ᠥᠪᠥᠷ ᠮᠣᠩᠭᠣᠯ ᠤ᠋ᠨ ᠲᠤᠮᠳᠠᠳᠤ ᠪᠠᠭ᠎ᠠ ᠰᠤᠷᠭᠠᠭᠤᠯᠢ ᠠᠩᠬᠠᠳᠠᠭ᠍ᠴᠢ ᠬᠠᠪᠤᠷ ᠤ᠋ᠨ ᠠᠮᠠᠷᠠᠯᠲᠠ ᠪᠠᠨ ᠤᠭ᠍ᠲᠤᠵᠤ᠂ ᠰᠤᠷᠤᠭ᠍ᠴᠢᠳ ᠢ᠋ᠢᠡᠷ ᠭᠤᠤᠯ ᠪᠣᠯᠭᠠᠭ᠍ᠰᠠᠨ ᠠᠶᠠᠨᠴᠢᠳ ᠤ᠋ᠨ ᠤᠷᠤᠰᠬᠠᠯ ᠮᠡᠳᠡᠭᠳᠡᠮ᠎ᠠ ᠨᠡᠮᠡᠭᠳᠡᠪᠠ᠃ ᠡᠬᠦᠨ ᠳ᠋ᠤ ᠤᠯᠤᠰ ᠤ᠋ᠨ ᠲᠡᠮᠦᠷ ᠵᠠᠮ ᠤ᠋ᠨ ᠬᠥᠬᠡᠬᠣᠲᠠ ᠲᠣᠪᠴᠢᠶ᠎ᠠ 5 ᠰᠠᠷ᠎ᠠ ᠢ᠋ᠢᠨ 29 ᠤ᠋ ᠡᠳᠦᠷ ᠡᠴᠡ 6 ᠰᠠᠷ᠎ᠠ ᠢ᠋ᠢᠨ 3 ᠤ᠋ ᠡᠳᠦᠷ ᠪᠣᠯᠲᠠᠯ᠎ᠠ ᠬᠦᠳᠡᠯᠭᠡᠬᠦ ᠬᠦᠴᠦᠨᠲᠤ ᠭᠠᠯᠲᠤ ᠲᠡᠷᠭᠡ ᠵᠢᠨ ᠸᠠᠭᠤᠨ ᠢ᠋ ᠵᠠᠯᠭᠠᠨ ᠬᠤᠯᠪᠤᠬᠤ᠂ ᠡᠩ ᠤ᠋ᠨ ᠬᠤᠷᠳᠤᠴᠠᠲᠤ ᠭᠠᠯᠲᠤ ᠲᠡᠷᠭᠡ ᠵᠢ ᠨᠡᠮᠡᠬᠦ ᠵᠡᠷᠭᠡ ᠠᠷᠭ᠎ᠠ ᠬᠡᠯᠪᠡᠷᠢ ᠪᠡᠷ ᠳᠠᠮᠵᠢᠨ ᠡᠳᠦᠷ ᠳᠤᠮᠳᠠᠴᠢ ᠢ᠋ᠢᠨ ᠠᠶᠠᠨᠴᠢᠳ ᠤ᠋ᠨ ᠰᠠᠭᠤᠳᠠᠯ ᠢ᠋ 1.5 ᠲᠦᠮᠡᠨ ᠬᠥᠮᠦᠨ ᠤᠳᠠᠭ᠎ᠠ ᠨᠡᠮᠡᠭ᠌ᠳᠡᠭᠦᠯᠵᠦ᠍᠂ ᠠᠶᠠᠨᠴᠢᠳ ᠤ᠋ᠨ ᠠᠶᠠᠯᠠᠯ ᠤ᠋ᠨ ᠬᠡᠷᠡᠭ᠌ᠴᠡᠭᠡ ᠢ᠋ᠢ ᠪᠥᠬᠥ᠌ ᠬᠦᠴᠦᠨ ᠢ᠋ᠢᠡᠷ ᠢ᠋ᠢᠡᠨ ᠪᠠᠲᠤᠯᠠᠵᠤ ᠪᠠᠢᠨ᠎ᠠ᠃
ᠪᠦᠬᠦ ᠤᠷᠤᠨ ᠤ᠋ ᠲᠡᠮᠦᠷ ᠵᠠᠮ ᠤ᠋ᠨ ᠰᠠᠯᠠᠭ᠎ᠠ ᠮᠥᠴᠢᠷ ᠤ᠋ᠨ ᠬᠢᠨ ᠠᠶᠠᠨᠴᠢᠳ ᠤ᠋ᠨ ᠤᠷᠤᠰᠬᠠᠯ ᠢ᠋ ᠴᠠᠭ ᠲᠤᠬᠠᠶ ᠳ᠋ᠤᠨᠢ ᠮᠥᠷᠳᠡᠵᠤ᠂ ᠪᠤᠭᠤᠲᠤ — ᠢᠷᠭᠠᠢ ᠬᠦᠷᠬᠦ᠌ ᠲᠦᠷᠭᠡᠨ ᠤ᠋ ᠲᠡᠮᠦᠷ ᠵᠠᠮ᠂ ᠵᠢᠨᠢᠡᠭ — ᠳ᠋ᠠᠲ᠋ᠦᠶ᠋ᠡᠭ — ᠶᠤᠸᠠᠨᠫᠢᠡᠭ ᠬᠦᠷᠬᠦ ᠲᠦᠷᠭᠡᠨ ᠤ᠋ ᠲᠡᠮᠦᠷ ᠵᠠᠮ ᠪᠤᠯᠤᠨ ᠪᠡᠭᠡᠵᠢᠡᠭ — ᠪᠤᠭᠤᠲᠤ ᠬᠦᠷᠬᠦ ᠬᠦᠳᠡᠯᠭᠡᠬᠦ ᠬᠦᠴᠦᠨᠲᠤ ᠭᠠᠯᠲᠤ ᠲᠡᠷᠭᠡ ᠵᠡᠷᠭᠡ ᠠᠶᠠᠨᠴᠢᠳ ᠤ᠋ᠨ ᠵᠦᠭᠡᠭᠡᠪᠦᠷᠢ ᠢ᠋ᠢᠨ ᠬᠦᠴᠦᠨ ᠢ᠋ ᠭᠦᠨᠵᠡᠭᠡᠢ ᠠᠭᠤᠳᠠᠯᠤᠨ᠂ ᠭᠠᠯᠲᠤ ᠲᠡᠷᠭᠡᠨ ᠤ᠋ ᠠᠶᠠᠯᠠᠯ ᠤ᠋ᠨ ᠲᠥᠰᠦᠯ ᠢ᠋ ᠬᠥᠳᠡᠯᠦᠩᠭᠦᠶ ᠪᠡᠷ ᠱᠢᠯᠢᠳᠡᠭ᠌ᠵᠢᠭᠦᠯᠦᠨ ᠲᠣᠬᠢᠷᠠᠭᠤᠯᠪᠠ᠃ ᠬᠥᠬᠡᠬᠣᠲᠠ — ᠪᠠᠶᠠᠨᠨᠠᠭᠤᠷ ᠬᠦᠷᠬᠦ ᠬᠦᠳᠡᠯᠭᠡᠬᠦ ᠬᠦᠴᠦᠨᠲᠤ ᠭᠠᠯᠲᠤ ᠲᠡᠷᠭᠡ ᠢ᠋ᠢ 1 ᠬᠤᠤᠰ ᠨᠡᠮᠡᠵᠤ᠂ ᠬᠥᠬᠡᠬᠣᠲᠠ ᠪᠤᠯᠤᠨ ᠪᠤᠭᠤᠲᠤ ᠡᠴᠡ ᠪᠡᠭᠡᠵᠢᠩ ᠬᠦᠷᠬᠦ 5 ᠬᠣᠣᠰ ᠬᠦᠳᠡᠯᠭᠡᠬᠦ ᠬᠦᠴᠦᠨᠲᠤ ᠭᠠᠯᠲᠤ ᠲᠡᠷᠭᠡ ᠵᠢᠴᠢ ᠬᠥᠬᠡᠬᠣᠲᠠ᠂ ᠦᠬᠠᠶ᠂ ᠤᠯᠠᠭᠠᠨᠴᠠᠪ ᠤ᠋ᠨ ᠬᠤᠭᠤᠷᠤᠨᠳᠤᠬᠢ 8 ᠬᠤᠤᠰ ᠬᠦᠳᠡᠯᠭᠡᠬᠦ ᠬᠦᠴᠦᠨᠲᠤ ᠭᠠᠯᠲᠤ ᠲᠡᠷᠭᠡ ᠢ᠋ᠢ ᠳᠠᠬᠢᠨ ᠬᠤᠯᠪᠤᠨ ᠠᠵᠢᠯᠯᠠᠭᠤᠯᠵᠤ᠂ ᠪᠡᠭᠡᠵᠢᠩ ᠪᠤᠯᠤᠨ ᠰᠢ ᠠᠨ ᠵᠡᠷᠭᠡ ᠬᠠᠯᠠᠮᠰᠢᠯ ᠬᠤᠲᠠ ᠳ᠋ᠤ ᠬᠦᠷᠬᠦ ᠡᠩ ᠤ᠋ᠨ ᠬᠤᠷᠳᠤᠴᠠᠲᠤ ᠭᠠᠯᠲᠤ ᠲᠡᠷᠭᠡ ᠢ᠋ᠢ ᠨᠠᠮᠠᠪᠡ᠃
ᠠᠶᠠᠨᠴᠢᠳ ᠤ᠋ᠨ ᠤᠷᠤᠭ᠍ᠰᠢᠲᠠᠶ ᠪᠡᠷ ᠭᠠᠳᠠᠭ᠍ᠰᠢ ᠭᠠᠷᠬᠤ ᠢ᠋ᠢ ᠪᠠᠲᠤᠯᠠᠬᠤ ᠢ᠋ᠢᠨ ᠲᠥᠯᠥᠭᠡ᠂ ᠪᠤᠭᠤᠲᠤ ᠪᠠ ᠤᠯᠠᠭᠠᠨᠴᠠᠪ ᠵᠡᠷᠭᠡ ᠭᠠᠵᠠᠷ ᠤ᠋ᠨ ᠭᠠᠯᠳᠤ ᠲᠡᠷᠭᠡᠨ ᠥᠷᠲᠡᠭᠡ ᠨᠢ ᠲᠤᠮᠳᠠᠳᠤ ᠪᠠᠭ᠎ᠠ ᠰᠤᠷᠭᠠᠭᠤᠯᠢ ᠵᠢᠨ ᠬᠠᠪᠤᠷ ᠤ᠋ᠨ ᠠᠮᠠᠷᠠᠯᠲᠠ ᠢ᠋ᠢᠨ ᠬᠤᠭᠤᠴᠠᠭᠠᠨ ᠤ᠋ ᠬᠡᠷ ᠪᠦᠯᠢ ᠢ᠋ᠢᠨ ᠵᠢᠭᠤᠯᠴᠢᠯᠠᠯ᠂ ᠰᠤᠳᠤᠯᠤᠨ ᠰᠤᠷᠤᠯᠴᠠᠬᠤ ᠪᠦᠯᠬᠦᠮ ᠤ᠋ᠨ ᠭᠠᠳᠠᠭ᠍ᠰᠢ ᠭᠠᠷᠴᠤ᠌ ᠰᠤᠷᠤᠯᠴᠠᠬᠤ ᠬᠡᠷᠡᠭᠴᠡᠬᠡ ᠵᠢᠨ ᠲᠣᠭᠣᠷᠢᠨ ᠳ᠋ᠤ ᠰᠠᠭᠠᠳ ᠥᠬᠡᠶ ᠨᠡᠪᠲᠡᠷᠡᠬᠦ᠌ ᠵᠠᠮ ᠨᠡᠭᠡᠭᠡᠬᠦ᠌᠂ ᠲᠤᠰᠭᠠᠶ ᠬᠥᠮᠦᠨ ᠡᠴᠡ ᠬᠥᠲᠥᠯᠥᠨ ᠵᠢᠯᠣᠭᠣᠳᠬᠤ ᠵᠡᠷᠭᠡ ᠦᠶ᠋ᠯᠡᠴᠢᠯᠡᠭᠡᠨ ᠤ᠋ ᠠᠷᠭ᠎ᠠ ᠬᠡᠮᠵᠢᠶ᠎ᠡ ᠠᠪᠴᠤ᠌᠂ ᠠᠶᠠᠨᠴᠢᠳ ᠲᠦ᠍ ᠶᠡᠬᠡᠬᠡᠨ ᠲᠦᠬᠦᠮ ᠦᠵᠡᠬᠦᠯᠪᠡ᠃ ᠬᠥᠬᠡᠬᠣᠲᠠ᠂ ᠣᠷᠳᠣᠰ᠂ ᠦᠬᠠᠶ ᠵᠡᠷᠭᠡ ᠭᠠᠯᠳᠤ ᠲᠡᠷᠬᠡᠨ ᠥᠷᠲᠡᠭᠡ ᠨᠢ ᠵᠢᠮᠲᠤ ᠲᠡᠮᠦᠷ ᠵᠠᠮ᠂ ᠨᠡᠢᠲᠡ ᠢ᠋ᠢᠨ ᠵᠠᠮ ᠬᠠᠷᠢᠯᠴᠠᠭᠠᠨ ᠤ᠋ ᠰᠠᠯᠠᠭ᠎ᠠ ᠮᠥᠴᠢᠷ ᠲᠠᠢ ᠢᠳᠡᠪᠬᠢᠲᠡᠶ ᠬᠠᠮᠲᠤᠷᠠᠯᠴᠠᠵᠤ᠂ ᠵᠢᠮᠲᠤ ᠲᠡᠮᠦᠷ ᠵᠠᠮ ᠤ᠋ᠨ ᠠᠵᠢᠯᠯᠠᠬᠤ ᠴᠠᠭ ᠢ᠋ ᠤᠷᠲᠤᠳᠭᠠᠬᠤ᠂ ᠰᠥᠨᠢ ᠢ᠋ᠢᠨ ᠨᠡᠢᠲᠡ ᠢ᠋ᠢᠨ ᠮᠠᠰᠢᠨ ᠢ᠋ ᠨᠡᠮᠡᠭ᠌ᠳᠡᠭᠦᠯᠬᠦ᠌ ᠵᠡᠷᠭᠡ ᠠᠷᠭ᠎ᠠ ᠬᠡᠮᠵᠢᠶ᠎ᠠ ᠪᠡᠷ ᠳᠠᠮᠵᠢᠨ ᠲᠡᠮᠦᠷ ᠵᠠᠮ ᠬᠢᠭᠡᠳ ᠬᠣᠲᠠ ᠢ᠋ᠢᠨ ᠳᠣᠲᠣᠷᠠᠬᠢ ᠵᠠᠮ ᠬᠠᠷᠢᠯᠴᠠᠭ᠎ᠠ ᠢ᠋ᠢ 《ᠵᠠᠢ ᠵᠠᠪᠰᠠᠷ ᠥᠬᠡᠶ ᠵᠣᠯᠭᠠᠭᠤᠯᠵᠤ》᠂ ᠠᠶᠠᠨᠴᠢᠳ ᠤ᠋ᠨ ᠤᠷᠤᠰᠬᠠᠯ ᠢ᠋ ᠰᠢᠯᠤᠭᠤᠳᠬᠠᠵᠤ ᠪᠠᠢᠨ᠎ᠠ᠃