ᠬᠤᠪᠢᠰᠭᠠᠯᠳᠤ ᠤᠳᠤᠮᠱᠢᠯ ᠎ᠢ ᠵᠠᠯᠭᠠᠮᠵᠢᠯᠠᠵᠤ ᠦᠨᠳᠦᠰᠦᠲᠡᠨ ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠦᠨ ᠲᠥᠯᠥᠭᠡ ᠦᠷᠭᠦᠯᠵᠢᠯᠡᠨ ᠲᠡᠮᠡᠴᠡᠨ᠎ᠡ
2026-06-02 10:48:04
ᠵᠣᠬᠢᠶᠠᠭ᠍ᠴᠢ᠄
ᠱᠢᠨᠬᠤᠸᠠ ᠬᠤᠷᠢᠶ᠎ᠠ ᠵᠢᠨ ᠰᠤᠷᠪᠤᠯᠵᠢᠯᠠᠭ᠍ᠴᠢ
ᠣᠩᠱᠢᠭ᠍ᠰᠠᠨ ᠣᠳᠠᠭ᠎ᠠ᠄
★★★☆☆

ᠶᠡᠷᠦᠩᠬᠡᠢ ᠱᠦᠵᠢ ᠰᠢ ᠵᠢᠨ ᠫᠢᠩ  ᠎ᠦᠨ ᠬᠠᠷᠢᠭᠤ ᠵᠠᠬᠢᠳᠠᠯ ᠨᠢ ᠥᠷᠭᠡᠨ ᠤᠯᠠᠨ ᠪᠠᠭᠠᠴᠤᠳ ᠬᠡᠦᠬᠡᠳ ᠪᠣᠯᠤᠨ ᠪᠠᠭᠠᠴᠤᠳ ᠬᠡᠦᠬᠡᠳ ᠎ᠦᠨ ᠠᠵᠢᠯᠳᠠᠨ ᠎ᠤ ᠬᠦᠰᠡᠯ ᠵᠡᠭᠦᠳᠦ᠍ ᠎ᠪᠡᠨ ᠬᠥᠭᠡᠭᠡᠴᠡᠯᠳᠦᠨ ᠤᠷᠤᠭ᠍ᠰᠢᠯᠠᠨ ᠲᠠᠪᠰᠢᠬᠤ  ᠎ᠶ᠋ᠢ ᠵᠣᠷᠢᠭ᠍ᠵᠢᠭᠤᠯᠪᠠ


《6·1》 ᠤ᠋ ᠳᠡᠯᠡᠬᠡᠢ᠎ᠶ᠋ᠢᠨ ᠬᠡᠦᠬᠡᠳ ᠎ᠦᠨ ᠪᠠᠶᠠᠷ ᠬᠦᠷᠴᠦ᠍ ᠢᠷᠡᠬᠦ᠌ ᠲᠠᠱᠢᠷᠠᠮ᠎ᠢᠶᠠᠷ᠂ ᠶᠡᠷᠦᠩᠬᠡᠢ ᠱᠦᠵᠢ ᠰᠢ ᠵᠢᠨ ᠫᠢᠩ ᠳᠤᠮᠳᠠᠳᠤ ᠤᠯᠤᠰ ᠎ᠤᠨ ᠡᠪ ᠬᠠᠮᠲᠤ ᠨᠠᠮ᠎ᠤᠨ ᠠᠩᠬᠠᠳᠤᠭᠠᠷ ᠶᠡᠬᠡ ᠬᠤᠷᠠᠯ᠎ᠤᠨ ᠳᠤᠷᠠᠰᠭᠠᠯ ᠎ᠤᠨ ᠣᠷᠳᠣᠨ᠂ ᠨᠠᠨ ᠬᠣ᠌ ᠨᠠᠭᠤᠷ ᠎ᠤᠨ ᠬᠤᠪᠢᠰᠭᠠᠯ᠎ᠤᠨ ᠳᠤᠷᠠᠰᠭᠠᠯ᠎ᠤᠨ ᠣᠷᠳᠣᠨ᠎ᠤ ᠪᠠᠭᠠᠴᠤᠳ᠎ᠤᠨ ᠬᠣᠱᠢᠭᠤᠴᠢ ᠠᠩᠬᠢ᠎ᠶ᠋ᠢᠨ ᠤᠯᠠᠭᠠᠨ ᠪᠦᠴᠡᠲᠡᠨ ᠲᠠᠢᠯᠪᠤᠷᠢᠯᠠᠭ᠍ᠴᠢ᠎ᠳᠤ ᠬᠠᠷᠢᠭᠤ ᠵᠠᠬᠢᠳᠠᠯ ᠢᠯᠡᠭᠡᠵᠦ᠍᠂ ᠳᠡᠳᠡᠨ ᠎ᠢ ᠳᠣᠲᠣᠨᠣ᠎ᠪᠠᠷ ᠵᠣᠷᠢᠭ᠍ᠵᠢᠭᠤᠯᠬᠤ᠎ᠶ᠋ᠢᠨ ᠬᠠᠮᠲᠤ᠂ ᠳᠡᠳᠡ ᠨᠠᠷ ᠪᠣᠯᠤᠨ ᠪᠦᠬᠦ᠌ ᠤᠯᠤᠰ ᠎ᠤᠨ ᠪᠠᠭᠠᠴᠤᠳ ᠬᠡᠦᠬᠡᠳ᠎ᠲᠦ ᠪᠠᠶᠠᠷ᠎ᠤᠨ ᠡᠳᠦᠷ᠎ᠦᠨ ᠵᠦᠩᠨᠡᠯ ᠬᠦᠷᠭᠡᠪᠡ᠃

ᠡᠨᠡ ᠵᠢᠯ ᠪᠣᠯ ᠳᠤᠮᠳᠠᠳᠤ ᠤᠯᠤᠰ ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 105 ᠵᠢᠯ᠎ᠦᠨ ᠤᠢ ᠪᠣᠯᠤᠨ᠎ᠠ᠃ ᠤᠢ᠍ᠢᠷ᠎ᠠ᠎ᠳᠤ᠂ ᠱᠠᠩᠬᠠᠢ᠎ᠶ᠋ᠢᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠩᠬᠠᠳᠤᠭᠠᠷ ᠶᠡᠬᠡ ᠬᠤᠷᠠᠯ᠎ᠤᠨ ᠳᠤᠷᠠᠰᠭᠠᠯ᠎ᠤᠨ ᠣᠷᠳᠣᠨ᠂ ᠵᠧᠵᠢᠶᠠᠩ᠎ᠤᠨ ᠵᠢᠶᠠ ᠱᠢᠩ᠎ᠤᠨ ᠨᠠᠨ ᠬᠣ᠌ ᠨᠠᠭᠤᠷ ᠎ᠤᠨ ᠬᠤᠪᠢᠰᠭᠠᠯ᠎ᠤᠨ ᠳᠤᠷᠠᠰᠭᠠᠯ᠎ᠤᠨ ᠣᠷᠳᠣᠨ᠎ᠤ ᠪᠠᠭᠠᠴᠤᠳ᠎ᠤᠨ ᠬᠣᠱᠢᠭᠤᠴᠢ ᠠᠩᠬᠢ ᠎ᠶ᠋ᠢᠨ ᠤᠯᠠᠭᠠᠨ ᠪᠥᠴᠡᠲᠡᠨ ᠲᠠᠢᠯᠪᠤᠷᠢᠯᠠᠭ᠍ᠴᠢ᠎ᠶ᠋ᠢᠨ ᠲᠥᠯᠥᠭᠡᠯᠡᠭ᠌ᠴᠢᠳ ᠶᠡᠷᠦᠩᠬᠡᠢ ᠱᠦᠵᠢ ᠰᠢ ᠵᠢᠨ ᠫᠢᠩ᠎ᠳᠦ ᠵᠠᠬᠢᠳᠠᠯ ᠪᠢᠴᠢᠵᠦ᠍᠂ ᠲᠠᠢᠯᠪᠤᠷᠢᠯᠠᠬᠤ ᠠᠵᠢᠯᠯᠠᠭ᠎ᠠ᠎ᠳᠤ ᠣᠷᠣᠯᠴᠠᠭ᠍ᠰᠠᠨ ᠣᠯᠤᠯᠲᠠ ᠪᠠ ᠦᠰᠦᠨ ᠪᠣᠢᠵᠢᠯᠲᠠ᠎ᠪᠠᠨ ᠬᠠᠷᠢᠭᠤ ᠮᠡᠳᠡᠭᠦᠯᠵᠦ᠍᠂ ᠱᠢᠨ᠎ᠡ ᠴᠠᠭ ᠦᠶ᠎ᠡ᠎ᠶ᠋ᠢᠨ ᠰᠠᠢ᠌ᠨ ᠪᠠᠭᠠᠴᠤᠳ ᠪᠣᠯᠬᠤ ᠎ᠪᠠᠷ ᠴᠢᠷᠮᠠᠢᠬᠤ ᠵᠣᠷᠢᠭ᠎ᠢᠶᠠᠨ ᠢᠯᠡᠳᠭᠡᠵᠡᠭᠡᠪᠡ᠃

ᠶᠡᠷᠦᠩᠬᠡᠶ ᠱᠦᠵᠢ ᠰᠢ ᠵᠢᠨ ᠫᠢᠩ᠎ᠦᠨ ᠬᠠᠷᠢᠭᠤ ᠵᠠᠬᠢᠳᠠᠯ ᠎ᠨᠢ ᠥᠷᠭᠡᠨ ᠣᠯᠠᠨ ᠪᠠᠭᠠᠴᠤᠳ ᠬᠡᠦᠬᠡᠳ ᠪᠠ ᠪᠠᠭᠠᠴᠤᠳ ᠬᠡᠦᠬᠡᠳ᠎ᠦᠨ ᠠᠵᠢᠯᠲᠠᠨ ᠤ᠋ ᠬᠤᠪᠢᠰᠭᠠᠯ᠎ᠤᠨ ᠭᠠᠯ ᠪᠠᠮᠪᠠᠷ᠎ᠢ ᠤᠯᠠᠮᠵᠢᠯᠠᠨ ᠵᠠᠯᠭᠠᠮᠵᠢᠯᠠᠵᠤ᠂ ᠬᠦᠰᠡᠯᠡᠩ᠎ᠢᠶᠡᠨ ᠪᠠᠲᠤᠳᠭᠠᠨ᠂ ᠡᠷᠡᠮᠡᠬᠡᠢᠯᠡᠨ ᠤᠷᠤᠭ᠍ᠰᠢᠯᠠᠵᠤ ᠬᠦᠰᠡᠯ ᠵᠡᠭᠦᠳᠦ᠍᠎ᠪᠡᠨ ᠬᠥᠭᠡᠭᠡᠴᠡᠯᠳᠦᠵᠦ᠍᠂ ᠱᠢᠨ᠎ᠡ ᠠᠶᠠᠨ᠎ᠤ᠋ ᠲᠡᠦᠬᠡ᠎ᠶ᠋ᠢᠨ ᠪᠤᠤᠭᠢᠶ᠎ᠠ ᠤᠷᠤᠯᠳᠤᠭᠠᠨ᠎ᠳ᠋ᠤ ᠰᠠᠢᠲᠤᠷ ᠴᠢᠷᠮᠠᠢᠵᠤ᠂ ᠬᠦᠴᠦᠷᠬᠡᠭ᠌ ᠤᠯᠤᠰ᠎ᠤᠨ ᠪᠥᠲᠥᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠶ᠋ᠯᠡᠰ᠎ᠦᠨ ᠲᠥᠯᠥᠭᠡ ᠦᠷᠭᠦᠯᠵᠢᠯᠡᠨ ᠲᠡᠮᠡᠴᠡᠵᠦ᠍᠂ ᠨᠠᠩ ᠬᠡᠷᠡᠯ ᠰᠠᠴᠤᠷᠠᠩᠭᠤᠶ ᠢᠷᠡᠭᠡᠳᠦᠶ ᠵᠦᠭ ᠤᠷᠤᠭ᠍ᠰᠢᠯᠠᠬᠤ ᠵᠢ ᠬᠦᠲᠦᠯᠦᠨ ᠵᠢᠯᠤᠭᠤᠳᠴᠠᠢ᠃

ᠶᠡᠷᠦᠩᠬᠡᠢ ᠱᠦᠵᠢ ᠰᠢ ᠵᠢᠨ ᠫᠢᠩ᠎ᠳᠦ ᠵᠠᠬᠢᠳᠠᠯ ᠪᠢᠴᠢᠭ᠌ᠰᠡᠨ ᠱᠠᠩᠬᠠᠢ ᠬᠤᠳᠠ᠎ᠶ᠋ᠢᠨ ᠬᠤᠸᠠᠩ ᠫᠦ ᠲᠣᠭᠣᠷᠢᠭ᠎ᠤᠨ ᠯᠦ᠍ ᠸᠠᠨ ᠨᠢᠭᠡᠳᠦᠭᠡᠷ ᠭᠣᠣᠯ ᠪᠠᠭ᠎ᠠ ᠰᠤᠷᠭᠠᠭᠤᠯᠢ᠎ᠶ᠋ᠢᠨ ᠰᠤᠷᠤᠬ᠍ᠴᠢ ᠹᠸᠢ ᠹᠠᠨ ᠬᠠᠷᠢᠭᠤ ᠵᠠᠬᠢᠳᠠᠯ᠎ᠢ ᠣᠯᠤᠭ᠍ᠰᠠᠨ᠎ᠳᠠᠭᠠᠨ ᠮᠠᠰᠢ ᠰᠡᠳᠭᠢᠯ ᠳᠣᠭ᠍ᠳᠣᠯᠵᠤ᠂ 《ᠤᠳᠠᠭ᠎ᠠ ᠪᠦᠷᠢ᠎ᠶ᠋ᠢᠨ ᠲᠠᠢᠯᠪᠦᠷᠢᠯᠠᠯᠲᠠ ᠲᠤᠮᠳᠠ᠂ ᠠᠬᠠᠮᠠᠳ ᠬᠤᠪᠢᠰᠭᠠᠯᠴᠢᠳ᠎ᠤᠨ ᠦᠷᠡᠭ᠌ᠳᠡᠯ ᠪᠠ ᠲᠡᠮᠡᠴᠡᠯ ᠡᠴᠡ ᠰᠠᠶᠢ ᠪᠢᠳᠡᠨ᠎ᠤ ᠥᠨᠥᠳᠦᠷ᠎ᠦᠨ ᠵᠣᠯ ᠵᠢᠷᠭᠠᠯᠲᠤ ᠠᠮᠢᠳᠤᠷᠠᠯ᠎ᠢ ᠰᠣᠯᠢᠵᠤ ᠠᠪᠴᠢᠷᠠᠭ᠍ᠰᠠᠨ ᠭᠡᠳᠡᠭ᠎ᠢ ᠪᠢ ᠪᠠᠲᠤ ᠴᠡᠭᠡᠵᠢᠯᠡᠵᠡᠢ᠃ ᠪᠢ ᠯᠠᠪᠲᠠᠢ ᠰᠢ ᠡᠪᠦᠭᠡ᠎ᠶ᠋ᠢᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠢᠶᠠᠨ ᠳᠠᠭᠠᠵᠤ᠂ ᠴᠢᠷᠮᠠᠢᠨ ᠰᠤᠷᠤᠯᠴᠠᠵᠤ᠂ ᠬᠤᠪᠢᠰᠭᠠᠯ᠎ᠤᠨ ᠦᠯᠢᠭᠡᠷ᠎ᠢ ᠨᠡᠩ ᠰᠠᠢᠳᠤᠷ ᠶᠠᠷᠢᠨ᠎ᠠ》 ᠭᠡᠵᠡᠢ᠃

ᠯᠦ᠍ ᠸᠠᠨ ᠨᠢᠭᠡᠳᠦᠭᠡᠷ ᠭᠣᠣᠯ ᠪᠠᠭ᠎ᠠ ᠰᠤᠷᠭᠠᠭᠤᠯᠢ᠎ᠶ᠋ᠢᠨ 《ᠤᠯᠠᠭᠠᠨ ᠪᠦᠷᠢᠶ᠎ᠠ》 ᠪᠢᠴᠢᠬᠠᠨ ᠲᠠᠢᠯᠪᠤᠷᠢᠯᠠᠭ᠍ᠴᠢ᠎ᠶ᠋ᠢᠨ ᠨᠡᠢᠭᠡᠮᠯᠢᠭ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠩᠬᠠᠳᠤᠭᠠᠷ ᠶᠡᠬᠡ ᠬᠤᠷᠠᠯ ᠎ᠤᠨ ᠳᠤᠷᠠᠰᠭᠠᠯ ᠎ᠤᠨ ᠣᠷᠳᠣᠨ᠎ᠳᠤ ᠲᠤᠰᠬᠠᠢᠯᠠᠨ ᠦᠢᠯᠡᠴᠢᠯᠡᠬᠦ  ᠪᠦᠬᠦ ᠤᠯᠤᠰ᠎ᠤᠨ ᠠᠩᠬᠠᠳᠠᠭᠴᠢ ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ᠎ᠤᠨ ᠪᠠᠭᠠᠴᠤᠳ᠎ᠤᠨ ᠬᠣᠱᠢᠭᠤᠴᠢ ᠠᠩᠬᠢ᠎ᠶ᠋ᠢᠨ ᠰᠠᠢ᠌ᠨ ᠳᠤᠷ᠎ᠠ᠎ᠶ᠋ᠢᠨ ᠲᠠᠢᠯᠪᠤᠷᠢᠯᠠᠭ᠍ᠴᠢ᠎ᠶ᠋ᠢᠨ ᠨᠡᠢᠭᠡᠮᠯᠢᠭ ᠪᠣᠯᠤᠨ᠎ᠠ᠃ 20 ᠵᠢᠯ᠎ᠦᠨ ᠡᠮᠦᠨ᠎ᠡ ᠡᠨᠡ ᠬᠦ᠌ ᠨᠡᠢᠭᠡᠮᠯᠢᠭ᠎ᠢ ᠡᠭᠦᠰᠭᠡᠨ ᠪᠠᠢᠭᠤᠯᠤᠭ᠍ᠰᠠᠨ ᠯᠦ᠍ ᠸᠠᠨ ᠨᠢᠭᠡᠳᠦᠭᠡᠷ ᠭᠣᠣᠯ ᠪᠠᠭ᠎ᠠ ᠰᠤᠷᠭᠠᠭᠤᠯᠢ᠎ᠶ᠋ᠢᠨ ᠵᠠᠬᠢᠷᠤᠯ ᠡᠸ᠋ ᠷᠦᠩ ᠵᠢᠨ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠᠴᠢᠯᠠᠭᠰᠠᠨ《ᠠᠩᠬᠢ᠎ᠶ᠋ᠢᠨ ᠲᠤᠭ᠎ᠢ ᠥᠨᠳᠥᠷ ᠮᠠᠨᠳᠤᠭᠤᠯᠵᠤ ᠨᠠᠮ᠎ᠢᠶᠠᠨ ᠲᠠᠭᠠᠬᠤ ᠬᠡᠷᠡᠭ᠌ᠲᠡᠢ》 ᠭᠡᠬᠦ ᠵᠢᠭᠠᠪᠦᠷᠢ ᠵᠢᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠢ ᠣᠢᠯᠠᠭᠠᠨ᠎ᠠ᠃

《ᠪᠢᠳᠡ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠤᠯᠤᠰ ᠲᠥᠷᠥ᠎ᠶ᠋ᠢᠨ ᠱᠢᠨᠵᠢ ᠴᠢᠨᠠᠷ᠎ᠢ ᠢᠮᠠᠭ᠍ᠲᠠ ᠪᠠᠲᠤ ᠰᠠᠬᠢᠵᠤ᠂ ᠬᠦᠰᠡᠯᠡᠩ ᠢᠲᠡᠭᠡᠯ ᠪᠢᠱᠢᠷᠡᠯ᠎ᠦᠨ ᠬᠥᠮᠦᠵᠢᠯ᠂ ᠢᠯᠠᠩᠭᠤᠶ᠎ᠠ ᠬᠤᠪᠢᠰᠭᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠪᠠᠳᠠᠷᠠᠭᠤᠯᠬᠤ᠎ᠶ᠋ᠢ ᠭᠤᠤᠯᠳᠠᠯᠭ᠎ᠠ᠎ᠶ᠋ᠢᠨ ᠭᠤᠤᠯᠳᠠᠯᠭ᠎ᠠ ᠪᠣᠯᠭᠠᠪᠠ》᠃ ᠡᠸ᠋ ᠷᠦᠩ ᠵᠢᠨ᠂ 20 ᠵᠢᠯ᠎ᠦᠨ ᠲᠤᠷᠰᠢ᠂ ᠳᠤᠮᠳᠠᠴᠢ᠎ᠪᠠᠷ 10 ᠨᠠᠰᠤᠲᠠᠶ ᠡᠲᠡᠭᠡᠷ ᠪᠠᠭᠠᠴᠤᠳ ᠎ᠤᠨ ᠬᠣᠱᠢᠭᠤᠴᠢ ᠠᠩᠭᠢ᠎ᠶ᠋ᠢᠨ ᠤᠯᠠᠭᠠᠨ ᠪᠦᠴᠡᠲᠡᠨ ᠲᠠᠢᠯᠪᠤᠷᠢᠯᠠᠭ᠍ᠴᠢ᠂ ᠥᠷᠭᠡᠨ ᠣᠯᠠᠨ ᠦᠵᠡᠭ᠌ᠴᠢᠳ ᠎ᠲᠦ ᠮᠢᠩᠭ᠎ᠠ ᠭᠠᠷᠤᠶ ᠲᠠᠯᠠᠪᠠᠶ ᠲᠠᠢᠯᠪᠤᠷᠢᠯᠠᠨ ᠥᠭ᠌ᠴᠦ᠂ ᠳᠠᠪᠲᠠᠨ ᠪᠣᠯᠪᠠᠰᠤᠷᠠᠵᠤ ᠦᠰᠦᠨ ᠪᠣᠢᠵᠢᠭ᠍ᠰᠠᠨ᠎ᠢᠶᠠᠷ ᠪᠠᠷᠠᠬᠤ ᠥᠬᠡᠶ ᠨᠠᠩ ᠴᠤ᠌ ᠨᠠᠮ᠎ᠢᠶᠠᠨ ᠬᠠᠢᠷᠠᠯᠠᠬᠤ ᠤᠯᠤᠰ᠎ᠢᠶᠠᠨ ᠬᠠᠢᠷᠠᠯᠠᠬᠤ ᠨᠡᠢᠭᠡᠮ ᠵᠢᠷᠤᠮ᠎ᠢ ᠬᠠᠢᠷᠠᠯᠠᠬᠤ ᠭᠦᠨ ᠵᠤᠵᠠᠭᠠᠨ ᠬᠠᠢᠷ᠎ᠠ ᠰᠡᠳᠭᠢᠯᠭᠡ᠎ᠶ᠋ᠢ ᠰᠡᠳᠭᠢᠯ᠎ᠳᠡᠭᠡᠨ ᠭᠦᠨ ᠬᠠᠳᠠᠩᠱᠢᠭᠤᠯᠵᠠᠶ ᠭᠡᠪᠡ᠃

ᠡᠨᠡ ᠭᠠᠷᠠᠭ᠎ᠤᠨ ᠰᠡᠭᠦᠯᠴᠢ᠎ᠪᠡᠷ᠂ ᠨᠠᠨ ᠬᠣ᠌ ᠨᠠᠭᠤᠷ ᠎ᠤᠨ ᠬᠤᠪᠢᠰᠭᠠᠯ᠎ᠤᠨ ᠳᠤᠷᠠᠰᠭᠠᠯ᠎ᠤᠨ ᠣᠷᠳᠣᠨ᠎ᠳᠤ᠂ 10 ᠭᠠᠷᠤᠢ 《ᠤᠯᠠᠭᠠᠨ ᠣᠩᠭᠣᠴᠠ ᠪᠢᠴᠢᠬᠠᠨ ᠲᠠᠢᠯᠪᠦᠷᠢᠯᠠᠭᠴᠢ》 ᠤᠤᠯ᠎ᠤᠨ ᠬᠢ᠎ᠲᠡᠶ᠎ᠪᠡᠨ ᠠᠳᠠᠯᠢ᠎ᠪᠠᠷ᠂ ᠵᠢᠭᠤᠯᠴᠢᠯᠠᠭᠰᠡᠳ᠎ᠲᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠡᠨᠳᠡ᠎ᠡᠴᠡ ᠮᠣᠷᠳᠠᠭ᠍ᠰᠠᠨ ᠦᠯᠢᠭᠡᠷ᠎ᠢ ᠶᠠᠷᠢᠵᠤ ᠥᠭ᠌ᠪᠡ᠃

《ᠶᠡᠷᠦᠩᠬᠡᠢ ᠱᠦᠵᠢ ᠰᠢ ᠵᠢᠨ ᠫᠢᠩ ᠬᠡᠦᠬᠡᠳ᠎ᠦᠳ᠎ᠦᠨ ᠦᠨᠡᠨ ᠰᠡᠳᠭᠢᠯ᠎ᠡᠴᠡ᠎ᠪᠡᠨ ᠶᠠᠷᠢᠭᠰᠠᠨ ᠨᠠᠮ᠎ᠤᠨ ᠲᠡᠦᠬᠡ᠂ ᠬᠤᠪᠢᠰᠭᠠᠯ᠎ᠤᠨ ᠦᠯᠢᠭᠡᠷ ᠪᠣᠯᠤᠨ ᠪᠠᠭᠠᠲᠤᠷᠯᠢᠭ ᠦᠢᠯᠡ ᠠᠵᠢᠯᠯᠠᠭ᠎ᠠ᠎ᠶ᠋ᠢ ᠨᠤᠲᠠᠯᠠᠵᠤ᠂ ᠳᠡᠳᠡᠨ᠎ᠤ᠋ 〈ᠬᠤᠪᠢᠰᠭᠠᠯᠳᠤ ᠤᠳᠤᠮᠱᠢᠯ᠎ᠢ ᠵᠠᠯᠭᠠᠮᠵᠢᠯᠠᠬᠤ〉ᠵᠢ ᠬᠦᠰᠡᠪᠡ᠃ ᠰᠤᠷᠭᠠᠭᠤᠯᠢ᠎ᠶ᠋ᠢᠨ ᠭᠠᠳᠠᠨᠠᠬᠢ ᠬᠠᠪᠰᠤᠷᠤᠨ ᠵᠢᠯᠤᠭᠤᠳᠤᠬ᠍ᠴᠢ ᠪᠣᠯᠤᠭ᠍ᠰᠠᠨ᠎ᠤ ᠬᠤᠪᠢ᠎ᠳᠤ᠂ ᠪᠢ ᠮᠠᠰᠢ ᠵᠣᠷᠢᠭ᠍ᠵᠢᠵᠤ ᠪᠠᠢᠨ᠎ᠠ᠂ ᠢᠷᠡᠭᠡᠳᠦᠢ ᠎ᠳᠦ ᠬᠤᠪᠢᠰᠭᠠᠯ᠎ᠤᠨ ᠡᠬᠢ ᠪᠠᠶᠠᠯᠢᠭ᠎ᠤᠨ ᠦᠨᠳᠦᠰᠦ᠎ᠶ᠋ᠢ ᠪᠣᠢᠵᠢᠭᠤᠯᠵᠤ ᠰᠦᠭ ᠰᠦᠨᠡᠰᠦ ᠎ᠶ᠋ᠢ ᠱᠤᠭᠤᠬᠤ ᠬᠥᠮᠦᠨ᠎ᠢ ᠬᠥᠮᠦᠵᠢᠭᠦᠯᠬᠦ᠌ ᠦᠨ᠎ᠡ ᠦᠷᠳᠡᠭ᠎ᠢ ᠴᠢᠨᠠᠭ᠍ᠰᠢᠳᠠ ᠭᠦᠨᠵᠡᠭᠡᠢ ᠠᠭᠤᠳᠠᠯᠵᠤ᠂ ᠨᠡᠩ ᠤᠯᠠᠨ ᠪᠠᠭᠠᠴᠤᠳ ᠬᠡᠦᠬᠡᠳ᠎ᠤᠨ ᠬᠤᠪᠢᠰᠭᠠᠯ᠎ᠤᠨ ᠦᠨᠳᠦᠰᠦ ᠰᠤᠳᠠᠰᠤ ᠎ᠶ᠋ᠢᠨ ᠬᠠᠮᠠᠭᠠᠯᠠᠭ᠍ᠴᠢ᠂ ᠬᠤᠪᠢᠰᠭᠠᠯ᠎ᠤᠨ ᠰᠣᠶᠣᠯ ᠎ᠤᠨ ᠤᠯᠠᠮᠵᠢᠯᠠᠭ᠍ᠴᠢ ᠪᠣᠯᠬᠤ ᠵᠢ ᠬᠦᠲᠦᠯᠦᠨ ᠲᠠᠭᠠᠭᠤᠯᠤᠨ᠎ᠠ》 ᠭᠡᠵᠦ᠍ ᠨᠠᠨ ᠬᠣ᠌ ᠨᠠᠭᠤᠷ᠎ᠤᠨ ᠬᠤᠪᠢᠰᠭᠠᠯ ᠎ᠤᠨ ᠳᠤᠷᠠᠰᠭᠠᠯ᠎ᠤᠨ ᠣᠷᠳᠣᠨ᠎ᠤ ᠤᠬᠠᠭᠤᠯᠭ᠎ᠠ ᠬᠥᠮᠦᠵᠢᠯ᠎ᠦᠨ ᠬᠡᠯᠲᠡᠰ᠎ᠦᠨ ᠳᠡᠳ᠋ ᠡᠷᠬᠢᠯᠡᠭ᠌ᠴᠢ ᠵᠧᠩ ᠬᠤᠤ ᠬᠡᠯᠡᠪᠡ᠃

ᠨᠠᠬᠢᠶ᠎ᠠ ᠴᠤᠮᠤᠷᠯᠢᠭ ᠡᠶᠡᠪᠡᠷᠭᠦᠦ ᠰᠠᠯᠬᠢᠨ᠎ᠤ ᠳᠤᠮᠳᠠ ᠢᠳᠡᠷᠡᠭᠦᠨ᠎ᠢᠶᠡᠷ ᠦᠰᠦᠨ ᠪᠣᠢᠵᠢᠵᠤ᠂ ᠡᠬᠡ ᠤᠯᠤᠰ ᠎ᠤᠨ ᠴᠡᠴᠡᠭ ᠨᠠᠮ᠎ᠤᠨ ᠬᠠᠢᠷ᠎ᠠ ᠬᠠᠯᠠᠮᠵᠢᠯᠠᠯ ᠳᠤᠤᠷ᠎ᠠ ᠬᠦᠮᠦᠵᠢᠭᠳᠡᠨ ᠪᠤᠯᠪᠠᠰᠤᠷᠠᠭᠳᠠᠨ᠎ᠠ᠃

ᠶᠡᠷᠦᠩᠬᠡᠶ ᠱᠦᠵᠢ ᠰᠢ ᠵᠢᠨ ᠫᠢᠩ᠎ᠤᠨ ᠬᠠᠷᠢᠭᠤ ᠵᠠᠬᠢᠳᠠᠯ᠎ᠢ ᠰᠤᠷᠤᠯᠴᠠᠵᠤ᠂ ᠵᠢᠶᠠ ᠱᠢᠩ ᠬᠣᠲᠠ᠎ᠶ᠋ᠢᠨ ᠲᠤᠷᠱᠢᠯᠲᠠ᠎ᠶ᠋ᠢᠨ ᠪᠠᠭ᠎ᠠ ᠰᠤᠷᠭᠠᠭᠤᠯᠢ᠎ᠶ᠋ᠢᠨ ᠨᠠᠮ᠎ᠤᠨ ᠬᠤᠷᠢᠶ᠎ᠠ ᠵᠢᠨ ᠱᠦᠵᠢ᠂ ᠪᠠᠭᠠᠴᠤᠳ᠎ᠤᠨ ᠬᠤᠰᠢᠭᠤᠴᠢ ᠠᠩᠬᠢ ᠵᠢᠨ ᠠᠵᠢᠯ ᠎ᠤᠨ ᠬᠤᠷᠢᠶ᠎ᠠ ᠵᠢᠨ ᠡᠷᠬᠢᠯᠡᠭ᠌ᠴᠢ ᠵᠠᠩ ᠱᠢᠶᠤᠤ ᠫᠢᠩ ᠦᠪᠡᠷ᠎ᠤᠨ᠎ᠢᠶᠡᠨ ᠡᠭᠦᠷᠭᠡᠯᠡᠵᠦ ᠪᠠᠢᠭ᠎ᠠ ᠨᠠᠮ᠎ᠤᠨ ᠲᠥᠯᠥᠭᠡ ᠬᠥᠮᠦᠨ ᠬᠥᠮᠦᠵᠢᠭᠦᠯᠬᠦ᠌᠂ ᠤᠯᠤᠰ᠎ᠤᠨ ᠲᠥᠯᠥᠭᠡ ᠴᠢᠳᠠᠪᠤᠷᠢᠲᠠᠨ ᠬᠥᠮᠦᠵᠢᠭᠦᠯᠬᠦ᠌ ᠴᠢᠬᠤᠯᠠ ᠶᠡᠬᠡ ᠡᠭᠦᠷᠭᠡ᠎ᠶ᠋ᠢ ᠭᠦᠨᠵᠡᠭᠡᠢ ᠤᠢᠯᠠᠭᠠᠯ᠎ᠠ᠃《ᠤᠢ᠍ᠢᠷ᠎ᠠ ᠎ᠶ᠋ᠢᠨ ᠵᠢᠯ᠎ᠡᠴᠡ᠂ ᠬᠡᠦᠬᠡᠳ᠎ᠦᠳ ᠬᠤᠪᠢᠰᠭᠠᠯ᠎ᠤᠨ ᠦᠯᠢᠭᠡᠷ᠎ᠢ ᠶᠠᠷᠢᠬᠤ ᠳᠤᠮᠳᠠ ᠲᠤᠰ ᠪᠡᠶ᠎ᠡ᠎ᠶ᠋ᠢᠨ ᠦᠰᠦᠨ ᠪᠣᠢᠵᠢᠯᠲᠠ ᠪᠣᠯᠤᠨ ᠵᠣᠷᠢᠭ ᠰᠠᠨᠠᠭᠠᠨ᠎ᠤ ᠲᠠᠪᠲᠠᠨ ᠪᠤᠯᠪᠠᠰᠤᠷᠠᠯᠲᠠ ᠪᠡᠨ ᠪᠡᠶᠡᠯᠡᠭᠦᠯᠪᠡ᠃ ᠪᠢᠳᠡ ᠬᠤᠪᠢᠰᠭᠠᠯ᠎ᠤᠨ ᠦᠢᠯᠡᠳᠦᠯᠭᠡ᠎ᠶ᠋ᠢᠨ ᠠᠴᠢᠶᠠᠯᠠᠪᠤᠷᠢ᠎ᠶ᠋ᠢ ᠴᠢᠨᠠᠭ᠍ᠰᠢᠳᠠ ᠪᠠᠶᠠᠯᠢᠭ᠍ᠵᠢᠭᠤᠯᠵᠤ᠂ ᠭᠦᠨᠵᠡᠭᠡᠢ ᠤᠢᠯᠠᠭᠠᠬᠤ ᠮᠠᠶᠢᠭ᠎ᠤᠨ᠂ ᠪᠡᠶᠡᠴᠢᠯᠡᠨ ᠣᠢᠯᠠᠭᠠᠬᠤ ᠮᠠᠶᠢᠭ᠎ᠤᠨ ᠤᠯᠤᠰ ᠲᠦᠷᠦ᠍᠎ᠶ᠋ᠢᠨ ᠰᠡᠩᠭᠡᠷᠡᠭᠦᠯᠬᠦ ᠠᠷᠭ᠎ᠠ ᠬᠡᠯᠪᠡᠷᠢ᠎ᠶ᠋ᠢᠨ ᠱᠢᠨ᠎ᠡ᠎ᠶ᠋ᠢ ᠡᠭᠦᠳᠴᠦ᠍᠂ ᠰᠤᠷᠤᠭ᠍ᠴᠢᠳ᠎ᠢ ᠬᠦᠳᠦᠯᠥᠨ ᠳᠠᠭᠠᠭᠤᠯᠵᠤ ᠪᠠᠢᠭᠠᠳ ᠨᠠᠮ᠎ᠤᠨ ᠬᠠᠢᠷ᠎ᠠ ᠬᠠᠯᠠᠮᠵᠢᠯᠠᠯ ᠳᠣᠣᠷ᠎ᠠ ᠬᠦᠰᠡᠯᠡᠩ ᠢᠲᠡᠭᠡᠯ ᠪᠢᠱᠢᠷᠡᠯ᠎ᠦᠨ ᠰᠠᠭᠤᠷᠢ᠎ᠶ᠋ᠢ ᠪᠡᠬᠢᠵᠢᠭᠦᠯᠵᠦ᠍᠂ 〈ᠨᠠᠮ ᠪᠣᠯᠤᠨ ᠠᠷᠠᠳ ᠲᠦᠮᠡᠨ᠎ᠦ ᠬᠤᠪᠢᠰᠬᠠᠯᠴᠢ ᠬᠡᠦᠬᠡᠳ ᠪᠣᠯᠭᠠᠨ᠎ᠠ〉》 ᠭᠡᠵᠦ᠍ ᠵᠠᠩ ᠱᠢᠶᠤᠤ ᠫᠢᠩ ᠬᠡᠯᠡᠪᠡ᠃

ᠴᠢᠷᠮᠠᠢᠨ ᠰᠤᠷᠤᠯᠴᠠᠬᠤ ᠪᠣᠯ ᠪᠠᠭᠠᠴᠤᠳ ᠬᠡᠦᠬᠡᠳ᠎ᠦᠨ ᠲᠡᠷᠢᠭᠦᠨ ᠴᠢᠬᠤᠯᠠ ᠡᠭᠦᠷᠭᠡ᠂ ᠡᠷᠳᠡᠮ ᠴᠢᠳᠠᠪᠤᠷᠢ ᠎ᠶ᠋ᠢ ᠡᠵᠡᠮᠱᠢᠬᠦ᠌ ᠪᠣᠯ ᠦᠰᠦᠨ ᠪᠣᠢᠵᠢᠵᠤ ᠴᠢᠳᠠᠪᠤᠷᠢᠲᠠᠨ ᠪᠣᠯᠬᠤ᠎ᠶ᠋ᠢᠨ ᠴᠢᠬᠤᠯᠠ ᠰᠠᠭᠤᠷᠢ ᠮᠥᠨ᠃

ᠰᠢ ᠡᠪᠦᠭᠡ᠎ᠶ᠋ᠢᠨ ᠬᠠᠷᠢᠭᠤ ᠵᠠᠬᠢᠳᠠᠯ ᠎ᠢ ᠦᠵᠡᠭᠡᠳ ᠪᠡᠭᠡᠵᠢᠩ᠎ᠦᠨ ᠳᠥᠷᠪᠡᠳᠦᠭᠡᠷ ᠳᠤᠮᠳᠠᠳᠤ ᠰᠤᠷᠭᠠᠭᠤᠯᠢ᠎ᠶ᠋ᠢᠨ ᠱᠢᠶᠦ᠋ᠩ ᠠᠨ ᠰᠤᠷᠭᠠᠭᠤᠯᠢ᠎ᠶ᠋ᠢᠨ ᠲᠣᠭᠣᠷᠢᠭ᠎ᠤᠨ ᠠᠩᠬ᠎ᠠ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠨᠢᠭᠡᠳᠦᠭᠡᠷ ᠤᠨ᠎ᠤ ᠬᠤᠶᠠᠳᠤᠭᠠᠷ ᠠᠩᠭᠢ᠎ᠶ᠋ᠢᠨ ᠰᠤᠷᠤᠭ᠍ᠴᠢ ᠵᠤᠤ ᠢᠦᠢ ᠴᠦᠩ ᠰᠡᠳᠭᠢᠯ ᠳᠣᠭ᠍ᠳᠣᠯᠤᠨ᠄ 《ᠡᠨᠡ ᠵᠢᠯ᠎ᠦᠨ 3 ᠰᠠᠷ᠎ᠠ᠎ᠳᠤ ᠰᠢ ᠡᠪᠦᠭᠡ ᠮᠠᠨ᠎ᠤ ᠰᠤᠷᠭᠠᠭᠤᠯᠢ᠎ᠳᠤ ᠢᠷᠡᠵᠦ᠍᠂ ᠪᠢᠳᠡᠨ᠎ᠢ ᠱᠢᠶᠦ᠋ᠩ ᠠᠨ ᠱᠢᠨ᠎ᠡ ᠲᠣᠭᠣᠷᠢᠭ᠎ᠲᠠᠶ ᠬᠠᠮᠲᠤ ᠦᠰᠦᠨ ᠪᠣᠢᠵᠢᠭᠠᠷᠠᠢ ᠭᠡᠵᠦ᠍ ᠵᠣᠷᠢᠭ᠍ᠵᠢᠭᠤᠯᠪᠠ᠂ ᠡᠨᠡ ᠤᠳᠠᠭ᠎ᠠ ᠪᠠᠰᠠ〈ᠮᠡᠳᠡᠯᠭᠡ ᠴᠢᠳᠠᠪᠤᠷᠢ᠎ᠪᠠᠨ ᠨᠡᠮᠡᠭ᠌ᠳᠡᠭᠦᠯᠬᠦ᠌ ᠬᠡᠷᠡᠭ᠌ᠲᠡᠢ〉 ᠭᠡᠵᠦ᠍ ᠵᠠᠬᠢᠪᠠ᠃ ᠪᠢ ᠯᠠᠪᠲᠠᠶ ᠰᠠᠢᠲᠤᠷ ᠰᠤᠷᠤᠯᠴᠠᠵᠤ᠂ ᠥᠭᠡᠳᠡᠯᠡᠨ ᠳᠠᠪᠱᠢᠬᠤ᠎ᠪᠠᠷ ᠴᠢᠷᠮᠠᠢᠨ᠎ᠠ᠂ ᠬᠣᠵᠢᠮ ᠡᠷᠳᠡᠮ ᠮᠡᠳᠡᠯᠭᠡ ᠪᠠ ᠡᠷᠳᠡᠮ ᠴᠢᠳᠠᠪᠤᠷᠢ᠎ᠪᠠᠷ᠎ᠢᠶᠠᠨ ᠡᠬᠡ ᠤᠯᠤᠰ᠎ᠢᠶᠠᠨ ᠨᠠᠩ ᠰᠠᠢᠨ ᠰᠠᠢᠬᠠᠨ ᠪᠣᠯᠭᠠᠨ ᠪᠥᠲᠥᠭᠡᠨ ᠪᠠᠢᠭᠤᠯᠤᠨ᠎ᠠ》 ᠭᠡᠵᠡᠢ᠃

5 ᠵᠢᠯ᠎ᠦᠨ ᠡᠮᠦᠨ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠦᠨ ᠤᠢ᠎ᠶ᠋ᠢᠨ《 6·1 》 ᠡᠴᠡ ᠡᠮᠦᠨᠡᠬᠡᠨ᠂ ᠶᠡᠷᠦᠩᠬᠡᠢ ᠱᠦᠵᠢ ᠰᠢ ᠵᠢᠨ ᠫᠢᠩ 《ᠱᠢᠨ ᠠᠨ᠎ᠤ ᠵᠢᠭᠤᠯᠴᠢᠯᠠᠯ᠎ᠤᠨ ᠪᠦᠯᠬᠦᠮ》 ᠤ᠋ᠨ ᠡᠭᠡ ᠰᠤᠷᠭᠠᠭᠤᠯᠢ ᠪᠤᠯᠬᠤ ᠵᠢᠶᠠᠩᠰᠦ ᠮᠤᠵᠢ᠎ᠶ᠋ᠢᠨ ᠬᠤᠸᠠᠢ ᠠᠨ ᠬᠤᠳᠠ᠎ᠶ᠋ᠢᠨ ᠱᠢᠨ ᠠᠨ ᠪᠠᠭ᠎ᠠ ᠰᠤᠷᠭᠠᠭᠤᠯᠢ᠎ᠶ᠋ᠢᠨ ᠪᠠᠭᠠᠴᠤᠳ᠎ᠤᠨ ᠬᠣᠱᠢᠭᠤᠴᠢ ᠠᠩᠬᠢ᠎ᠶ᠋ᠢᠨ ᠭᠡᠱᠢᠭᠦᠨ᠎ᠳᠦ ᠬᠠᠷᠢᠭᠤ ᠵᠠᠬᠢᠳᠠᠯ ᠢᠯᠡᠭᠡᠪᠡ᠃

《ᠲᠤᠬᠠᠢ᠎ᠶ᠋ᠢᠨ ᠦᠶ᠎ᠡ᠎ᠳᠦ ᠶᠡᠷᠦᠩᠬᠡᠢ ᠱᠦᠵᠢ ᠬᠡᠦᠬᠡᠳ᠎ᠦᠳ᠎ᠢ 〈ᠵᠠᠩ ᠰᠤᠷᠲᠠᠯ᠎ᠢᠶᠠᠨ ᠳᠠᠪᠲᠠᠨ ᠪᠣᠯᠪᠠᠰᠤᠷᠠᠭᠤᠯᠬᠤ ᠬᠡᠷᠡᠭ᠌ᠲᠡᠢ〉 ᠭᠡᠵᠦ᠍ ᠵᠣᠷᠢᠭ᠍ᠵᠢᠭᠤᠯᠪᠠ᠂ ᠡᠨᠡ ᠤᠳᠠᠭ᠎ᠠ ᠪᠠᠰᠠ〈ᠰᠦᠰᠦ ᠵᠤᠷᠢᠬ ᠵᠠᠩ ᠴᠢᠨᠠᠷ᠎ᠢᠶᠠᠨ ᠳᠠᠪᠲᠠᠨ ᠪᠣᠯᠪᠠᠰᠤᠷᠠᠭᠤᠯᠬᠤ ᠬᠡᠷᠡᠭ᠌ᠲᠡᠢ〉 ᠭᠡᠵᠦ᠍ ᠳᠤᠷᠠᠳᠴᠠᠢ》᠃ ᠱᠢᠨ ᠠᠨ ᠪᠠᠭ᠎ᠠ ᠰᠤᠷᠭᠠᠭᠤᠯᠢ᠎ᠶ᠋ᠢᠨ ᠳᠤᠮᠳᠠ ᠠᠩᠭᠢ᠎ᠶ᠋ᠢᠨ ᠬᠠᠪᠰᠤᠷᠤᠨ ᠵᠢᠯᠣᠭᠣᠳᠣᠭ᠍ᠴᠢ ᠯᠦ᠍ ᠸᠸᠨ ᠴᠢᠶᠠᠨ᠂ ᠪᠠᠭᠠᠴᠤᠳ᠎ᠤᠨ ᠬᠣᠱᠢᠭᠤᠴᠢ ᠠᠩᠭᠢ ᠪᠣᠯ ᠪᠠᠭᠠᠴᠤᠳ ᠬᠡᠦᠬᠡᠳ᠎ᠦᠨ ᠡᠷᠡᠭᠦᠯ᠎ᠢᠶᠡᠷ ᠦᠰᠦᠨ ᠪᠣᠢᠵᠢᠬᠤ ᠶᠡᠬᠡ ᠰᠤᠷᠭᠠᠭᠤᠯᠢ ᠮᠥᠨ᠃ 5 ᠵᠢᠯ᠎ᠦᠨ ᠲᠤᠷᠰᠢ᠂ ᠪᠢᠳᠡ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠭᠡᠱᠢᠭᠦᠳ᠎ᠢ ᠵᠣᠬᠢᠶᠠᠨ ᠪᠠᠢᠭᠤᠯᠤᠨ ᠬᠤᠪᠢᠰᠭᠠᠯᠲᠤ ᠰᠤᠳᠤᠯᠭᠠᠨ ᠪᠠ ᠡᠯ᠎ᠡ ᠲᠥᠷᠥᠯ᠎ᠦᠨ ᠦᠶ᠋ᠯᠡᠳᠦᠯᠭᠡ ᠎ᠶ᠋ᠢᠨ ᠠᠵᠢᠯᠯᠠᠭ᠎ᠠ ᠥᠷᠨᠢᠭᠦᠯᠵᠦ᠍᠂ 《ᠲᠠᠪᠤᠨ ᠬᠥᠮᠦᠵᠢᠯ》᠎ᠢ᠋ ᠠᠭᠤᠰᠤᠯᠴᠠᠭᠤᠯᠬᠤ᠎ᠶ᠋ᠢ ᠪᠠᠷᠢᠮᠲᠠᠯᠠᠵᠤ᠂ ᠪᠥᠬᠥ᠌ ᠭᠡᠱᠢᠭᠦᠳ᠎ᠢ ᠬᠥᠲᠥᠯᠥᠨ ᠵᠢᠯᠣᠭᠣᠳᠴᠤ᠌ ᠦᠶ᠋ᠯᠡᠳᠦᠯᠭᠡ᠎ᠶ᠋ᠢᠨ ᠳᠤᠮᠳᠠ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠣᠳ ᠭᠤᠤ᠎ᠠ ᠰᠠᠢᠬᠠᠨ ᠬᠥᠳᠡᠯᠮᠦᠷᠢ ᠪᠥᠬᠥ᠌ ᠲᠠᠯ᠎ᠠ᠎ᠪᠠᠷ ᠬᠥᠭ᠌ᠵᠢᠬᠦ᠌᠎ᠶ᠋ᠢ ᠪᠡᠶᠡᠯᠡᠭᠦᠯᠪᠡ ᠭᠡᠵᠡᠢ᠃

ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠶᠠᠨ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ ᠪᠣᠯ ᠬᠣᠱᠢᠭᠤᠴᠢ ᠠᠨᠭᠬᠢ᠂ ᠡᠪ ᠬᠠᠮᠲᠤ ᠵᠠᠯᠠᠭᠤᠴᠤᠳ᠎ᠤᠨ ᠡᠪᠯᠡᠯ ᠪᠣᠯ ᠭᠠᠪᠱᠢᠭᠠᠢ ᠠᠨᠭᠬᠢ᠂ ᠪᠠᠭᠠᠴᠤᠳ᠎ᠤᠨ ᠬᠣᠱᠢᠭᠤᠴᠢ ᠠᠩᠬᠢ ᠪᠣᠯ ᠪᠡᠯᠡᠳᠭᠡᠯ ᠠᠨᠭᠬᠢ ᠪᠣᠯᠤᠨ᠎ᠠ᠃ ᠡᠪ ᠬᠠᠮᠲᠤ ᠵᠠᠯᠠᠭᠤᠴᠤᠳ᠎ᠤᠨ ᠡᠪᠯᠡᠯ ᠪᠠᠭᠠᠴᠤᠳ᠎ᠤᠨ ᠬᠣᠱᠢᠭᠤᠴᠢ ᠠᠨᠭᠬᠢ᠎ᠶ᠋ᠢ ᠳᠠᠭᠠᠭᠤᠯᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠵᠢᠳᠬᠦᠯ ᠴᠢᠷᠮᠠᠢᠯᠭ᠎ᠠ ᠭᠠᠷᠭᠠᠵᠤ᠂ ᠤᠯᠠᠭᠠᠨ ᠪᠦᠴᠡᠲᠡᠨ᠎ᠳᠦ ᠱᠢᠨ᠎ᠡ ᠴᠠᠭ ᠦᠶ᠎ᠡ᠎ᠶ᠋ᠢᠨ ᠢᠷᠠᠭᠤ ᠠᠯᠳᠠᠷ᠎ᠢ ᠨᠡᠮᠡᠷᠢᠯᠡᠬᠦ᠌ ᠬᠡᠷᠡᠭ᠌ᠲᠡᠢ᠃

《ᠶᠡᠷᠦᠩᠬᠡᠢ ᠱᠦᠵᠢ ᠰᠢ ᠵᠢᠨ ᠫᠢᠩ᠎ᠦᠨ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠵᠤ᠂ ᠪᠢᠳᠡ ᠨᠠᠮ᠂ ᠡᠪᠯᠡᠯ᠂ ᠠᠩᠬᠢ᠎ᠶ᠋ᠢ ᠨᠢᠭᠡ ᠴᠤᠬ᠍ᠴᠠᠵᠢᠭᠤᠯᠬᠤ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠵᠤ᠂ 〈ᠤᠯᠠᠭᠠᠨ ᠪᠥᠴᠡᠲᠡᠨ ᠰᠤᠷᠤᠯᠴᠠᠬᠤ ᠳᠤᠷᠠᠳᠠᠢ〉 ᠬᠡᠬᠦ ᠰᠦᠯᠵᠢᠶᠡᠨ ᠳᠡᠭᠡᠷᠡᠬᠢ ᠭᠣᠣᠯ ᠰᠡᠳᠦᠪᠲᠦ ᠠᠨᠭᠬᠢ᠎ᠶ᠋ᠢᠨ ᠬᠢᠴᠢᠶᠡᠯ᠎ᠢ ᠪᠦᠬᠦ᠌ ᠮᠤᠵᠢ᠎ᠶ᠋ᠢᠨ ᠪᠠᠭᠠᠴᠤᠳ᠎ᠤᠨ ᠬᠣᠱᠢᠭᠤᠴᠢ ᠠᠨᠭᠬᠢ᠎ᠶ᠋ᠢᠨ ᠳᠤᠮᠳᠠ ᠠᠨᠭᠬᠢ᠎ᠳᠤ ᠪᠦᠷᠬᠦᠬᠦᠯᠬᠦ᠌᠎ᠶ᠋ᠢ ᠠᠬᠢᠭᠤᠯᠵᠤ᠂ ᠡᠬᠢ ᠪᠠᠶᠠᠯᠢᠭ᠎ᠢ ᠨᠢᠭᠡᠳᠦᠯᠲᠡᠢ ᠲᠥᠯᠥᠪᠵᠢᠭᠦᠯᠵᠦ᠍ ᠪᠠᠢᠭᠠᠳ ᠪᠠᠭᠠᠴᠤᠳ ᠬᠡᠦᠬᠡᠳ᠎ᠦᠨ ᠦᠰᠦᠨ ᠪᠣᠢᠵᠢᠵᠤ ᠴᠢᠳᠠᠪᠤᠷᠢᠲᠠᠨ ᠪᠣᠯᠬᠤ᠎ᠳᠤ ᠨᠡᠩ ᠠᠱᠢᠭ᠍ᠲᠠᠢ ᠨᠥᠬᠥᠴᠡᠯ ᠪᠦᠷᠢᠯᠳᠦᠭᠦᠯᠦᠨ ᠥᠭ᠌ᠴᠦ᠂ ᠨᠠᠮ᠂ ᠡᠪᠯᠡᠯ᠂ ᠠᠨᠭᠬᠢ᠎ᠶ᠋ᠢᠨ ᠬᠥᠮᠦᠨ ᠬᠥᠮᠦᠵᠢᠭᠦᠯᠬᠦ᠌ ᠬᠡᠯᠬᠢᠶ᠎ᠡ᠎ᠶ᠋ᠢ ᠬᠠᠷᠢᠯᠴᠠᠨ ᠵᠣᠯᠭᠠᠭᠤᠯᠵᠤ᠂ ᠬᠠᠷᠢᠯᠴᠠᠨ ᠨᠡᠪᠲᠡᠷᠡᠯᠴᠡᠭᠦᠯᠬᠦ᠌᠎ᠶ᠋ᠢ ᠬᠦᠴᠦᠯᠡᠨ ᠠᠬᠢᠭᠤᠯᠵᠤ᠂ ᠬᠤᠪᠢᠰᠭᠠᠯᠲᠤ ᠲᠦᠷᠦ᠍᠎ᠶ᠋ᠢ ᠵᠠᠯᠭᠠᠮᠵᠢᠯᠠᠭ᠍ᠴᠢ᠎ᠲᠠᠶ᠂ ᠦᠶ᠎ᠡ᠎ᠶ᠋ᠢᠨ ᠦᠶ᠎ᠡ᠎ᠳᠦ ᠤᠯᠠᠮᠵᠢᠯᠠᠨ ᠵᠠᠯᠭᠠᠮᠵᠢᠯᠠᠬᠤ᠎ᠶ᠋ᠢ ᠦᠨᠡᠨ ᠬᠦ᠌ ᠪᠠᠲᠤᠯᠠᠵᠠᠢ》 ᠭᠡᠵᠦ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠵᠢᠶᠠᠩᠰᠢ ᠮᠤᠵᠢ᠎ᠶ᠋ᠢᠨ ᠬᠣᠷᠢᠶ᠎ᠠ ᠵᠢᠨ ᠳᠡᠳ᠋ ᠱᠦᠵᠢ᠂ ᠮᠤᠵᠢ᠎ᠶ᠋ᠢᠨ ᠪᠠᠭᠠᠴᠤᠳ᠎ᠤᠨ ᠬᠤᠰᠢᠭᠤᠴᠢ ᠠᠩᠬᠢ ᠵᠢᠨ ᠠᠵᠢᠯ᠎ᠤᠨ ᠬᠤᠷᠢᠶ᠎ᠡ ᠵᠢᠨ ᠪᠠᠢᠩᠭᠤ᠎ᠶ᠋ᠢᠨ ᠳᠡᠳ᠋ ᠡᠷᠬᠢᠯᠡᠭ᠌ᠴᠢ ᠱᠢᠶᠤᠤ ᠷᠦ᠋ ᠧᠨ ᠬᠡᠯᠡᠪᠡ᠃

ᠪᠠᠭᠠᠴᠤᠳ ᠬᠡᠦᠬᠡᠳ᠎ᠦᠨ ᠡᠷᠡᠭᠦᠯ᠎ᠢᠶᠡᠷ ᠦᠰᠦᠨ ᠪᠣᠢᠵᠢᠬᠤ ᠨᠢ ᠪᠦᠬᠦ᠌ ᠨᠡᠢᠭᠡᠮ᠎ᠤᠨ ᠬᠠᠮᠲᠤ ᠵᠢᠨ ᠤᠷᠤᠯᠴᠠᠯᠭ᠎ᠠ᠂ ᠬᠠᠯᠠᠮᠵᠢ ᠳᠡᠮᠵᠢᠯᠭᠡ᠎ᠡᠴᠡ ᠰᠠᠯᠵᠤ ᠴᠢᠳᠠᠬᠤ ᠦᠭᠡᠢ ᠶᠤᠮ᠃

《ᠬᠣᠢᠴᠢ ᠦᠶ᠎ᠡ᠎ᠪᠡᠨ ᠰᠠᠢᠲᠤᠷ ᠰᠠᠬᠢᠨ ᠬᠠᠮᠠᠭᠠᠯᠠᠵᠤ᠂ ᠰᠠᠢᠲᠤᠷ ᠪᠣᠢᠵᠢᠭᠤᠯᠬᠤ ᠪᠣᠯ ᠪᠢᠳᠡᠨ᠎ᠦ ᠬᠠᠷᠢᠭᠤᠴᠠᠯᠭ᠎ᠠ ᠮᠥᠨ》᠃ ᠳᠤᠮᠳᠠᠳᠤ ᠤᠯᠤᠰ᠎ᠤᠨ ᠬᠡᠦᠬᠡᠳ᠎ᠦᠨ ᠲᠥᠪ᠎ᠦᠨ ᠳᠡᠳ᠋ ᠡᠷᠬᠢᠯᠡᠭ᠌ᠴᠢ ᠶᠠᠩ ᠼᠠᠢ ᠱᠢᠶᠠ᠂ ᠶᠡᠷᠦᠩᠬᠡᠶ ᠱᠦᠵᠢ᠎ᠶ᠋ᠢᠨ ᠴᠢᠬᠤᠯᠠ ᠵᠢᠭᠠᠪᠤᠷᠢ ᠶᠣᠰᠣᠭᠠᠷ᠂ ᠬᠡᠷ ᠪᠦᠯᠢ ᠰᠤᠷᠭᠠᠭᠤᠯᠢ ᠨᠡᠢᠭᠡᠮ᠎ᠦᠨ᠎ᠬᠢᠨ ᠬᠠᠮᠵᠢᠯᠴᠠᠨ ᠬᠥᠮᠦᠨ ᠬᠥᠮᠦᠵᠢᠭᠦᠯᠬᠦ᠌᠎ᠶ᠋ᠢ ᠦᠷᠭᠦᠯᠵᠢᠯᠡᠨ ᠴᠢᠩᠭᠠᠳᠭᠠᠵᠤ᠂ ᠬᠤᠪᠢᠰᠬᠠᠯᠳᠤ ᠱᠢᠮ᠎ᠡ ᠲᠡᠵᠢᠭᠡᠯ᠎ᠢ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠂ ᠪᠡᠶ᠎ᠡ᠎ᠶ᠋ᠢᠨ ᠲᠠᠮᠢᠷ᠂ ᠭᠤᠤ᠎ᠠ ᠰᠠᠢᠬᠠᠨ᠎ᠤ ᠬᠥᠮᠦᠵᠢᠯ ᠵᠡᠷᠭᠡ ᠬᠢᠴᠢᠶᠡᠯ᠎ᠦᠨ ᠪᠠᠢᠭᠤᠯᠤᠯᠲᠠ᠎ᠳᠤ ᠠᠭᠤᠰᠭᠠᠨ ᠣᠷᠣᠭᠤᠯᠵᠤ᠂ ᠪᠠᠭᠠᠴᠤᠳ ᠬᠡᠦᠬᠡᠳ᠎ᠦᠨ ᠶᠡᠷᠦᠩᠬᠡᠢᠯᠡᠭ᠌ᠰᠡᠨ ᠬᠡᠪ ᠪᠣᠯᠪᠠᠰᠤᠷᠠᠯ᠎ᠢ ᠳᠡᠭᠡᠭ᠌ᠰᠢᠯᠡᠭᠦᠯᠵᠦ᠍᠂ ᠬᠡᠦᠬᠡᠳ᠎ᠦᠨ ᠦᠰᠦᠨ ᠪᠣᠢᠵᠢᠯᠲᠠ᠎ᠶ᠋ᠢᠨ ᠵᠠᠮᠴᠢᠯᠠᠭ᠍ᠴᠢ᠂ ᠬᠡᠦᠬᠡᠳ᠎ᠦᠨ ᠡᠷᠬᠡ ᠠᠱᠢᠭ᠎ᠤᠨ ᠬᠠᠮᠠᠭᠠᠯᠠᠭ᠍ᠴᠢ᠂ ᠬᠡᠦᠬᠡᠳ ᠎ᠦᠨ ᠢᠷᠡᠭᠡᠳᠦᠶ᠎ᠶ᠋ᠢᠨ ᠬᠦᠰᠡᠯ ᠵᠡᠭᠦᠳᠦ᠍᠎ᠵᠢᠨ ᠲᠡᠷᠭᠡᠯᠱᠢᠭᠦᠯᠦᠭ᠌ᠴᠢ ᠪᠤᠯᠬᠤ ᠠᠵᠢᠯ ᠵᠢᠨᠨ ᠡᠷᠬᠡᠪᠰᠢ ᠰᠠᠢᠲᠤᠷ ᠬᠢᠬᠦ᠌ ᠬᠡᠷᠡᠭ᠌ᠲᠡᠶ ᠭᠡᠵᠦ ᠢᠯᠡᠳᠭᠡᠪᠡ᠃

ᠨᠠᠮ᠎ᠤᠨ ᠦᠢᠯᠡᠰ ᠦᠶ᠎ᠡ ᠦᠶ᠎ᠡ᠎ᠶ᠋ᠢᠨ ᠬᠥᠮᠦᠰ᠎ᠦᠨ ᠦᠷᠭᠦᠯᠵᠢᠯᠡᠨ ᠲᠡᠮᠡᠴᠡᠬᠦ᠌᠎ᠶ᠋ᠢ ᠱᠠᠭᠠᠷᠳᠠᠨ᠎ᠠ᠃

ᠨᠢᠳᠤᠨᠤᠨ ᠎ᠤ 《 6·1 》 ᠡᠴᠡ ᠡᠮᠦᠨᠡᠬᠡᠨ᠂ ᠱᠠᠨᠰᠢ ᠮᠤᠵᠢ᠎ᠶ᠋ᠢᠨ ᠶᠠᠨ ᠠᠨ ᠬᠤᠳᠠ᠎ᠶ᠋ᠢᠨ ᠤᠯᠠᠭᠠᠨ ᠬᠣᠷᠢᠨ ᠵᠢᠷᠭᠤᠳᠤᠭᠠᠷ ᠠᠷᠮᠢ ᠶ᠋ᠢᠨ ᠤᠯᠠᠭᠠᠨ ᠴᠡᠷᠢᠭ ᠪᠠᠭ᠎ᠠ ᠰᠤᠷᠭᠠᠭᠤᠯᠢ᠎ᠶ᠋ᠢᠨ ᠰᠤᠷᠤᠬ᠍ᠴᠢ ᠯᠢᠦ ᠢᠦᠢ ᠱᠢᠨ ᠶᠢᠰᠦᠳᠦᠭᠡᠷ ᠤᠳᠠᠭ᠎ᠠ᠎ᠶ᠋ᠢᠨ ᠪᠦᠬᠦ᠌ ᠤᠯᠤᠰ᠎ᠤᠨ ᠪᠠᠭᠠᠴᠤᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠬᠤᠪᠢ᠎ᠪᠠᠷ ᠲᠤᠬᠠᠢ᠎ᠶ᠋ᠢᠨ ᠲᠠᠯᠠᠪᠠᠢ᠎ᠳᠤ ᠰᠢ ᠡᠪᠦᠭᠡ᠎ᠶ᠋ᠢᠨ ᠪᠠᠶᠠᠷ᠎ᠤᠨ ᠵᠠᠬᠢᠳᠠᠯ᠎ᠢ ᠰᠣᠨᠣᠰᠴᠠᠢ᠃ ᠡᠨᠡ ᠤᠳᠠᠭ᠎ᠠ᠂ ᠶᠡᠷᠦᠩᠬᠡᠢ ᠱᠦᠵᠢ᠎ᠶ᠋ᠢᠨ ᠬᠠᠷᠢᠭᠤ ᠵᠠᠬᠢᠳᠠᠯ ᠎ᠳᠤ ᠪᠠᠭᠠᠴᠤᠳ ᠬᠡᠦᠬᠡᠳ ᠎ᠲᠤ  《ᠱᠢᠨ᠎ᠡ ᠠᠶᠠᠨ ᠎ᠤ ᠲᠡᠦᠬᠡ᠎ᠶ᠋ᠢᠨ ᠪᠤᠤᠬᠢᠶ᠎ᠠ ᠤᠷᠤᠯᠳᠤᠭᠠᠨ ᠎ᠳᠤ ᠰᠠᠢᠳᠤᠷ ᠴᠢᠷᠮᠠᠢᠬᠤ ᠬᠡᠷᠡᠭᠳᠡᠢ》 ᠬᠡᠰᠡᠨ ᠬᠦᠰᠡᠯ ᠨᠠᠢᠳᠠᠯᠭ᠎ᠠ ᠲᠠᠯᠪᠢᠭ᠍ᠰᠠᠨ ᠨᠢ ᠲᠡᠭᠦᠨ ᠎ᠦ ᠢᠲᠡᠭᠡᠯ ᠵᠣᠷᠢᠭ᠎ᠢ ᠬᠥᠪᠴᠢᠯᠡᠵᠡᠢ᠃

ᠯᠢᠦ ᠢᠦᠢ ᠱᠢᠨ᠄《ᠶᠠᠨ ᠠᠨ ᠎ᠤ ᠬᠤᠪᠢᠰᠭᠠᠯ ᠎ᠤᠨ ᠡᠷᠲᠡ ᠴᠢᠯᠥᠭᠡᠯᠡᠭ᠌ᠳᠡᠭ᠌ᠰᠡᠨ ᠣᠷᠣᠨ᠎ᠤ ᠤᠯᠠᠭᠠᠨ ᠪᠥᠴᠡᠲᠡᠨ ᠲᠠᠢᠯᠪᠤᠷᠢᠯᠠᠭ᠍ᠴᠢ ᠪᠣᠯᠤᠭ᠍ᠰᠠᠨ ᠎ᠤ ᠬᠤᠪᠢ᠎ᠳᠤ᠂ ᠪᠢ ᠯᠠᠪᠲᠠᠢ ᠰᠢ ᠡᠪᠦᠭᠡ᠎ᠶ᠋ᠢᠨ᠎ᠢᠶᠡᠨ ᠦᠭᠡ᠎ᠶ᠋ᠢ ᠪᠠᠲᠤ ᠴᠡᠭᠡᠵᠢᠯᠡᠵᠦ᠍᠂ ᠦᠢᠯᠡ ᠠᠵᠢᠯᠯᠠᠭ᠎ᠠ ᠳᠤᠮᠳᠠ᠎ᠪᠠᠨ ᠨᠠᠢᠳᠠᠪᠤᠷᠢᠵᠢᠭᠤᠯᠵᠤ᠂ ᠱᠢᠷᠭᠠᠭᠤ ᠰᠤᠷᠤᠯᠴᠠᠨ ᠡᠷᠡᠮᠡᠬᠡᠢᠯᠡᠨ ᠳᠠᠪᠰᠢᠵᠤ᠂ ᠬᠦᠰᠡᠯ ᠵᠡᠭᠦᠳᠦ᠍᠎ᠪᠡᠨ ᠬᠥᠭᠡᠭᠡᠴᠡᠯᠳᠦᠨ ᠤᠷᠤᠭ᠍ᠰᠢᠯᠠᠵᠤ᠂ ᠪᠠᠭᠠᠴᠤᠳ᠎ᠤᠨ ᠬᠦᠴᠦᠨ᠎ᠢᠶᠡᠷ ᠦᠷᠭᠦᠯᠵᠢᠯᠡᠨ ᠲᠡᠮᠡᠴᠡᠵᠦ᠍᠂ ᠪᠢᠳᠡᠨ᠎ᠤ ᠡᠨᠡ ᠦᠶ᠎ᠡ᠎ᠶ᠋ᠢᠨ ᠬᠥᠮᠦᠰ᠎ᠦᠨ ᠱᠢᠨ᠎ᠡ ᠤᠷᠳᠤ ᠵᠠᠮ᠎ᠤᠨ ᠠᠶᠠᠨ ᠵᠠᠮ᠎ᠢᠶᠡᠷ ᠰᠠᠢᠲᠤᠷ ᠵᠠᠮᠨᠠᠨ᠎ᠠ ! 》 ᠭᠡᠵᠦ ᠵᠤᠷᠢᠭ ᠰᠢᠭᠤᠳᠪᠠ᠃


   (ᠱᠢᠨᠬᠤᠸᠠ ᠬᠤᠷᠢᠶ᠎ᠠ ᠵᠢᠨ ᠪᠡᠭᠡᠵᠢᠩ᠎ᠦᠨ 5 ᠰᠠᠷ᠎ᠠ᠎ᠶ᠋ᠢᠨ 31 ᠎ᠤ᠋ ᠴᠠᠬᠢᠯᠭᠠᠨ ᠮᠡᠳᠡᠭᠡ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号