠᠭ᠍ᠰᠠᠨ᠂ ᠱᠢᠨ᠎ᠡ᠎ᠶ᠋ᠢ ᠡᠭᠦᠳᠬᠦ᠌ ᠬᠥᠳᠡᠯᠭᠡᠬᠦ᠌ ᠬᠦᠴᠦᠨ ᠤᠷᠬᠢᠯᠤᠭ᠍ᠰᠠᠨ ᠰᠠᠢ᠌ᠨ ᠰᠠᠢᠬᠠᠨ ᠣᠷᠴᠢᠨ ᠨᠦᠬᠦᠴᠡᠯ᠎ᠢ ᠴᠢᠷᠮᠠᠢᠨ ᠪᠤᠢ ᠪᠣᠯᠭᠠᠨ᠎ᠠ᠃

ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠳᠭᠡᠵᠦ᠍᠂ ᠪᠦᠬᠦ᠌ ᠣᠷᠣᠨ᠎ᠤ ᠬᠦᠴᠦᠨ᠎ᠢ ᠲᠥᠪᠯᠡᠷᠡᠭᠦᠯᠦᠨ ᠤᠨᠢᠨ ᠳᠡᠭᠡᠷ᠎ᠡ ᠨᠢ ᠬᠦᠴᠦᠯᠡᠵᠦ᠍᠂ ᠴᠤᠴᠠᠯᠲᠠ ᠦᠭᠡᠢ ᠴᠢᠷᠮᠠᠢᠨ᠎ᠠ᠃ ᠥᠪᠥᠷ ᠮᠣᠩᠭᠣᠯ ᠠᠤᠭ᠎ᠠ ᠵᠢᠷᠤᠭ ᠲᠥᠰᠦᠪ᠎ᠢ ᠴᠢᠨᠠᠷ ᠰᠠᠢᠲᠠᠢ ᠬᠥᠭ᠌ᠵᠢᠯᠲᠡ᠎ᠶ᠋ᠢᠨ ᠠᠮᠢᠳᠤᠯᠢᠭ ᠦᠢᠯᠡᠳᠦᠯᠭᠡ ᠪᠠ ᠡᠯᠪᠡᠭ ᠦᠷ᠎ᠡ ᠪᠦᠲᠦᠭᠡᠯ ᠪᠣᠯᠭᠠᠨ ᠬᠤᠪᠢᠷᠠᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭ᠍ᠰᠠᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭᠯᠡᠬᠦ ᠢᠲᠡᠭᠡᠯ ᠲᠠᠢ᠂ ᠵᠣᠷᠢᠭ᠎ᠲᠠᠶ᠂ ᠴᠢᠳᠠᠪᠤᠷᠢ᠎ᠲᠠᠶ ᠪᠠᠢᠨᠠᠮ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号