ᠪᠠᠷᠢᠯᠭ᠎ᠠ ᠢ᠋ᠢᠨ ᠮᠠᠱᠢᠨ ᠬᠦᠷᠴᠢᠭᠢᠨᠡᠨ ᠪᠦᠲᠦᠭᠡᠨ ᠪᠠᠢᠭᠤᠯᠤᠯᠲᠠ ᠢ᠋ᠢᠨ ᠬᠥᠱᠢᠭᠡ ᠵᠢ ᠰᠡᠬᠦᠯ᠎ᠠ᠃ 5 ᠰᠠᠷ᠎ᠠ ᠢ᠋ᠢᠨ 30 ᠤ᠋ ᠡᠳᠦᠷ᠂ ᠥᠪᠥᠷ ᠮᠣᠩᠭᠣᠯ ᠤ᠋ᠨ ᠤᠯᠠᠨ ᠤᠯᠤᠰ ᠤ᠋ᠨ ᠠᠷᠠᠯᠵᠢᠶᠠᠨ ᠤ᠋ ᠪᠦᠯᠦᠭ᠌ᠯᠡᠯ ᠡᠴᠡ ᠪᠠᠯᠠ ᠣᠷᠣᠭᠤᠯᠵᠤ ᠪᠥᠲᠥᠭᠡᠨ ᠪᠠᠢᠭᠤᠯᠬᠤ ᠮᠠᠨᠵᠤᠤᠷ ᠤ᠋ᠨ ᠡᠬᠡ ᠬᠠᠭᠤᠷᠠᠶ ᠢ᠋ᠢᠨ ᠭᠠᠷᠠᠮ ᠤ᠋ᠨ ᠠᠮᠤ ᠲᠣᠰᠣ ᠪᠠ ᠬᠢᠮᠢ ᠢ᠋ᠢᠨ ᠪᠣᠷᠲᠣᠭᠣᠷ ᠤ᠋ᠨ ᠠᠵᠤ ᠦᠶ᠋ᠯᠡᠰ ᠤ᠋ᠨ ᠲᠥᠷᠥᠯ ᠵᠦᠶ᠋ᠯ ᠪᠠᠷᠢᠯᠭ᠎ᠠ ᠪᠠᠨ ᠡᠬᠢᠯᠡᠭᠦᠯᠪᠠ᠃ ᠡᠨᠡ ᠪᠣᠯ ᠥᠪᠥᠷ ᠮᠣᠩᠭᠣᠯ ᠤ᠋ᠨ ᠴᠢᠯᠥᠭᠡᠲᠦ ᠠᠷᠠᠯᠵᠢᠶᠠᠨ ᠤ᠋ ᠲᠤᠷᠱᠢᠯᠲᠠ ᠢ᠋ᠢᠨ ᠣᠷᠣᠨ ᠤ᠋ ᠮᠠᠨᠵᠤᠤᠷ ᠤ᠋ᠨ ᠬᠡᠰᠡᠭ ᠲᠦ᠍ ᠰᠠᠭᠤᠷᠢᠰᠢᠭᠰᠠᠨ ᠠᠩᠬᠠᠳᠠᠭ᠍ᠴᠢ ᠲᠥᠷᠥᠯ ᠵᠦᠶ᠋ᠯ ᠪᠣᠯᠤᠨ᠎ᠠ᠃
ᠲᠤᠰ ᠲᠥᠷᠥᠯ ᠵᠦᠶ᠋ᠯ ᠤ᠋ᠨ ᠶᠡᠷᠦᠩᠬᠡᠶ ᠪᠠᠯᠠ ᠣᠷᠣᠭᠤᠯᠤᠯᠲᠠ ᠨᠢ 10.28 ᠳ᠋ᠦᠩᠱᠢᠭᠤᠷ ᠲᠥᠭᠥᠷᠢᠭ ᠲᠦ᠍ ᠬᠦᠷᠴᠦ᠍᠂ ᠵᠢᠱ᠌ᠢᠯᠲᠡ ᠪᠡᠷ 2028 ᠣᠨ ᠤ᠋ ᠳᠡᠭᠡᠷ᠎ᠡ ᠬᠠᠭᠠᠰ ᠵᠢᠯ ᠳ᠋ᠤ ᠪᠥᠬᠥ᠌ ᠲᠠᠯ᠎ᠠ ᠪᠡᠷ ᠪᠦᠳᠦᠬᠡᠨ ᠪᠠᠢᠭᠤᠯᠵᠤ ᠳᠠᠭᠤᠰᠭᠠᠨ ᠠᠱᠢᠭ᠍ᠯᠠᠯᠲᠠᠳᠤ ᠤᠷᠤᠭᠤᠯᠤᠨ᠎ᠠ᠃ ᠠᠱᠢᠭ᠍ᠯᠠᠯᠲᠠ ᠳ᠋ᠤ ᠤᠷᠤᠭ᠍ᠰᠠᠨ ᠤ᠋ ᠳᠠᠷᠠᠭ᠎ᠠ᠂ ᠬᠢᠮᠢ ᠢ᠋ᠢᠨ ᠪᠣᠷᠳᠣᠭᠤᠷ ᠤ᠋ᠨ ᠲᠥᠷᠥᠯ ᠵᠦᠢᠯ ᠳ᠋ᠤ ᠵᠢᠯ ᠪᠦᠷᠢ ᠪᠠᠷᠤᠭ ᠭᠠᠳᠠᠭᠠᠳᠤ ᠡᠴᠡ ᠣᠷᠣᠭᠤᠯᠤᠭᠰᠠᠨ ᠾᠯᠣᠷᠲᠤ ᠺᠠᠯᠢ ᠢ᠋ᠢ 80 ᠲᠦᠮᠡᠨ ᠲᠣᠨ ᠰᠣᠯᠢᠵᠤ ᠰᠠᠪᠠᠯᠠᠨ᠂ ᠲᠣᠮᠣ ᠮᠥᠬᠥᠯᠢᠭ᠌ᠲᠦ ᠺᠠᠯᠢ ᠢ᠋ᠢᠨ ᠪᠣᠷᠳᠣᠭᠤᠷ ᠢ᠋ 40 ᠲᠦᠮᠡᠨ ᠲᠣᠨ ᠪᠤᠯᠪᠠᠰᠤᠷᠠᠭᠤᠯᠵᠤ᠂ 15 ᠲᠦᠮᠡᠨ ᠲᠣᠨ ᠬᠥᠮᠥᠷᠭᠡᠯᠡᠨ ᠬᠠᠳᠠᠭᠠᠯᠠᠬᠤᠪᠣᠯᠤᠨᠠ; ᠠᠮᠤ ᠪᠤᠳᠠᠭᠠᠨ ᠤ᠋ ᠲᠥᠷᠥᠯ ᠵᠦᠢᠯ ᠳ᠋ᠤ ᠵᠢᠯ ᠪᠦᠷᠢ ᠪᠠᠷᠤᠭ ᠣᠷᠣᠰ ᠡᠴᠡ ᠤᠷᠤᠭᠤᠯᠬᠤ ᠲᠡᠵᠢᠭᠡᠯ ᠪᠣᠷᠳᠣᠭ᠎ᠠ ᠢ᠋ᠢᠨ ᠠᠮᠤ᠂ ᠡᠯᠳᠡᠪ ᠠᠮᠤ᠂ ᠨᠣᠣᠰᠣᠨ ᠲᠣᠰᠣ ᠢ᠋ᠢ 90 ᠲᠦᠮᠡᠨ ᠲᠣᠨ ᠰᠤᠯᠢᠵᠤ ᠰᠠᠪᠠᠯᠠᠨ᠂ 8 ᠲᠦᠮᠡᠨ ᠲᠣᠨ ᠢ᠋ ᠬᠦᠮᠦᠷᠭᠡᠯᠡᠨ ᠬᠠᠳᠠᠭᠠᠯᠠᠬᠤ ᠪᠣᠯᠤᠨ᠎ᠠ᠃ ᠡᠨᠡ ᠨᠢ ᠬᠢᠯᠢ ᠵᠢᠨ ᠪᠣᠭᠣᠮᠲᠠ ᠢ᠋ᠢᠨ 《ᠨᠡᠪᠲᠡᠷᠡᠯ ᠵᠠᠮ ᠤ᠋ᠨ ᠠᠵᠤ ᠠᠬᠤᠶ》 ᠡᠴᠡ 《ᠰᠠᠭᠤᠷᠢᠰᠢᠯ ᠤ᠋ᠨ ᠠᠵᠤ ᠠᠬᠤᠶ》 ᠲᠡᠢᠰᠢ ᠬᠡᠯᠪᠡᠷᠢᠪᠡᠨ ᠬᠤᠪᠢᠷᠠᠭᠤᠯᠤᠨ ᠲᠠᠰ ᠳᠡᠪᠱᠢᠬᠦ᠌ ᠢ᠋ᠢ ᠬᠦᠴᠦᠲᠡᠶ ᠠᠬᠢᠭᠤᠯᠬᠤ ᠪᠤᠯᠤᠨ᠎ᠠ᠃
ᠣᠢᠯᠠᠭᠠᠭ᠍ᠰᠠᠨ ᠢ᠋ᠢᠡᠷ᠂ ᠲᠣᠰ ᠲᠥᠷᠥᠯ ᠵᠦᠶ᠋ᠯ ᠪᠣᠯ ᠤᠯᠤᠰ ᠤ᠋ᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ ᠢ᠋ᠢ ᠪᠥᠲᠥᠭᠡᠨ ᠪᠠᠢᠭᠤᠯᠬᠤ ᠥᠪᠡᠷᠲᠡᠭᠡᠨ ᠵᠠᠰᠠᠬᠤ ᠣᠷᠣᠨ ᠤ᠋ ᠭᠤᠤᠯᠳᠠᠯᠭ᠎ᠠ ᠲᠠᠢ ᠲᠥᠷᠥᠯ ᠵᠦᠶ᠋ᠯ ᠮᠦᠨ᠃ ᠲᠥᠷᠥᠯ ᠵᠦᠶ᠋ᠯ ᠨᠢ ᠤᠯᠤᠰ ᠤ᠋ᠨ ᠳᠣᠲᠣᠭᠠᠳᠤ ᠢ᠋ᠢᠨ ᠵᠢᠵᠢᠭ ᠲᠥᠷᠥᠯ ᠤ᠋ᠨ ᠠᠮᠤ ᠪᠤᠳᠠᠭᠠᠨ ᠤ᠋ ᠬᠠᠩᠭᠠᠯᠭ᠎ᠠ ᠢ᠋ᠢᠨ ᠳᠤᠲᠠᠭᠤᠳᠠᠯ ᠢ᠋ ᠨᠥᠬᠥᠪᠥᠷᠢᠯᠡᠵᠦ᠍᠂ ᠤᠯᠤᠰ ᠤ᠋ᠨ 《ᠭᠠᠳᠠᠭᠠᠳᠤᠣᠷᠣᠭᠤᠯᠤᠯᠲᠠ ᠢ᠋ᠢ ᠣᠯᠠᠨ ᠡᠱᠢᠵᠢᠭᠦᠯᠬᠦ》 ᠠᠮᠤ ᠪᠤᠳᠠᠭᠠᠨ ᠤ᠋ ᠠᠮᠤᠷ ᠲᠦᠪᠱᠢᠨ ᠤ᠋ ᠪᠠᠢᠯᠳᠤᠬᠤ ᠪᠣᠳᠣᠯᠭ᠎ᠠ ᠢ᠋ᠢ ᠴᠤᠤᠷᠢᠶᠠᠲᠤᠨ ᠳᠠᠭᠠᠵᠤ᠂ ᠳᠤᠮᠳᠠᠳᠤ ᠣᠷᠣᠰ ᠤ᠋ᠨ ᠠᠵᠤ ᠠᠬᠤᠶ ᠠᠷᠠᠯᠵᠢᠶᠠᠨ ᠤ᠋ ᠬᠠᠮᠲᠤᠷᠠᠯᠴᠠᠭ᠎ᠠ ᠢ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠬᠦ᠌ ᠳ᠋ᠤ ᠢᠳᠡᠪᠬᠢᠲᠡᠶ ᠪᠦᠲᠦᠭᠡᠯᠴᠢ ᠴᠢᠨᠠᠷᠲᠠᠶ ᠦᠶ᠋ᠯᠡᠳᠦᠯᠦᠵᠡᠭᠦᠯᠬᠦ ᠪᠤᠯᠤᠨ᠎ᠠ᠃ ᠲᠣᠰ ᠲᠥᠷᠥᠯ ᠵᠦᠶ᠋ᠯ ᠨᠢ ᠮᠥᠨ ᠴᠦ᠍ ᠥᠪᠥᠷ ᠮᠣᠩᠭᠣᠯ ᠤ᠋ᠨ ᠴᠢᠯᠥᠭᠡᠲᠦ ᠠᠷᠠᠯᠵᠢᠶᠠᠨ ᠤ᠋ ᠲᠤᠷᠱᠢᠯᠲᠠ ᠢ᠋ᠢᠨ ᠣᠷᠣᠨ ᠤ᠋ ᠫᠠᠢᠰᠠ ᠡᠯᠭᠦᠭᠰᠡᠨ ᠡᠴᠡ ᠨᠠᠭᠠᠰᠢᠬᠢ᠂ ᠥᠪᠡᠷᠲᠡᠭᠡᠨ ᠵᠠᠰᠠᠬᠤ ᠣᠷᠣᠨ ᠤ᠋ ᠤᠯᠤᠰ ᠤ᠋ᠨ ᠥᠮᠴᠢᠯᠡᠯ ᠤ᠋ᠨ ᠠᠵᠤ ᠠᠬᠤᠢᠯᠠᠯ ᠤ᠋ᠨ ᠠᠩᠬᠠᠳᠠᠭ᠍ᠴᠢ ᠤᠮᠠᠷᠠᠰᠢ ᠨᠡᠭᠡᠭᠡᠯᠲᠡ ᠬᠢᠬᠦ᠌ ᠲᠣᠮᠣ ᠬᠡᠯᠪᠡᠷᠢ ᠢ᠋ᠢᠨ ᠪᠠᠯᠠ ᠣᠷᠣᠭᠤᠯᠤᠯᠲᠠ ᠢ᠋ᠢᠨ ᠲᠥᠷᠥᠯ ᠵᠦᠶ᠋ᠯ ᠪᠣᠯᠬᠤ ᠪᠥᠭᠡᠳ ᠮᠠᠨᠵᠤᠤᠷ ᠤ᠋ᠨ ᠠᠩᠬᠠᠳᠠᠭ᠍ᠴᠢ ᠴᠢᠬᠤᠯᠠ ᠶᠡᠬᠡ ᠠᠵᠤ ᠦᠶ᠋ᠯᠡᠰ ᠤ᠋ᠨ ᠲᠥᠷᠥᠯ ᠵᠦᠶ᠋ᠯ ᠪᠣᠯᠤᠨ᠎ᠠ᠃
《ᠪᠢᠳᠡ ᠤᠯᠤᠰ ᠤ᠋ᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ ᠢ᠋ᠢ ᠪᠥᠲᠥᠭᠡᠨ ᠪᠠᠢᠭᠤᠯᠬᠤ ᠪᠠᠢᠷᠢᠯᠠᠭᠤᠯᠤᠯᠲᠠ ᠢ᠋ᠢᠨ ᠲᠣᠭᠣᠷᠢᠨ ᠳ᠋ᠤ ᠥᠪᠥᠷ ᠮᠣᠩᠭᠣᠯ ᠤ᠋ᠨ ᠴᠢᠯᠥᠭᠡᠲᠦ ᠠᠷᠠᠯᠵᠢᠶᠠᠨ ᠤ᠋ ᠲᠤᠷᠱᠢᠯᠲᠠ ᠢ᠋ᠢᠨ ᠣᠷᠣᠨ ᠤ᠋ ᠪᠥᠲᠥᠭᠡᠨ ᠪᠠᠢᠭᠤᠯᠤᠯᠲᠠ ᠢ᠋ᠢᠨ ᠠᠵᠠ ᠲᠣᠬᠢᠶᠠᠯ ᠢ᠋ ᠠᠳᠬᠤᠵᠤ᠂ ᠡᠬᠡ ᠬᠠᠭᠤᠷᠠᠶ ᠢ᠋ᠢᠨ ᠭᠠᠷᠠᠮ ᠤ᠋ᠨ ᠬᠢᠮᠢ ᠢ᠋ᠢᠨ ᠪᠣᠷᠲᠣᠭᠣᠷ ᠪᠠ ᠠᠮᠤ ᠲᠣᠰᠣᠨ ᠤ᠋ ᠠᠵᠤ ᠦᠶ᠋ᠯᠡᠰ ᠤ᠋ᠨ ᠲᠥᠷᠥᠯ ᠵᠦᠶ᠋ᠯ ᠢ᠋ ᠪᠣᠳᠠᠲᠠᠶ ᠳ᠋ᠤ ᠨᠠᠢᠳᠠᠪᠤᠷᠢᠵᠢᠭᠤᠯᠤᠨ ᠪᠥᠲᠥᠭᠡᠨ ᠪᠠᠢᠭᠤᠯᠪᠠ᠃ ᠲᠠᠷᠠᠭᠠᠴᠢ ᠪᠡᠷ ᠪᠢᠳᠡ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠵᠢᠨ 〈1571〉 ᠠᠵᠢᠯ ᠤ᠋ᠨ ᠪᠠᠢᠷᠢᠯᠠᠭᠤᠯᠤᠯᠲᠠ ᠵᠢᠴᠢ ᠥᠪᠥᠷ ᠮᠣᠩᠭᠣᠯ ᠤ᠋ᠨ ᠴᠢᠯᠥᠭᠡᠲᠦ ᠠᠷᠠᠯᠵᠢᠶᠠᠨ ᠤ᠋ ᠲᠤᠷᠱᠢᠯᠲᠠ ᠢ᠋ᠢᠨ ᠣᠷᠣᠨ ᠤ᠋ ᠭᠤᠤᠯᠳᠠᠯᠭ᠎ᠠ ᠲᠠᠢ ᠡᠭᠦᠷᠭᠡ ᠢ᠋ᠢ ᠪᠥᠬᠥ᠌ ᠲᠠᠯ᠎ᠠ ᠪᠡᠷ ᠨᠠᠢᠳᠠᠪᠤᠷᠢᠵᠢᠭᠤᠯᠵᠤ᠂ ᠤᠯᠤᠰ ᠤ᠋ᠨ ᠥᠮᠴᠢᠯᠡᠯ ᠤ᠋ᠨ ᠠᠵᠤ ᠠᠬᠤᠢᠯᠠᠯ ᠤ᠋ᠨ ᠬᠠᠷᠢᠭᠤᠴᠠᠯᠭ᠎ᠠ ᠢ᠋ᠢ ᠪᠠᠳᠠᠷᠠᠭᠤᠯᠤᠨ ᠂ ᠥᠪᠥᠷ ᠮᠣᠩᠭᠣᠯ ᠤ᠋ᠨ ᠴᠢᠯᠥᠭᠡᠲᠦ ᠠᠷᠠᠯᠵᠢᠶᠠᠨ ᠤ᠋ ᠲᠤᠷᠱᠢᠯᠲᠠ ᠢ᠋ᠢᠨ ᠣᠷᠣᠨ ᠤ᠋ ᠴᠢᠬᠤᠯᠠ ᠶᠡᠬᠡ ᠰᠠᠭᠤᠷᠢ ᠲᠥᠬᠥᠭᠡᠷᠦᠮᠵᠢ ᠢ᠋ᠢᠨ ᠪᠥᠲᠥᠭᠡᠨ ᠪᠠᠢᠭᠤᠯᠤᠯᠲᠠ ᠳ᠋ᠤ ᠥᠨᠳᠥᠷ ᠪᠠᠷᠢᠮᠵᠢᠶ᠎ᠠ ᠪᠡᠷ ᠴᠢᠨᠠᠷ ᠰᠠᠢᠲᠠᠶ ᠣᠷᠣᠯᠴᠠᠵᠤ᠂ ᠤᠯᠤᠰ ᠤ᠋ᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ ᠢ᠋ᠢ ᠪᠥᠲᠥᠭᠡᠨ ᠪᠠᠢᠭᠤᠯᠬᠤ᠂ ᠣᠷᠣᠨ ᠨᠤᠲᠤᠭ ᠤ᠋ᠨ ᠠᠵᠤ ᠠᠬᠤᠶ ᠢ᠋ᠢᠨ ᠴᠢᠨᠠᠷ ᠰᠠᠢᠲᠠᠶ ᠬᠥᠭ᠌ᠵᠢᠯᠲᠡ ᠳ᠋ᠤ ᠦᠶ᠋ᠯᠡᠴᠢᠯᠡᠬᠦ᠌ ᠳ᠋ᠤ ᠨᠠᠩ ᠶᠡᠬᠡ ᠱᠢᠨ᠎ᠡ ᠬᠤᠪᠢ ᠨᠡᠮᠡᠷᠢ ᠦᠵᠡᠭᠦᠯᠦᠨ᠎ᠡ》 ᠭᠡᠵᠦ᠍ ᠥᠪᠥᠷ ᠮᠣᠩᠭᠣᠯ ᠤ᠋ᠨ ᠣᠯᠠᠨ ᠤᠯᠤᠰ ᠤ᠋ᠨ ᠠᠷᠠᠯᠵᠢᠶᠠᠨ ᠤ᠋ ᠪᠦᠯᠦᠭ᠌ᠯᠡᠯ ᠤ᠋ᠨ ᠬᠢᠵᠠᠭᠠᠷᠲᠤ ᠺᠣᠮᠫᠠᠨᠢ ᠢ᠋ᠢᠨ ᠨᠠᠮ ᠤ᠋ᠨ ᠬᠤᠷᠢᠶ᠎ᠠ ᠵᠢᠨ ᠳᠡᠳ᠋ ᠱᠦᠵᠢ᠂ ᠬᠡᠷᠡᠭ ᠮᠡᠳᠡᠭ᠌ᠴᠢ ᠯᠢ ᠢ᠋ᠢᠨ ᠰᠥᠩ ᠬᠡᠯᠡᠵᠤ ᠪᠠᠢᠯ᠎ᠠ᠃