ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠵᠠᠰᠠᠭ ᠤ᠋ᠨ ᠣᠷᠳᠣᠨ ᠲᠦᠷᠦᠭᠦᠬᠡᠨ 2025 ᠣᠨ ᠤ᠋ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠲᠡᠷᠢᠭᠦᠯᠡᠭ᠌ᠴᠢ ᠶ᠋ᠢᠨ ᠶᠠᠰᠤ ᠴᠢᠨᠠᠷ ᠤ᠋ᠨ ᠱᠠᠩᠨᠠᠯ》 ᠬᠦᠷᠳᠡᠭ᠌ᠰᠡᠨ ᠠᠵᠤ ᠠᠬᠤᠢᠯᠠᠯ ᠤ᠋ᠨ ᠨᠡᠷᠡᠰ ᠢ᠋ ᠨᠡᠢᠲᠡᠯᠡᠪᠠ᠂ ᠡᠬᠦᠨᠳᠤ ᠪᠤᠭᠤᠲᠤ ᠶ᠋ᠢᠨ ᠪᠧᠢ ᠴᠧᠨ ᠪᠣᠷᠳᠣᠭᠠᠨ ᠤ᠋ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠬᠤᠪᠢᠴᠠᠭᠠᠲᠤ ᠬᠢᠵᠠᠭᠠᠷᠲᠤ ᠺᠣᠮᠫᠠᠨᠢ᠂ ᠪᠤᠭᠤᠲᠤ ᠶ᠋ᠢᠨ ᠬᠥᠩᠭᠡᠨᠴᠠᠭᠠᠨ ᠤ᠋ ᠦᠢᠯᠡᠰ ᠤ᠋ᠨ ᠬᠢᠵᠠᠭᠠᠷᠲᠤ ᠺᠣᠮᠫᠠᠨᠢ᠂ ᠥᠪᠥᠷ ᠮᠣᠩᠭᠣᠯ ᠤ᠋ᠨ ᠱᠢᠤᠢ ᠶᠠᠩ ᠱᠢᠨ᠎ᠡ ᠮᠠᠲ᠋ᠧᠷᠢᠶᠠᠯ ᠤ᠋ᠨ ᠬᠤᠪᠢᠴᠠᠭᠠᠲᠤ ᠬᠢᠵᠠᠭᠠᠷᠲᠤ ᠺᠣᠮᠫᠠᠨᠢ ᠵᠡᠷᠭᠡ 3 ᠠᠵᠤ ᠠᠬᠤᠢᠯᠠᠯ ᠲᠤᠰ ᠱᠠᠨᠭᠨᠠᠯ ᠢ᠋ ᠬᠦᠷᠲᠡᠭᠰᠡᠨ ᠪᠠᠢᠨ᠎ᠠ᠃
ᠲᠣᠰ ᠬᠤᠭᠤᠴᠠᠭᠠᠨ ᠤ᠋ ᠱᠢᠯᠭᠠᠷᠠᠭᠤᠯᠤᠯᠲᠠ ᠳ᠋ᠤ ᠠᠢᠮᠠᠭ ᠬᠣᠲᠠ ᠡᠴᠡ ᠪᠠᠲᠤᠯᠠᠨ ᠲᠠᠨᠢᠯᠴᠠᠭᠤᠯᠬᠤ᠂ ᠬᠢᠷᠢ ᠬᠡᠮ ᠢ᠋ ᠬᠢᠨᠠᠨ ᠪᠠᠢᠴᠠᠭᠠᠬᠤ᠂ ᠮᠠᠲ᠋ᠧᠷᠢᠶᠠᠯ ᠢ᠋ ᠬᠢᠨᠠᠨ ᠲᠣᠭ᠍ᠲᠠᠭᠠᠬᠤ ᠵᠡᠷᠭᠡ 7 ᠭᠣᠭ᠍ᠴᠣᠭᠠ ᠪᠠ 5 ᠤᠳᠠᠭ᠎ᠠ ᠰᠠᠨᠠᠯ ᠬᠤᠷᠢᠶᠠᠬᠤ ᠪᠠᠷ ᠵᠠᠷᠯᠠᠨ ᠨᠡᠢᠲᠡᠯᠡᠬᠦ ᠵᠢ ᠦᠨᠭᠭᠡᠷᠡᠭᠡᠵᠦ᠂ ᠭᠤᠶᠤᠴᠢᠯᠠᠨ ᠮᠡᠳᠡᠭᠦᠯᠦᠭ᠌ᠰᠡᠨ 68 ᠨᠢᠭᠡᠴᠢ ᠶ᠋ᠢᠨ ᠳᠣᠲᠣᠷ᠎ᠠ ᠡᠴᠡ ᠱᠠᠩᠨᠠᠯ ᠣᠯᠤᠭ᠍ᠰᠠᠨ 3 ᠠᠵᠤ ᠠᠬᠤᠢᠯᠠᠯ ᠢ᠋ ᠰᠢᠯᠭᠠᠷᠠᠭᠤᠯᠤᠨ ᠭᠠᠷᠭᠠᠪᠠ᠃ 3 ᠠᠵᠤ ᠠᠬᠤᠢᠯᠠᠯ ᠤ᠋ᠨ ᠶᠠᠰᠤ ᠴᠢᠨᠠᠷ ᠤ᠋ᠨ ᠬᠠᠮᠢᠶᠠᠷᠤᠯᠲᠠ ᠶ᠋ᠢᠨ ᠵᠠᠭ᠍ᠪᠤᠷ ᠨᠢ ᠲᠤᠰ ᠲᠤᠰ ᠤ᠋ᠨ ᠣᠨᠴᠠᠯᠢᠭ ᠲᠠᠢ᠂ ᠵᠢᠱ᠌ᠢᠶ᠎ᠡ ᠦᠵᠡᠭᠦᠯᠦᠨ ᠳᠠᠢᠴᠢᠯᠠᠬᠤ ᠴᠢᠨᠠᠷ ᠢ᠋ᠶ᠋ᠡᠷ ᠴᠢᠩᠭ᠎ᠠ ᠪᠠᠢᠵᠤ᠂ ᠱᠢᠨ᠎ᠡ ᠵᠢ ᠡᠭᠦᠳᠬᠦ᠌ ᠬᠠᠮᠢᠶᠠᠷᠤᠯᠲᠠ ᠪᠠ ᠮᠡᠷᠭᠡᠵᠢᠯ ᠤ᠋ᠨ ᠱᠢᠪᠲᠤᠯᠤᠯᠲᠠ ᠳ᠋ᠤ ᠲᠦᠱᠢᠭ᠌ᠯᠡᠨ ᠲᠤᠪᠤᠢᠮ᠎ᠠ ᠠᠮᠵᠢᠯᠲᠠ ᠣᠯᠪᠠ᠃ ᠪᠤᠭᠤᠲᠤ ᠶ᠋ᠢᠨ ᠪᠧᠶ ᠴᠧᠨ ᠲᠡᠵᠢᠭᠡᠯ ᠪᠣᠷᠳᠣᠭᠠᠨ ᠤ᠋ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠬᠤᠪᠢᠴᠠᠭᠠᠲᠤ ᠬᠢᠵᠠᠭᠠᠷᠲᠤ ᠺᠣᠮᠫᠠᠨᠢᠶᠢᠨ ᠬᠢᠨ ᠶᠠᠰᠤ ᠴᠢᠨᠠᠷ ᠤ᠋ᠨ ᠬᠠᠮᠢᠶᠠᠷᠤᠯᠲᠠ ᠶ᠋ᠢᠨ ᠵᠠᠭ᠍ᠪᠤᠷ ᠤ᠋ᠨ ᠰᠢᠨ᠎ᠡ ᠵᠢ ᠡᠭᠦᠳᠴᠦ᠂ ᠢᠳᠡᠭᠡᠨ ᠤ᠋ ᠲᠠᠰ ᠤ᠋ᠨ ᠶᠠᠰᠤ ᠴᠢᠨᠠᠷ ᠤ᠋ᠨ ᠪᠠᠷᠢᠮᠵᠢᠶ᠎ᠠ ᠪᠡᠷ ᠲᠡᠵᠢᠭᠡᠯ ᠪᠣᠷᠳᠣᠭ᠎ᠠ ᠦᠶ᠋ᠯᠡᠳᠪᠦᠷᠢᠯᠡᠵᠦ᠍᠂ ᠲᠡᠭᠦᠨ ᠤ᠋ ᠳᠠᠪᠠᠭᠤᠯᠢᠬᠲᠤ ᠭᠤᠤᠯ ᠦᠢᠯᠡᠳᠬᠦᠨ ᠪᠤᠯᠬᠤ ᠦᠬᠡᠷ ᠬᠣᠨᠢ ᠶ᠋ᠢᠨ ᠪᠦᠷᠢᠨ ᠬᠣᠯᠢᠮᠠᠭ ᠮᠥᠬᠥᠯᠢᠭ᠌ᠲᠦ ᠲᠡᠵᠢᠭᠡᠯ ᠪᠣᠷᠳᠣᠭ᠎ᠠ ᠶ᠋ᠢᠨ ᠦᠶ᠋ᠯᠡᠳᠪᠦᠷᠢᠯᠡᠯ ᠪᠣᠷᠣᠯᠠᠭᠤᠯᠭ᠎ᠠ ᠶ᠋ᠢᠨ ᠬᠡᠮᠵᠢᠶ᠎ᠡ ᠨᠢ 3 ᠵᠢᠯ ᠳᠠᠷᠠᠭᠠᠯᠠᠨ ᠪᠥᠬᠥ᠌ ᠤᠯᠤᠰ ᠲᠦ᠍ ᠲᠦᠷᠦᠬᠦᠯᠡᠪᠠ; ᠪᠤᠭᠤᠲᠤ ᠶ᠋ᠢᠨ ᠬᠥᠩᠭᠡᠨᠴᠠᠭᠠᠨ ᠤ᠋ ᠦᠶ᠋ᠯᠡᠰ ᠤ᠋ᠨ ᠬᠢᠵᠠᠭᠠᠷᠲᠤ ᠺᠣᠮᠫᠠᠨᠢᠵᠢᠨ ᠬᠢᠨ 《ᠨᠢᠭᠡ ᠵᠢ ᠲᠤᠬᠲᠠᠪᠤᠷᠢᠵᠢᠭᠤᠯᠬᠤ ᠬᠣᠶᠠᠷ ᠢ᠋ ᠱᠢᠯᠢᠳᠡᠭᠵᠢᠭᠦᠯᠬᠦ ᠭᠤᠷᠪᠠᠨ ᠥᠨᠳᠥᠷ ᠢ᠋ ᠬᠦᠭᠡᠭᠡᠴᠡᠯᠳᠦᠬᠦ》 ᠶᠠᠰᠤ ᠴᠢᠨᠠᠷ ᠤ᠋ᠨ ᠬᠠᠮᠢᠶᠠᠷᠤᠯᠲᠠ ᠶ᠋ᠢᠨ ᠵᠠᠭ᠍ᠪᠤᠷ ᠢ᠋ ᠪᠦᠷᠢᠯᠳᠦᠭᠦᠯᠵᠦ᠍᠂ ᠤᠷ᠎ᠠ ᠮᠡᠷᠭᠡᠵᠢᠯ ᠤ᠋ᠨ ᠪᠠᠷᠢᠮᠵᠢᠶ᠎ᠠ ᠪᠣᠯᠤᠨ ᠮᠡᠷᠭᠡᠵᠢᠯ ᠤ᠋ᠨ ᠱᠤᠭᠤᠮ ᠢ᠋ ᠦᠷᠭᠦᠯᠵᠢᠯᠡᠨ ᠱᠢᠯᠢᠳᠡᠭ᠌ᠵᠢᠭᠦᠯᠵᠦ᠍᠂ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠭ᠌ᠰᠡᠨ 5N ᠴᠡᠪᠡᠷ ᠬᠥᠩᠭᠡᠨᠴᠠᠭᠠᠨ ᠢ᠋ ᠴᠡᠪᠡᠷᠱᠢᠭᠦᠯᠬᠦ᠌ ᠮᠡᠷᠭᠡᠵᠢᠯᠨᠢ ᠤᠯᠤᠰ ᠤ᠋ᠨ ᠳᠣᠲᠣᠭᠠᠳᠤ ᠶ᠋ᠢᠨ ᠬᠡᠪᠴᠢᠶᠡᠵᠢᠭ᠌ᠰᠡᠨ ᠦᠶ᠋ᠯᠡᠳᠪᠦᠷᠢᠯᠡᠯ ᠤ᠋ᠨ ᠬᠣᠭᠣᠰᠣᠨ ᠢ᠋ ᠨᠥᠬᠥᠪᠥᠷᠢᠯᠡᠪᠡ; ᠥᠪᠥᠷ ᠮᠣᠩᠭᠣᠯ ᠤ᠋ᠨ ᠱᠢᠤᠢ ᠶᠠᠩ ᠱᠢᠨ᠎ᠡ ᠮᠠᠲ᠋ᠧᠷᠢᠶᠠᠯ ᠤ᠋ᠨ ᠬᠤᠪᠢᠴᠠᠭᠠᠲᠤ ᠬᠢᠵᠠᠭᠠᠷᠲᠤ ᠺᠣᠮᠫᠠᠨᠢ ᠵᠢᠨ ᠬᠢᠨ 《ᠬᠣᠶᠠᠷ ᠦᠶ᠋ᠯᠡᠳᠬᠡᠯ ᠢ᠋ᠶ᠋ᠡᠷ ᠲᠤᠯᠭᠠᠭᠤᠷᠢᠯᠠᠬᠤ + ᠲᠠᠪᠤᠨ ᠡᠯᠧᠮᠧᠨ᠋ᠲ ᠢ᠋ᠶ᠋ᠡᠷ ᠵᠠᠳᠠᠯᠬᠤ + ᠳᠥᠷᠪᠡᠨ ᠲᠠᠯ᠎ᠠ ᠪᠡᠷ ᠬᠠᠮᠵᠢᠯᠴᠠᠭᠤᠯᠬᠤ》 ᠶᠠᠰᠤ ᠴᠢᠨᠠᠷ ᠤ᠋ᠨ ᠬᠠᠮᠢᠶᠠᠷᠤᠯᠲᠠ ᠶ᠋ᠢᠨ ᠱᠢᠰᠲ᠋ᠧᠮ ᠢ᠋ ᠪᠠᠢᠭᠤᠯᠵᠤ᠂ ᠪᠣᠬᠢᠷᠲᠤᠯ ᠥᠬᠡᠶ ᠦᠶ᠋ᠯᠡᠳᠬᠡᠯ᠂ ᠣᠶᠤᠨᠴᠢ ᠦᠶ᠋ᠯᠡᠳᠬᠡᠯ ᠳ᠋ᠤ ᠲᠦᠱᠢᠭ᠌ᠯᠡᠨ ᠠᠵᠤ ᠦᠶ᠋ᠯᠡᠰ ᠤ᠋ᠨ ᠲᠠᠰ ᠳᠡᠪᠱᠢᠬᠦ᠌ ᠵᠢ ᠠᠬᠢᠭᠤᠯᠵᠤ᠂ ᠬᠥᠩᠭᠡᠨᠴᠠᠭᠠᠨ ᠤ᠋ ᠣᠰᠤ ᠪᠡᠷ ᠮᠠᠨᠠᠨᠵᠢᠭᠣᠯᠣᠨ ᠨᠤᠨᠲᠠᠭ ᠰᠦᠷᠴᠢᠬᠦ᠌᠂ ᠴᠢᠳᠠᠮᠵᠢᠳᠤ ᠲᠡᠮᠦᠷᠯᠢᠭ ᠤ᠋ᠨ ᠪᠤᠳᠤᠭ ᠦᠢᠯᠡᠳᠬᠦ ᠵᠡᠷᠭᠡ ᠵᠠᠩᠭᠢᠯᠠᠭ᠎ᠠ ᠶ᠋ᠢᠨ ᠮᠡᠷᠭᠡᠵᠢᠯ ᠨᠢ ᠳᠡᠯᠡᠬᠡᠶ ᠶ᠋ᠢᠨ ᠲᠡᠷᠢᠭᠦᠨ ᠤ᠋ ᠲᠦᠪᠱᠢᠨ ᠳ᠋ᠤ ᠬᠦᠷᠪᠡ᠃
ᠣᠢᠯᠠᠭᠠᠭ᠍ᠰᠠᠨ ᠢ᠋ᠶ᠋ᠡᠷ᠂ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠲᠡᠷᠢᠭᠦᠯᠡᠭ᠌ᠴᠢ ᠶ᠋ᠢᠨ ᠶᠠᠰᠤ ᠴᠢᠨᠠᠷ ᠤ᠋ᠨ ᠱᠠᠩᠨᠠᠯ》 ᠪᠣᠯ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠵᠠᠰᠠᠭ ᠤ᠋ᠨ ᠣᠷᠳᠣᠨ ᠤ᠋ ᠪᠠᠢᠭᠤᠯᠤᠭ᠍ᠰᠠᠨ ᠬᠠᠮᠤᠭ ᠤ᠋ᠨ ᠳᠡᠭᠡᠳᠦ ᠶᠠᠰᠤ ᠴᠢᠨᠠᠷ ᠤ᠋ᠨ ᠬᠠᠮᠢᠶᠠᠷᠤᠯᠲᠠ ᠶ᠋ᠢᠨ ᠢᠷᠠᠭᠤ ᠠᠯᠳᠠᠷ ᠪᠠᠢᠵᠤ᠂ ᠬᠣᠶᠠᠷ ᠵᠢᠯ ᠳ᠋ᠤ ᠨᠢᠭᠡ ᠤᠳᠠᠭ᠎ᠠ ᠱᠢᠯᠭᠠᠷᠠᠭᠤᠯᠤᠨ᠂ ᠣᠲᠣ ᠪᠣᠯᠲᠠᠯ᠎ᠠ ᠨᠢᠭᠡᠨᠲᠡ ᠠᠷᠪᠠᠨ ᠬᠤᠭᠤᠴᠠᠭ᠎ᠠ ᠱᠢᠯᠭᠠᠷᠠᠭᠤᠯᠵᠤ᠂ ᠨᠡᠢᠲᠡ 44 ᠨᠢᠭᠡᠴᠢ ᠱᠠᠩᠨᠠᠯ ᠭᠥᠷᠳᠡᠭ᠌ᠰᠡᠨ ᠪᠠᠢᠨ᠎ᠠ᠃