ᠤᠯᠤᠰ ᠤᠨ ᠲᠣᠭ᠎ᠠ ᠪᠦᠷᠢᠳᠭᠡᠯ ᠦᠨ ᠲᠣᠪᠴᠢᠶᠠᠨ ᠤ ᠦᠶ᠋ᠯᠡᠴᠢᠯᠡᠭᠡᠨ᠎ᠦ ᠦᠶ᠋ᠯᠡᠰ᠎ᠦᠨ ᠪᠠᠢᠴᠠᠭᠠᠯᠲᠠ ᠶ᠋ᠢᠨ ᠲᠥᠪ᠂ ᠳᠤᠮᠳᠠᠳᠤ ᠤᠯᠤᠰ ᠤᠨ ᠪᠠᠷᠠᠭᠠᠨ᠎ᠤ ᠭᠦᠶ᠋ᠯᠭᠡᠭᠡ ᠬᠢᠭᠡᠳ ᠬᠤᠳᠠᠯᠳᠤᠨ ᠠᠪᠬᠤ ᠬᠣᠯᠪᠣᠭ᠎ᠠ ᠵᠢᠨ 31 ᠤ᠋ ᠡᠳᠦᠷ ᠨᠡᠢᠲᠡᠯᠡᠭ᠌ᠰᠡᠨ ᠲᠣᠭ᠎ᠠ ᠪᠠᠷᠢᠮᠲᠠ᠎ᠳᠤ ᠬᠠᠷᠠᠭᠤᠯᠤᠭᠰᠠᠨ᠎ᠢᠶᠡᠷ᠂ 5 ᠰᠠᠷ᠎ᠠ᠎ᠳᠤ᠂ ᠮᠠᠨ᠎ᠤ ᠤᠯᠤᠰ᠎ᠤᠨ ᠦᠶ᠋ᠯᠡᠳᠬᠦ᠌ ᠦᠶ᠋ᠯᠡᠰ᠎ᠦᠨ ᠬᠤᠳᠠᠯᠳᠤᠨ ᠠᠪᠬᠤ ᠳᠠᠭᠠᠭᠠᠮᠠᠯ᠎ᠤᠨ ᠵᠢᠭᠠᠯᠲᠠ ᠲᠣᠭ᠎ᠠ (PMI) 50.0% ᠳ᠋ᠤ ᠬᠦᠷᠴᠦ᠂ ᠲᠡᠭᠡᠷ᠎ᠡ ᠰᠠᠷ᠎ᠠ ᠶ᠋ᠢᠨ ᠬᠢ᠎ᠡᠴᠡ ᠵᠠᠭᠤᠨ ᠤ ᠬᠠᠷᠢᠴᠡᠯ᠎ᠢᠶᠡᠷ 0.3 ᠬᠤᠪᠢ ᠪᠠᠭᠤᠷᠠᠵᠤ᠂ ᠠᠵᠤ ᠠᠬᠤᠢᠯᠠᠯ᠎ᠤᠨ ᠦᠶ᠋ᠯᠡᠳᠪᠦᠷᠢᠯᠡᠯ ᠡᠵᠡᠩᠨᠡᠯᠲᠡ᠎ᠶ᠋ᠢᠨ ᠪᠠᠢᠳᠠᠯ ᠶᠡᠷᠦᠩᠬᠡᠶ᠎ᠳᠡᠭᠡᠨ ᠲᠣᠭ᠍ᠲᠠᠭᠤᠨ ᠪᠠᠢᠨ᠎ᠠ᠃
ᠠᠵᠤ ᠠᠬᠤᠢᠯᠠᠯ᠎ᠤᠨ ᠦᠢᠯᠡᠳᠪᠦᠷᠢᠯᠡᠯ ᠥᠷᠭᠡᠵᠢᠬᠦ᠌᠎ᠶ᠋ᠢ ᠪᠠᠲᠤᠯᠠᠪᠠ᠃ ᠦᠶ᠋ᠯᠡᠳᠪᠦᠷᠢᠯᠡᠯ᠎ᠦᠨ ᠵᠢᠭᠠᠯᠲᠠ ᠲᠣᠭ᠎ᠠ ᠨᠢ 51.2% ᠪᠠᠢᠵᠤ᠂ ᠵᠠᠭᠠᠭ᠎ᠤᠨ ᠴᠡᠭ᠎ᠡᠴᠡ ᠥᠨᠳᠥᠷ ᠪᠠᠢᠵᠤ᠂ ᠦᠶ᠋ᠯᠡᠳᠬᠦ᠌ ᠦᠶ᠋ᠯᠡᠰ ᠦᠨ ᠠᠵᠤ ᠠᠬᠤᠢᠯᠠᠯ᠎ᠤᠨ ᠦᠶ᠋ᠯᠡᠳᠪᠦᠷᠢᠯᠡᠯ᠎ᠦᠨ ᠠᠵᠢᠯᠯᠠᠭ᠎ᠠ ᠦᠷᠭᠦᠯᠵᠢᠯᠡᠨ ᠥᠷᠭᠡᠵᠢᠵᠦ᠍ ᠪᠠᠢᠨ᠎ᠠ; ᠱᠢᠨ᠎ᠡ ᠵᠠᠬᠢᠶᠠᠯᠠᠭ᠎ᠠ᠎ᠶ᠋ᠢᠨ ᠵᠢᠭᠠᠯᠲᠠ ᠲᠣᠭ᠎ᠠ 49.9% ᠳ᠋ᠤ ᠬᠦᠷᠴᠦ᠂ ᠵᠠᠬ᠎ᠠ ᠳᠡᠯᠭᠡᠭᠦᠷ ᠦᠨ ᠬᠡᠷᠡᠭ᠌ᠴᠡᠭᠡ ᠶᠠᠯᠢᠮ ᠦᠭᠡᠢ ᠤᠳᠠᠭᠠᠱᠢᠷᠠᠪᠠ᠃ ᠠᠵᠢᠯ ᠲᠥᠷᠥᠯ᠎ᠡᠴᠡ ᠦᠵᠡᠪᠡᠯ᠂ ᠡᠮ ᠡᠮᠨᠡᠯᠭᠡ᠂ ᠲᠡᠮᠦᠷ ᠵᠠᠮ ᠣᠩᠭᠣᠴᠠ ᠰᠠᠯ ᠠᠭᠠᠷ᠎ᠤᠨ ᠠᠶᠠᠯᠠᠯ ᠰᠠᠨᠰᠠᠷ᠎ᠤᠨ ᠠᠶᠠᠯᠠᠯ᠎ᠤᠨ ᠲᠥᠬᠥᠭᠡᠷᠦᠮᠵᠢ᠂ ᠺᠣᠮᠫᠢᠦ᠋ᠲ᠋ᠧᠷ ᠮᠡᠳᠡᠭᠡ ᠬᠣᠯᠪᠣᠭ᠎ᠠ ᠡᠯᠧᠺᠲ᠋ᠷᠣᠨ ᠲᠥᠬᠥᠭᠡᠷᠦᠮᠵᠢ ᠵᠡᠷᠭᠡ ᠠᠵᠢᠯ ᠲᠥᠷᠥᠯ᠎ᠦᠨ ᠦᠶ᠋ᠯᠡᠳᠪᠦᠷᠢᠯᠡᠯ᠎ᠦᠨ ᠵᠢᠭᠠᠯᠲᠠ ᠲᠣᠭ᠎ᠠ ᠪᠠ ᠱᠢᠨ᠎ᠡ ᠵᠠᠬᠢᠶᠠᠯᠠᠭ᠎ᠠ᠎ᠶ᠋ᠢᠨ ᠵᠢᠭᠠᠯᠲᠠ ᠲᠣᠭ᠎ᠠ ᠨᠢ ᠴᠥᠮ 53.0% ᠡᠴᠡ ᠥᠨᠳᠥᠷ ᠪᠠᠢᠵᠤ᠂ ᠬᠣᠯᠪᠣᠭ᠍ᠳᠠᠯ ᠪᠥᠬᠥᠶ ᠠᠵᠢᠯ ᠲᠥᠷᠥᠯ ᠦᠨ ᠦᠶ᠋ᠯᠡᠳᠪᠦᠷᠢᠯᠡᠯ ᠬᠡᠷᠡᠭ᠌ᠴᠡᠭᠡ᠎ᠶ᠋ᠢᠨ ᠬᠣᠶᠠᠷ ᠦᠵᠦᠭᠦᠷ ᠨᠢ ᠨᠡᠯᠢᠶᠡᠳ ᠬᠥᠭ᠌ᠵᠢᠶᠡᠨᠲᠡᠶ ᠪᠠᠢᠨ᠎ᠠ; ᠴᠢᠯᠠᠭᠤᠨ ᠲᠣᠰᠣ ᠨᠡᠭᠦᠷᠡᠰᠦ ᠵᠢᠴᠢ ᠪᠤᠰᠤᠳ ᠲᠦᠯᠡᠰᠢ ᠪᠣᠯᠪᠠᠰᠤᠷᠠᠭᠤᠯᠬᠤ᠂ ᠬᠢᠮᠢ᠎ᠶ᠋ᠢᠨ ᠱᠢᠷᠬᠡᠭᠯᠢᠭ ᠵᠢᠴᠢ ᠭᠣᠮ ᠰᠦᠯᠢᠶᠣᠣ᠎ᠶ᠋ᠢᠨ ᠪᠦᠲᠦᠭᠡᠭ᠌ᠳᠡᠬᠦᠨ᠂ ᠲᠡᠮᠦᠷᠯᠢᠭ ᠪᠤᠰᠤ ᠡᠷᠦᠳᠡᠰᠦᠨ ᠪᠤᠳᠠᠰ᠎ᠤᠨ ᠪᠦᠲᠦᠭᠡᠭ᠌ᠳᠡᠬᠦᠨ ᠵᠡᠷᠭᠡ ᠠᠵᠢᠯ ᠲᠥᠷᠥᠯ᠎ᠦᠨ ᠬᠣᠶᠠᠷ ᠵᠢᠭᠠᠯᠲᠠ ᠲᠣᠭ᠎ᠠ ᠨᠢ ᠦᠷᠭᠦᠯᠵᠢᠯᠡᠨ ᠵᠠᠭᠠᠭ᠎ᠤᠨ ᠴᠡᠭ᠎ᠡᠴᠡ ᠳᠤᠤᠷ᠎ᠠ ᠪᠠᠢᠵᠤ᠂ ᠬᠠᠩᠭᠠᠯᠭ᠎ᠠ ᠬᠡᠷᠡᠭ᠌ᠴᠡᠭᠡ᠎ᠶ᠋ᠢᠨ ᠬᠣᠶᠠᠷ ᠦᠵᠦᠭᠦᠷ᠎ᠲᠦ ᠮᠥᠨ ᠬᠦᠷᠦᠯᠴᠡᠬᠦ᠌ ᠥᠬᠡᠶ ᠪᠠᠢᠨ᠎ᠠ᠃
ᠱᠢᠨ᠎ᠡ ᠬᠥᠳᠡᠯᠭᠡᠬᠦ᠌ ᠡᠨᠧᠷᠭᠢ ᠶ᠋ᠢᠨ ᠬᠥᠭ᠌ᠵᠢᠯᠲᠡ᠎ᠶ᠋ᠢᠨ ᠪᠠᠢᠳᠠᠯ ᠦᠷᠭᠦᠯᠵᠢᠯᠡᠨ ᠰᠠᠢᠵᠢᠷᠠᠪᠠ᠃ ᠳᠡᠭᠡᠳᠦ ᠮᠡᠷᠭᠡᠵᠢᠯ ᠦᠨ ᠦᠶ᠋ᠯᠡᠳᠬᠦ᠌ ᠦᠶ᠋ᠯᠡᠰ ᠪᠠ ᠲᠣᠨᠣᠭᠯᠠᠯ ᠦᠶ᠋ᠯᠡᠳᠬᠦ᠌ ᠦᠶ᠋ᠯᠡᠰ᠎ᠦᠨ PMI ᠨᠢ ᠲᠣᠰ ᠲᠣᠰ 52.9% ᠪᠠ 52.1% ᠪᠠᠢᠵᠤ᠂ ᠲᠡᠭᠡᠷ᠎ᠡ ᠰᠠᠷ᠎ᠠ᠎ᠶ᠋ᠢᠨ ᠬᠢ᠎ᠡᠴᠡ ᠵᠠᠭᠤᠨ᠎ᠤ ᠬᠠᠷᠢᠴᠡᠯ᠎ᠢᠶᠡᠷ 0.7 ᠪᠠ 0.3 ᠬᠤᠪᠢ ᠳᠡᠭᠡᠭ᠌ᠰᠢᠯᠡᠵᠦ᠍᠂ ᠴᠥᠮ ᠵᠠᠭᠠᠭ᠎ᠤᠨ ᠴᠡᠭ᠎ᠡᠴᠡ ᠥᠨᠳᠥᠷ ᠪᠣᠯᠵᠠᠶ᠂ ᠢᠯᠠᠩᠭᠤᠶ᠎ᠠ ᠳᠡᠭᠡᠳᠦ ᠮᠡᠷᠭᠡᠵᠢᠯ᠎ᠦᠨ ᠦᠶ᠋ᠯᠡᠳᠬᠦ᠌ ᠦᠶ᠋ᠯᠡᠰ᠎ᠦᠨ PMI ᠨᠢᠭᠡᠨᠲᠡ 16 ᠰᠠᠷ᠎ᠠ ᠳᠠᠷᠠᠭᠠᠯᠠᠨ ᠥᠷᠭᠡᠳᠭᠡᠯ᠎ᠦᠨ ᠣᠷᠣᠨ ᠵᠠᠶ᠎ᠳᠤ ᠣᠷᠣᠱᠢᠵᠤ᠂ ᠬᠣᠯᠪᠣᠭ᠍ᠳᠠᠯ ᠪᠥᠬᠥᠶ ᠠᠵᠢᠯ ᠲᠥᠷᠥᠯ ᠰᠠᠢᠨ ᠨᠡᠮᠡᠭ᠌ᠳᠡᠯ᠎ᠦᠨ ᠪᠠᠢᠳᠠᠯ᠎ᠢᠶᠠᠨ ᠪᠠᠲᠤᠯᠠᠵᠤ᠂ ᠱᠢᠨ᠎ᠡ ᠬᠥᠳᠡᠯᠭᠡᠭ᠌ᠴᠢ ᠡᠨᠧᠷᠭᠢ᠎ᠶ᠋ᠢᠨ ᠬᠥᠲᠥᠯᠥᠨ ᠳᠠᠭᠠᠭᠤᠯᠬᠤ ᠦᠢᠯᠡᠳᠦᠯ ᠦᠷᠭᠦᠯᠵᠢᠯᠡᠨ ᠢᠯᠡᠷᠡᠵᠦ᠍ ᠪᠠᠢᠨ᠎ᠠ᠃
ᠲᠣᠮᠣ ᠬᠡᠯᠪᠡᠷᠢ᠎ᠶ᠋ᠢᠨ ᠠᠵᠤ ᠠᠬᠤᠢᠯᠠᠯ᠎ᠤᠨ PMI ᠦᠷᠭᠦᠯᠵᠢᠯᠡᠨ ᠵᠠᠭᠠᠭ᠎ᠤᠨ ᠴᠡᠭ᠎ᠡᠴᠡ ᠥᠨᠳᠥᠷ ᠪᠠᠢᠨ᠎ᠠ᠃ ᠲᠣᠮᠣ ᠬᠡᠯᠪᠡᠷᠢ᠎ᠶ᠋ᠢᠨ ᠠᠵᠤ ᠠᠬᠤᠢᠯᠠᠯ᠎ᠤᠨ PMI ᠨᠢ 51.1% ᠳ᠋ᠤ ᠬᠦᠷᠴᠦ᠂ ᠲᠡᠭᠡᠷ᠎ᠡ ᠰᠠᠷ᠎ᠠ᠎ᠶ᠋ᠢᠨ ᠬᠢ᠎ᠡᠴᠡ ᠵᠠᠭᠤᠨ᠎ᠤ ᠬᠠᠷᠢᠴᠡᠯ᠎ᠢᠶᠡᠷ 0.9 ᠬᠤᠪᠢ ᠳᠡᠭᠡᠭ᠌ᠰᠢᠯᠡᠵᠡᠶ᠂ ᠵᠢᠯ᠎ᠤᠨ ᠡᠬᠢᠨ᠎ᠡᠴᠡ ᠨᠠᠭᠠᠰᠢ ᠢᠮᠠᠭᠲᠠ ᠥᠷᠭᠡᠳᠭᠡᠬᠦ᠌ ᠣᠷᠣᠨ ᠵᠠᠶ᠎ᠳᠤ ᠪᠠᠢᠬᠤ᠎ᠪᠠᠨ ᠪᠠᠲᠤᠯᠠᠵᠤ᠂ ᠲᠣᠮᠣ ᠬᠡᠯᠪᠡᠷᠢ᠎ᠶ᠋ᠢᠨ ᠠᠵᠤ ᠠᠬᠤᠢᠯᠠᠯ ᠨᠡᠯᠢᠶᠡᠳ ᠰᠠᠢᠨ ᠦᠶ᠋ᠯᠡᠳᠪᠦᠷᠢᠯᠡᠯ ᠡᠵᠡᠩᠨᠡᠯᠲᠡ᠎ᠶ᠋ᠢᠨ ᠪᠠᠢᠳᠠᠯ᠎ᠢᠶᠠᠨ ᠪᠠᠲᠤᠯᠠᠵᠠᠢ; ᠳᠤᠮᠳᠠ᠂ ᠪᠠᠭ᠎ᠠ ᠬᠡᠯᠪᠡᠷᠢ᠎ᠶ᠋ᠢᠨ ᠠᠵᠤ ᠠᠬᠤᠢᠯᠠᠯ᠎ᠤᠨ PMI ᠨᠢ ᠲᠣᠰ ᠲᠣᠰ 48.6% ᠪᠠ 48.5% ᠳ᠋ᠤ ᠬᠦᠷᠴᠦ᠂ ᠬᠥᠭ᠌ᠵᠢᠯᠲᠡ᠎ᠶ᠋ᠢᠨ ᠲᠦᠪᠱᠢᠨ ᠨᠢ ᠪᠠᠭᠤᠷᠠᠪᠠ᠃
5 ᠰᠠᠷ᠎ᠠ ᠳᠤ᠂ ᠭᠤᠤᠯ ᠪᠣᠯᠬᠤ ᠲᠦᠭᠦᠬᠡᠶ ᠮᠠᠲ᠋ᠧᠷᠢᠶᠠᠯ ᠬᠤᠳᠠᠯᠳᠤᠨ ᠠᠪᠬᠤ ᠦᠨ᠎ᠡ᠎ᠶ᠋ᠢᠨ ᠵᠢᠭᠠᠯᠲᠠ ᠲᠣᠭ᠎ᠠ ᠪᠠ ᠦᠶ᠋ᠯᠡᠳᠪᠦᠷᠢ᠎ᠡᠴᠡ ᠭᠠᠷᠭᠠᠬᠤ ᠦᠨ᠎ᠡ᠎ᠶ᠋ᠢᠨ ᠵᠢᠭᠠᠯᠲᠠ ᠲᠣᠭ᠎ᠠ ᠨᠢ ᠲᠣᠰ ᠲᠣᠰ 60.5% ᠪᠠ 51.9% ᠳ᠋ᠤ ᠬᠦᠷᠴᠦ᠂ ᠴᠥᠮ ᠲᠡᠭᠡᠷ᠎ᠡ ᠰᠠᠷ᠎ᠠ᠎ᠶ᠋ᠢᠨ ᠬᠢ᠎ᠡᠴᠡ ᠵᠠᠭᠤᠨ ᠤ ᠬᠠᠷᠢᠴᠠᠯ᠎ᠢᠶᠡᠷ 3.2 ᠬᠤᠪᠢ ᠪᠠᠭᠤᠷᠠᠵᠤ᠂ ᠮᠥᠨ ᠯᠡ ᠣᠢᠷ᠎ᠠ᠎ᠶ᠋ᠢᠨ ᠬᠤᠭᠤᠴᠠᠭᠠᠨ ᠤ ᠨᠡᠯᠢᠶᠡᠳ ᠥᠨᠳᠥᠷ ᠲᠦᠪᠱᠢᠨ᠎ᠳᠦ ᠪᠠᠢᠬᠤ ᠪᠥᠭᠡᠳ ᠬᠣᠶᠠᠷ ᠵᠢᠭᠠᠯᠲᠠ ᠲᠣᠭ᠎ᠠ ᠨᠢ ᠴᠥᠮ 5 ᠰᠠᠷ᠎ᠠ ᠳᠠᠷᠠᠭᠠᠯᠠᠨ ᠥᠷᠭᠡᠳᠭᠡᠬᠦ᠌ ᠣᠷᠣᠨ ᠵᠠᠶ᠎ᠳᠤ ᠪᠠᠢᠵᠤ᠂ ᠦᠶ᠋ᠯᠡᠳᠬᠦ᠌ ᠦᠶ᠋ᠯᠡᠰ᠎ᠦᠨ ᠵᠠᠬ᠎ᠠ ᠳᠡᠯᠭᠡᠭᠦᠷ᠎ᠦᠨ ᠦᠨ᠎ᠡ ᠬᠠᠩᠰᠢ᠎ᠶ᠋ᠢᠨ ᠶᠡᠷᠦᠩᠬᠡᠶ ᠲᠦᠪᠱᠢᠨ ᠦᠷᠭᠦᠯᠵᠢᠯᠡᠨ ᠳᠡᠭᠡᠭ᠌ᠰᠢᠯᠡᠪᠡ᠃
(ᠱᠢᠨᠬᠤᠸᠠ ᠬᠤᠷᠢᠶ᠎ᠠ ᠵᠢᠨ ᠪᠡᠭᠡᠵᠢᠩ᠎ᠦᠨ 5 ᠰᠠᠷ᠎ᠠ᠎ᠶ᠋ᠢᠨ 31 ᠤ᠋ ᠴᠠᠬᠢᠯᠭᠠᠨ ᠮᠡᠳᠡᠭᠡ)