ᠣᠢᠷ᠎ᠠ᠎ᠶ᠋ᠢᠨ 3 ᠵᠢᠯ᠎ᠳᠦ ᠮᠠᠨ᠎ᠤ ᠤᠯᠤᠰ᠎ᠤᠨ ᠭᠠᠳᠠᠭᠠᠳᠤ ᠪᠠᠯᠠ᠎ᠶ᠋ᠢᠨ ᠠᠵᠤ ᠠᠬᠤᠢᠯᠠᠯ᠎ᠤᠨ ᠲᠤᠭ᠎ᠠ ᠵᠢᠯ ᠳᠠᠷᠠᠭᠠᠯᠠᠨ ᠨᠡᠮᠡᠭᠳᠡᠪᠠ
2026-06-02 13:16:11
ᠵᠣᠬᠢᠶᠠᠭ᠍ᠴᠢ᠄
ᠰᠢᠶᠧ ᠰᠢ ᠶᠣᠣ
ᠣᠩᠱᠢᠭ᠍ᠰᠠᠨ ᠣᠳᠠᠭ᠎ᠠ᠄
★★★☆☆

ᠬᠤᠳᠠᠯᠳᠤᠭᠠᠨ ᠎ᠤ ᠶᠠᠪᠤᠳᠠᠯ ᠎ᠤᠨ ᠶᠠᠮᠤᠨ ᠎ᠤ 23 ᠎ᠤ᠋ ᠡᠳᠦᠷ ᠨᠡᠢᠲᠡᠯᠡᠭ᠌ᠰᠡᠨ ᠲᠣᠭ᠎ᠠ ᠪᠠᠷᠢᠮᠲᠠ᠎ᠳᠤ ᠬᠠᠷᠠᠭᠤᠯᠤᠭᠰᠠᠨ᠎ᠢᠶᠡᠷ᠂ ᠣᠢᠷ᠎ᠠ᠎ᠶ᠋ᠢᠨ 3 ᠵᠢᠯ᠎ᠳᠦ᠂ ᠮᠠᠨ᠎ᠤ ᠤᠯᠤᠰ᠎ᠤᠨ ᠭᠠᠳᠠᠭᠠᠳᠤ ᠪᠠᠯᠠ᠎ᠶ᠋ᠢᠨ ᠠᠵᠤ ᠠᠬᠤᠢᠯᠠᠯ᠎ᠤᠨ ᠲᠤᠭ᠎ᠠ ᠵᠢᠯ ᠳᠠᠷᠠᠭᠠᠯᠠᠨ ᠨᠡᠮᠡᠭ᠌ᠳᠡᠵᠦ᠍᠂ ᠨᠢᠭᠡᠨᠲᠡ 53 ᠲᠦᠮᠡ᠎ᠶ᠋ᠢ ᠳᠠᠪᠠᠵᠤ᠂ ᠭᠠᠳᠠᠭᠠᠳᠤ ᠪᠠᠯᠠ ᠵᠢᠨ ᠬᠡᠮᠵᠢᠶ᠎ᠡ ᠨᠢᠭᠡᠨᠲᠡ 3.6 ᠲᠦᠮᠡᠨ ᠳ᠋ᠦᠩᠱᠢᠭᠤᠷ ᠳ᠋ᠣᠯᠯᠠᠷ᠎ᠢ ᠳᠠᠪᠠᠵᠠᠶ᠃

ᠲᠣᠭ᠎ᠠ ᠪᠠᠷᠢᠮᠲᠠ᠎ᠳᠤ ᠬᠠᠷᠠᠭᠤᠯᠤᠭ᠍ᠰᠠᠨ᠎ᠢᠶᠠᠷ᠂ ᠵᠣᠩᠬᠢᠯᠠᠬᠤ ᠤᠯᠠᠨ ᠲᠣᠭᠠᠨ᠎ᠤ ᠭᠠᠳᠠᠭᠠᠳᠤ ᠪᠡᠯᠡ᠎ᠶ᠋ᠢᠨ ᠠᠵᠤ ᠠᠬᠤᠢᠯᠠᠯ ᠳᠤᠮᠳᠠᠳᠤ ᠤᠯᠤᠰ᠎ᠲᠤ ᠭᠦᠨᠵᠡᠭᠡᠢᠷᠡᠵᠦ᠍᠂ ᠪᠡᠯᠡ ᠣᠷᠣᠭᠤᠯᠤᠯᠲᠠ᠎ᠪᠠᠨ ᠦᠷᠭᠦᠯᠵᠢᠯᠡᠨ ᠥᠷᠭᠡᠳᠭᠡᠪᠡ᠃ 2025 ᠣᠨ᠎ᠳᠤ᠂ 8000 ᠭᠠᠷᠤᠶ ᠭᠠᠳᠠᠭᠠᠳᠤ ᠪᠠᠯᠠ᠎ᠶ᠋ᠢᠨ ᠠᠵᠤ ᠠᠬᠤᠢᠯᠠᠯ ᠳᠤᠮᠳᠠᠳᠤ ᠤᠯᠤᠰ᠎ᠲᠠᠬᠢ ᠪᠠᠯᠠ ᠣᠷᠣᠭᠤᠯᠤᠯᠲᠠ᠎ᠪᠠᠨ ᠨᠡᠮᠡᠭ᠌ᠳᠡᠭᠦᠯᠵᠦ᠍᠂ ᠲᠡᠭᠡᠷ᠎ᠠ ᠵᠢᠯ ᠤ᠋ᠨ ᠠᠳᠠᠯᠢ ᠬᠤᠭᠤᠴᠠᠭᠠᠨ᠎ᠤ᠎ᠬᠢ᠎ᠡᠴᠡ᠎ᠪᠡᠨ 10% ᠎ᠪᠡᠷ ᠨᠡᠮᠡᠭᠳᠡᠪᠡ ; 2026 ᠣᠨ᠎ᠤ 1 ᠡᠴᠡ 4 ᠰᠠᠷ᠎ᠠ ᠪᠣᠯᠲᠠᠯ᠎ᠠ᠂ ᠨᠢᠭᠡᠨᠲᠡ 3000 ᠭᠠᠷᠤᠢ ᠭᠠᠳᠠᠭᠠᠳᠤ ᠪᠡᠯᠡ᠎ᠶ᠋ᠢᠨ ᠠᠵᠤ ᠠᠬᠤᠢᠯᠠᠯ ᠪᠡᠯᠡ ᠣᠷᠣᠭᠤᠯᠤᠯᠲᠠ᠎ᠪᠠᠨ ᠨᠡᠮᠡᠭ᠌ᠳᠡᠭᠦᠯᠪᠡ᠃

ᠲᠣᠭ᠎ᠠ ᠪᠠᠷᠢᠮᠲᠠ᠎ᠳᠤ ᠪᠠᠰᠠ ᠬᠠᠷᠠᠭᠤᠯᠤᠭᠰᠠᠨ᠎ᠢᠶᠡᠷ᠂ 2026 ᠣᠨ᠎ᠤ 1 ᠰᠠᠷ᠎ᠠ᠎ᠡᠴᠡ 4 ᠰᠠᠷ᠎ᠠ ᠪᠣᠯᠲᠠᠯ᠎ᠠ᠂ ᠪᠥᠬᠥ᠌ ᠤᠯᠤᠰ ᠎ᠤᠨ ᠱᠢᠨ᠎ᠡ᠎ᠪᠡᠷ ᠪᠠᠢᠭᠤᠯᠤᠭ᠍ᠰᠠᠨ ᠭᠠᠳᠠᠭᠠᠳᠤ᠎ᠶ᠋ᠢᠨ ᠬᠤᠳᠠᠯᠳᠤᠭᠠᠴᠢᠨ ᠎ᠤ ᠪᠠᠯᠠ ᠣᠷᠣᠭᠤᠯᠤᠭ᠍ᠰᠠᠨ ᠠᠵᠤ ᠠᠬᠤᠢᠯᠠᠯ 20113 ᠪᠣᠯᠵᠣ᠂ ᠲᠡᠭᠡᠷ᠎ᠠ ᠵᠢᠯ ᠤ᠋ᠨ ᠠᠳᠠᠯᠢ ᠬᠤᠭᠤᠴᠠᠭᠠᠨ᠎ᠤ᠎ᠬᠢ᠎ᠡᠴᠡ 6.8 % ᠎ᠪᠠᠷ ᠨᠡᠮᠡᠭ᠌ᠳᠡᠪᠡ ; ᠪᠣᠳᠠᠲᠠᠶ ᠬᠡᠷᠡᠭ᠌ᠯᠡᠭ᠌ᠰᠡᠨ ᠭᠠᠳᠠᠭᠠᠳᠤ ᠪᠠᠯᠠ᠎ᠶ᠋ᠢᠨ ᠬᠡᠮᠵᠢᠶ᠎ᠡ 2876.9 ᠳ᠋ᠦᠩᠱᠢᠭᠤᠷ ᠲᠥᠭᠥᠷᠢᠭ᠎ᠲᠦ ᠬᠦᠷᠴᠦ᠍᠂ ᠲᠡᠭᠡᠷ᠎ᠠ ᠵᠢᠯ ᠤ᠋ᠨ ᠠᠳᠠᠯᠢ ᠬᠤᠭᠤᠴᠠᠭᠠᠨ᠎ᠤ᠎ᠬᠢ᠎ᠡᠴᠡ 10.3% ᠎ᠪᠠᠷ ᠪᠠᠭᠤᠷᠠᠪᠠ᠃

ᠠᠵᠢᠯ ᠲᠥᠷᠥᠯ᠎ᠢᠶᠡᠷ ᠬᠤᠪᠢᠶᠠᠵᠤ ᠦᠵᠡᠪᠡᠯ᠂ ᠦᠶ᠋ᠯᠡᠳᠬᠦ᠌ ᠦᠶ᠋ᠯᠡᠰ᠎ᠲᠦ 788.8 ᠳ᠋ᠦᠩᠱᠢᠭᠤᠷ ᠲᠥᠭᠥᠷᠢᠭ᠎ᠦᠨ ᠭᠠᠳᠠᠭᠠᠳᠤ ᠪᠠᠯᠠ᠎ᠶ᠋ᠢ ᠪᠣᠳᠠᠲᠠᠶ ᠬᠡᠷᠡᠭ᠌ᠯᠡᠵᠦ᠍᠂ ᠦᠶ᠋ᠯᠡᠴᠢᠯᠡᠭᠡᠨ᠎ᠦ ᠦᠶ᠋ᠯᠡᠰ᠎ᠲᠦ 2041.5 ᠳ᠋ᠦᠩᠱᠢᠭᠤᠷ ᠲᠥᠭᠥᠷᠢᠭ ᠎ᠦᠨ ᠭᠠᠳᠠᠭᠠᠳᠤ ᠪᠠᠯᠠ᠎ᠶ᠋ᠢ ᠪᠣᠳᠠᠲᠠᠶ ᠬᠡᠷᠡᠭ᠌ᠯᠡᠪᠡ᠃ ᠳᠡᠭᠡᠳᠦ ᠮᠡᠷᠭᠡᠵᠢᠯ᠎ᠦᠨ ᠠᠵᠤ ᠦᠶ᠋ᠯᠡᠰ ᠎ᠦᠨ ᠪᠣᠳᠠᠲᠠᠶ ᠬᠡᠷᠡᠭ᠌ᠯᠡᠭ᠌ᠰᠡᠨ ᠭᠠᠳᠠᠭᠠᠳᠤ ᠪᠠᠯᠠ 1163.3 ᠳ᠋ᠦᠩᠱᠢᠭᠤᠷ ᠲᠥᠭᠥᠷᠢᠭ᠎ᠲᠦ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠡᠴᠡ 20.3% ᠎ᠪᠠᠷ ᠨᠡᠮᠡᠭ᠌ᠳᠡᠵᠦ᠍᠂ ᠪᠥᠬᠥ᠌ ᠤᠯᠤᠰ ᠎ᠤᠨ ᠪᠣᠳᠠᠲᠠᠶ ᠬᠡᠷᠡᠭ᠌ᠯᠡᠭ᠌ᠰᠡᠨ ᠭᠠᠳᠠᠭᠠᠳᠤ ᠪᠠᠯᠠ᠎ᠶ᠋ᠢᠨ 40.4% ᠎ᠶ᠋ᠢ ᠡᠵᠡᠯᠡᠵᠦ᠍᠂ ᠲᠡᠭᠡᠷ᠎ᠠ ᠵᠢᠯ  ᠤ᠋ᠨ ᠠᠳᠠᠯᠢ ᠬᠤᠭᠤᠴᠠᠭᠠᠨ᠎ᠤ᠎ᠬᠢ᠎ᠡᠴᠡ ᠵᠠᠭᠤᠨ᠎ᠤ ᠬᠠᠷᠢᠴᠠᠯ ᠵᠢᠡᠷ 10.3 ᠬᠤᠪᠢ ᠳᠡᠭᠡᠭ᠌ᠰᠢᠯᠡᠪᠡ᠃ ᠡᠭᠦᠨ᠎ᠳᠦ᠂ ᠰᠤᠳᠤᠯᠤᠨ ᠨᠡᠭᠡᠭᠡᠬᠦ᠌ ᠪᠠ ᠵᠢᠷᠤᠵᠤ ᠲᠥᠯᠥᠪᠯᠡᠬᠦ᠌ ᠦᠶ᠋ᠯᠡᠴᠢᠯᠡᠭᠡ᠂ ᠺᠣᠮᠫᠢᠦ᠋ᠲ᠋ᠧᠷ ᠵᠢᠴᠢ ᠠᠯᠪᠠᠯᠠᠬᠤ ᠲᠤᠨᠤᠭ ᠲᠥᠬᠥᠭᠡᠷᠦᠮᠵᠢ ᠦᠶ᠋ᠯᠡᠳᠬᠦ᠌ ᠦᠶ᠋ᠯᠡᠰ᠂ ᠡᠯᠧᠺᠲ᠋ᠷᠣᠨ ᠵᠢᠴᠢ ᠴᠢᠮᠡᠬᠡ ᠬᠣᠯᠪᠣᠭᠠᠨ᠎ᠤ ᠲᠤᠨᠤᠭ ᠲᠥᠬᠥᠭᠡᠷᠦᠮᠵᠢ ᠦᠶ᠋ᠯᠡᠳᠬᠦ᠌ ᠦᠶ᠋ᠯᠡᠰ᠎ᠦᠨ ᠪᠣᠳᠠᠲᠠᠶ ᠬᠡᠷᠡᠭ᠌ᠯᠡᠭ᠌ᠰᠡᠨ ᠭᠠᠳᠠᠭᠠᠳᠤ ᠪᠠᠯᠠ ᠲᠡᠭᠡᠷ᠎ᠠ ᠵᠢᠯ ᠤ᠋ᠨ ᠠᠳᠠᠯᠢ ᠬᠤᠭᠤᠴᠠᠭᠠᠨ᠎ᠤ᠎ᠬᠢ᠎ᠡᠴᠡ ᠲᠣᠰ ᠲᠣᠰ 108.4%᠂ 22.9%᠂ 20.2% ᠎ᠵᠢᠡᠷ ᠨᠡᠮᠡᠭ᠌ᠳᠡᠪᠡ᠃

ᠪᠡᠯᠡ ᠮᠦᠩᠬᠦ ᠵᠢᠨ ᠢᠷᠡᠯᠲᠡ᠎ᠡᠴᠡ ᠨᠢ ᠦᠵᠡᠪᠡᠯ᠂ ᠯᠦᠺᠰᠧᠮᠪᠦ᠋ᠷᠡᠭ᠂ ᠰᠸᠢᠰ᠂ ᠹᠷᠠᠨᠼᠢ᠂ ᠠᠮᠧᠷᠢᠺᠠ᠎ᠶ᠋ᠢᠨ ᠳᠤᠮᠳᠠᠳᠤ ᠤᠯᠤᠰ᠎ᠲᠠᠬᠢ ᠪᠣᠳᠠᠲᠠᠶ ᠪᠠᠯᠠ ᠣᠷᠣᠭᠤᠯᠤᠯᠲᠠ ᠲᠡᠭᠡᠷ᠎ᠠ ᠵᠢᠯ ᠤ᠋ᠨ ᠠᠳᠠᠯᠢ ᠬᠤᠭᠤᠴᠠᠭᠠᠨ᠎ᠤ ᠬᠢ᠎ᠡᠴᠡ ᠲᠣᠰ ᠲᠣᠰ 110.3%᠂ 60.8%᠂ 58.3%᠂ 24.5% (ᠴᠢᠯᠥᠭᠡᠲᠦ ᠭᠠᠷᠠᠮ᠎ᠢᠶᠠᠷ ᠳᠡᠮᠵᠢᠨ ᠪᠠᠯᠠ ᠣᠷᠣᠭᠤᠯᠤᠭ᠍ᠰᠠᠨ ᠲᠣᠭ᠎ᠠ ᠪᠠᠷᠢᠮᠲᠠ᠎ᠶ᠋ᠢ ᠪᠠᠭ᠍ᠲᠠᠭᠠᠨ᠎ᠠ ) ᠪᠡᠷ ᠨᠡᠮᠡᠭ᠌ᠳᠡᠪᠡ᠃

ᠰᠤᠷᠪᠤᠯᠵᠢᠯᠠᠭ᠍ᠴᠢ ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠡᠴᠡ ᠣᠢᠯᠠᠭᠠᠭ᠍ᠰᠠᠨ᠎ᠢᠶᠠᠷ᠂ ᠵᠢᠯ ᠤ᠋ᠨ ᠡᠬᠢᠨ ᠡᠴᠡ ᠨᠠᠭᠠᠰᠢ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ ᠭᠠᠳᠠᠭᠠᠳᠤ ᠪᠠᠯᠠ᠎ᠶ᠋ᠢᠨ ᠠᠵᠤ ᠠᠬᠤᠢᠯᠠᠯ᠎ᠤᠨ ᠲᠣᠭᠣᠷᠠᠭ ᠱᠢᠷᠡᠭᠡᠨ ᠎ᠦ ᠬᠤᠷᠠᠯ ᠎ᠢ ᠨᠡᠢᠲᠡ 5 ᠤᠳᠠᠭ᠎ᠠ ᠬᠤᠷᠠᠯᠳᠤᠭᠤᠯᠵᠤ᠂ ᠭᠠᠳᠠᠭᠠᠳᠤ ᠪᠠᠯᠠ ᠎ᠶ᠋ᠢᠨ ᠠᠵᠤ ᠠᠬᠤᠢᠯᠠᠯ ᠎ᠤᠨ ᠪᠠᠢᠩᠭᠤᠵᠢᠭ᠍ᠰᠠᠨ ᠰᠣᠯᠢᠯᠴᠠᠭᠠᠨ᠎ᠤ ᠲᠣᠭ᠍ᠲᠠᠴᠠ᠎ᠪᠠᠷ ᠳᠠᠮᠵᠢᠨ ᠲᠤᠰᠭᠠᠭ᠍ᠰᠠᠨ 180 ᠭᠠᠷᠤᠶ ᠬᠤᠪᠢ ᠬᠦᠰᠡᠯ ᠱᠠᠭᠠᠷᠳᠠᠯᠭ᠎ᠠ᠎ᠶ᠋ᠢ ᠱᠢᠶ᠋ᠳᠪᠦᠷᠢᠯᠡᠬᠦ᠌᠎ᠶ᠋ᠢ ᠠᠬᠢᠭᠤᠯᠪᠠ᠃


ᠱᠢᠨᠬᠤᠸᠠ ᠬᠤᠷᠢᠶ᠎ᠠ ᠵᠢᠨ ᠪᠡᠭᠡᠵᠢᠩ᠎ᠦᠨ 5 ᠰᠠᠷ᠎ᠠ᠎ᠶ᠋ᠢᠨ 23 ᠎ᠤ᠋ ᠴᠠᠬᠢᠯᠭᠠᠨ ᠮᠡᠳᠡᠭᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号