ᠲᠦᠷᠦᠭᠦᠦ 4 ᠰᠠᠷ᠎ᠠ᠎ᠳᠤ ᠮᠠᠨ᠎ᠤ ᠤᠯᠤᠰ᠎ᠤᠨ ᠭᠠᠳᠠᠭ᠍ᠰᠢ ᠭᠠᠷᠴᠤ ᠨᠠᠭᠠᠰᠢ ᠴᠠᠭᠠᠰᠢ ᠠᠶᠠᠯᠠᠭᠰᠠᠨ ᠬᠥᠮᠦᠨ᠎ᠦ ᠲᠣᠭ᠎ᠠ 232.1 ᠳ᠋ᠦᠩᠱᠢᠭᠤᠷ ᠬᠥᠮᠦᠨ ᠤᠳᠠᠭ᠎ᠠ᠎ᠳᠤ ᠬᠦᠷᠴᠡᠶ
2026-06-02 13:21:16
ᠵᠣᠬᠢᠶᠠᠭ᠍ᠴᠢ᠄
ᠶᠧ ᠬᠤᠤ ᠮᠢᠩ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ 27 ᠎ᠤ᠋ ᠡᠳᠦᠷ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠶᠠᠮᠤᠨ᠎ᠡᠴᠡ ᠤᠢᠯᠠᠭᠠᠭ᠍ᠰᠠᠨ᠎ᠶ᠋ᠢᠡᠷ᠂ ᠲᠦᠷᠦᠭᠦᠦ 4 ᠰᠠᠷ᠎ᠠ ᠎ᠳᠤ ᠮᠠᠨ ᠎ᠤ ᠤᠯᠤᠰ᠎ᠤᠨ ᠣᠷᠣᠨ ᠪᠦᠰᠡ ᠠᠯᠤᠰᠯᠠᠨ ᠭᠠᠳᠠᠭ᠍ᠰᠢ ᠭᠠᠷᠴᠤ ᠨᠠᠭᠠᠰᠢ ᠴᠠᠭᠠᠰᠢ ᠠᠶᠠᠯᠠᠭᠰᠠᠨ ᠬᠦᠮᠦᠨ᠎ᠤ ᠲᠤᠭ᠎ᠠ 232.1 ᠳ᠋ᠦᠩᠱᠢᠭᠤᠷ ᠬᠦᠮᠦᠨ ᠤᠳᠠᠭ᠎ᠠ ᠳ᠋ᠤ ᠬᠦᠷᠴᠦ᠍᠂ ᠲᠡᠭᠡᠷ᠎ᠠ ᠵᠢᠯ ᠤ᠋ᠨ ᠠᠳᠠᠯᠢ ᠬᠤᠭᠤᠴᠠᠭᠠᠨ᠎ᠤ ᠬᠢ᠎ᠡᠴᠡ 2.1% ᠎ᠪᠡᠷ ᠨᠡᠮᠡᠭ᠌ᠳᠡᠪᠡ᠃ ᠡᠭᠦᠨ᠎ᠳᠦ᠂ ᠵᠠᠰᠠᠮᠠᠯ ᠵᠠᠮ ᠵᠢᠡᠷ ᠠᠶᠠᠯᠠᠭᠰᠠᠨ ᠬᠥᠮᠦᠨ᠎ᠤ᠎ᠲᠤᠭ᠎ᠠ 213.1 ᠳ᠋ᠦᠩᠱᠢᠭᠤᠷ ᠬᠥᠮᠦᠨ ᠤᠳᠠᠭ᠎ᠠ᠎ᠳᠤ ᠬᠦᠷᠴᠦ᠍᠂ ᠲᠡᠭᠡᠷ᠎ᠠ ᠵᠢᠯ ᠤ᠋ᠨ ᠠᠳᠠᠯᠢ ᠬᠤᠭᠤᠴᠠᠭᠠᠨ᠎ᠤ᠎ᠬᠢ᠎ᠡᠴᠡ 1.7% ᠎ᠪᠠᠷ ᠨᠡᠮᠡᠭ᠌ᠳᠡᠪᠡ;  ᠤᠰᠤᠨ ᠵᠠᠮ᠎ᠤᠨ ᠠᠶᠠᠨᠴᠢᠳ᠎ᠤᠨ ᠵᠥᠭᠡᠭᠡᠪᠦᠷᠢ᠎ᠶ᠋ᠢᠨ ᠬᠡᠮᠵᠢᠶ᠎ᠡ 8220 ᠲᠦᠮᠡᠨ ᠬᠥᠮᠦᠨ ᠤᠳᠠᠭ᠎ᠠ᠎ᠳᠤ ᠬᠦᠷᠴᠦ᠍᠂ ᠲᠡᠭᠡᠷ᠎ᠠ ᠵᠢᠯ ᠤ᠋ᠨ ᠠᠳᠠᠯᠢ ᠬᠤᠭᠤᠴᠠᠭᠠᠨ ᠎ᠤ᠎ᠬᠢ᠎ᠡᠴᠡ 7.4% ᠎ᠪᠠᠷ ᠨᠡᠮᠡᠭ᠌ᠳᠡᠪᠡ᠃

ᠬᠣᠲᠠ᠎ᠶ᠋ᠢᠨ ᠠᠶᠠᠨᠴᠢᠳ ᠎ᠤᠨ ᠵᠦᠭᠡᠭᠡᠪᠤᠷᠢ ᠎ᠶ᠋ᠢᠨ ᠲᠠᠯ᠎ᠠ᠎ᠪᠠᠷ᠂ ᠲᠦᠷᠦᠭᠦᠦ 4 ᠰᠠᠷ᠎ᠠ᠎ᠳᠤ᠂ ᠮᠠᠨ ᠎ᠤ ᠤᠯᠤᠰ ᠎ᠤᠨ ᠬᠣᠲᠠ᠎ᠶ᠋ᠢᠨ ᠠᠶᠠᠨᠴᠢᠳ ᠎ᠤᠨ ᠵᠦᠭᠡᠭᠡᠪᠤᠷᠢ᠎ᠶ᠋ᠢᠨ ᠬᠡᠮᠵᠢᠶ᠎ᠡ 347.2 ᠳ᠋ᠦᠩᠱᠢᠭᠤᠷ ᠬᠥᠮᠦᠨ ᠤᠳᠠᠭ᠎ᠠ᠎ᠳᠤ ᠬᠦᠷᠴᠦ᠍᠂ ᠲᠡᠭᠡᠷ᠎ᠠ ᠵᠢᠯ ᠤ᠋ᠨ ᠠᠳᠠᠯᠢ ᠬᠤᠭᠤᠴᠠᠭᠠᠨ᠎ᠤ᠎ᠬᠢ᠎ᠡᠴᠡ 1.6% ᠎ᠪᠠᠷ ᠨᠡᠮᠡᠭ᠌ᠳᠡᠪᠡ᠃ ᠡᠭᠦᠨ᠎ᠳᠦ᠂ ᠬᠣᠲᠠ᠎ᠶ᠋ᠢᠨ ᠵᠢᠮᠳᠤ ᠵᠠᠮ ᠬᠠᠷᠢᠯᠴᠠᠭ᠎ᠠ᠂ ᠲᠦᠷᠢᠶᠡᠰᠦᠨ ᠮᠠᠱᠢᠨ ᠲᠡᠷᠭᠡᠨ᠎ᠦ ᠠᠶᠠᠨᠴᠢᠳ᠎ᠤᠨ ᠵᠥᠭᠡᠭᠡᠪᠦᠷᠢ᠎ᠶ᠋ᠢᠨ ᠬᠡᠮᠵᠢᠶ᠎ᠡ ᠲᠣᠰ ᠲᠣᠰ 110.3 ᠳ᠋ᠦᠩᠱᠢᠭᠤᠷ ᠬᠥᠮᠦᠨ ᠤᠳᠠᠭ᠎ᠠ ᠪᠠ 118.4 ᠳ᠋ᠦᠩᠱᠢᠭᠤᠷ ᠬᠥᠮᠦᠨ ᠤᠳᠠᠭ᠎ᠠ᠎ᠳᠤ ᠬᠦᠷᠴᠦ᠍᠂ ᠲᠡᠭᠡᠷ᠎ᠠ ᠵᠢᠯ ᠤ᠋ᠨ ᠠᠳᠠᠯᠢ ᠬᠤᠭᠤᠴᠠᠭᠠᠨ᠎ᠤ᠎ᠬᠢ᠎ᠡᠴᠡ ᠲᠣᠰ ᠲᠣᠰ 4.3% ᠪᠠ 4.6% ᠎ᠪᠠᠷ ᠨᠡᠮᠡᠭ᠌ᠳᠡᠪᠡ;  ᠣᠯᠠᠨ ᠨᠡᠢᠲᠡ᠎ᠶ᠋ᠢᠨ ᠮᠠᠱᠢᠨ ᠲᠡᠷᠭᠡ᠂ ᠬᠣᠲᠠ᠎ᠶ᠋ᠢᠨ ᠠᠶᠠᠨᠴᠢᠳ᠎ᠤᠨ ᠵᠥᠭᠡᠭᠡᠪᠦᠷᠢ᠎ᠶ᠋ᠢᠨ ᠤᠨᠭᠭᠤᠴᠠ ᠪᠡᠷ ᠵᠦᠭᠡᠭᠡᠪᠦᠷᠢᠯᠡᠭᠰᠡᠨ ᠬᠡᠮᠵᠢᠶ᠎ᠡ ᠲᠣᠰ ᠲᠣᠰ 118.2 ᠳ᠋ᠦᠩᠱᠢᠭᠤᠷ ᠬᠥᠮᠦᠨ ᠤᠳᠠᠭ᠎ᠠ ᠪᠠ 2341 ᠲᠦᠮᠡᠨ ᠬᠥᠮᠦᠨ ᠤᠳᠠᠭ᠎ᠠ᠎ᠳᠤ ᠬᠦᠷᠴᠦ᠍᠂ ᠲᠡᠭᠡᠷ᠎ᠠ ᠵᠢᠯ ᠤ᠋ᠨ ᠠᠳᠠᠯᠢ ᠬᠤᠭᠤᠴᠠᠭᠠᠨ᠎ᠤ᠎ᠬᠢ᠎ᠡᠴᠡ ᠲᠣᠰ ᠲᠣᠰ 3.4% ᠪᠠ 3.7% ᠎ᠪᠠᠷ ᠪᠠᠭᠤᠷᠠᠪᠠ᠃

ᠪᠠᠷᠠᠭᠠᠨ᠎ᠤ ᠲᠡᠭᠡᠭᠡᠪᠦᠷᠢ᠎ᠶ᠋ᠢᠨ ᠬᠡᠮᠵᠢᠶ᠎ᠡ᠎ᠶ᠋ᠢᠨ ᠲᠠᠯ᠎ᠠ᠎ᠪᠠᠷ᠂ ᠲᠦᠷᠦᠭᠦᠦ 4 ᠰᠠᠷ᠎ᠠ᠎ᠳᠤ᠂ ᠮᠠᠨ᠎ᠤ ᠤᠯᠤᠰ᠎ᠤᠨ ᠪᠡᠶᠡᠯᠡᠭᠦᠯᠦᠭ᠌ᠰᠡᠨ ᠡᠵᠡᠩᠨᠡᠯᠲᠡ᠎ᠶ᠋ᠢᠨ ᠴᠢᠨᠠᠷᠲᠠᠶ ᠪᠠᠷᠠᠭᠠᠨ᠎ᠤ ᠲᠡᠭᠡᠭᠡᠪᠦᠷᠢ᠎ᠶ᠋ᠢᠨ ᠬᠡᠮᠵᠢᠶ᠎ᠡ 181.7 ᠳ᠋ᠦᠩᠱᠢᠭᠤᠷ ᠲᠣᠨ ᠎ᠳᠤ ᠬᠦᠷᠴᠦ᠍᠂ ᠲᠡᠭᠡᠷ᠎ᠠ ᠵᠢᠯ ᠤ᠋ᠨ ᠠᠳᠠᠯᠢ ᠬᠤᠭᠤᠴᠠᠭᠠᠨ᠎ᠤ᠎ᠬᠢ᠎ᠡᠴᠡ 3.6% ᠎ᠪᠠᠷ ᠨᠡᠮᠡᠭ᠌ᠳᠡᠪᠡ᠃ ᠡᠭᠦᠨ᠎ᠳᠦ᠂ ᠵᠠᠰᠠᠮᠠᠯ ᠵᠠᠮ᠎ᠤᠨ ᠪᠠᠷᠠᠭ᠎ᠠ ᠲᠡᠭᠡᠭᠡᠪᠦᠷᠢᠯᠡᠭ᠌ᠰᠡᠨ ᠬᠡᠮᠵᠢᠶ᠎ᠡ 136.8 ᠳ᠋ᠦᠩᠱᠢᠭᠤᠷ ᠲᠣᠨ᠎ᠳᠤ ᠬᠦᠷᠴᠦ᠍᠂ ᠲᠡᠭᠡᠷ᠎ᠠ ᠵᠢᠯ ᠤ᠋ᠨ ᠠᠳᠠᠯᠢ ᠬᠤᠭᠤᠴᠠᠭᠠᠨ᠎ᠤ᠎ᠬᠢ᠎ᠡᠴᠡ 3.4 % ᠎ᠪᠠᠷ ᠨᠡᠮᠡᠭ᠌ᠳᠡᠪᠡ ; ᠤᠰᠤᠨ ᠵᠠᠮ᠎ᠤᠨ ᠪᠠᠷᠠᠭ᠎ᠠ ᠲᠡᠭᠡᠭᠡᠪᠦᠷᠢᠯᠡᠭ᠌ᠰᠡᠨ ᠬᠡᠮᠵᠢᠶ᠎ᠡ 27.5 ᠳ᠋ᠦᠩᠱᠢᠭᠤᠷ ᠲᠣᠨ᠎ᠳᠤ ᠬᠦᠷᠴᠦ᠍᠂ ᠲᠡᠭᠡᠷ᠎ᠠ ᠵᠢᠯ ᠤ᠋ᠨ ᠠᠳᠠᠯᠢ ᠬᠤᠭᠤᠴᠠᠭᠠᠨ᠎ᠤ᠎ᠬᠢ᠎ᠡᠴᠡ 5.2% ᠵᠢᠡᠷ ᠨᠡᠮᠡᠭ᠌ᠳᠡᠪᠡ᠃

ᠭᠠᠷᠠᠮ᠎ᠤᠨ ᠪᠠᠷᠠᠭ᠎ᠠ ᠣᠷᠣᠭᠤᠯᠵᠤ ᠭᠠᠷᠭᠠᠭ᠍ᠰᠠᠨ ᠬᠡᠮᠵᠢᠶ᠎ᠡ᠎ᠶ᠋ᠢᠨ ᠲᠠᠯ᠎ᠠ᠎ᠪᠠᠷ᠂ ᠲᠦᠷᠦᠭᠦᠦ 4 ᠰᠠᠷ᠎ᠠ᠎ᠳᠤ᠂ ᠮᠠᠨ᠎ᠤ ᠤᠯᠤᠰ᠎ᠤᠨ ᠭᠠᠷᠠᠮ᠎ᠤᠨ ᠪᠠᠷᠠᠭ᠎ᠠ ᠣᠷᠣᠭᠤᠯᠵᠤ ᠭᠠᠷᠭᠠᠭ᠍ᠰᠠᠨ ᠬᠡᠮᠵᠢᠶ᠎ᠡ 59.3 ᠳ᠋ᠦᠩᠱᠢᠭᠤᠷ ᠲᠣᠨ᠎ᠳᠤ ᠬᠦᠷᠴᠦ᠍᠂ ᠲᠡᠭᠡᠷ᠎ᠠ ᠵᠢᠯ ᠤ᠋ᠨ ᠠᠳᠠᠯᠢ ᠬᠤᠭᠤᠴᠠᠭᠠᠨ᠎ᠤ᠎ᠬᠢ᠎ᠡᠴᠡ 3.1% ᠎ᠪᠠᠷ ᠨᠡᠮᠡᠭ᠌ᠳᠡᠪᠡ᠂ ᠡᠭᠦᠨ᠎ᠳᠦ ᠭᠠᠳᠠᠭᠠᠳᠤ ᠠᠷᠠᠯᠵᠢᠶᠠᠨ᠎ᠤ ᠣᠷᠣᠭᠤᠯᠵᠤ ᠭᠠᠷᠭᠠᠭ᠍ᠰᠠᠨ ᠬᠡᠮᠵᠢᠶ᠎ᠡ ᠲᠡᠭᠡᠷ᠎ᠠ ᠵᠢᠯ ᠤ᠋ᠨ ᠠᠳᠠᠯᠢ ᠬᠤᠭᠤᠴᠠᠭᠠᠨ᠎ᠤ᠎ᠬᠢ᠎ᠡᠴᠡ ᠲᠣᠰ ᠲᠣᠰ 2% ᠪᠠ 5.5% ᠎ᠪᠠᠷ ᠨᠡᠮᠡᠭ᠌ᠳᠡᠪᠡ᠃ ᠴᠢᠩᠭᠡᠯᠢᠭ ᠎ᠢ ᠣᠷᠣᠭᠤᠯᠵᠤ ᠭᠠᠷᠭᠠᠭᠰᠠᠨ ᠬᠡᠮᠵᠢᠶ᠎ᠡ 1.2 ᠳ᠋ᠦᠩᠱᠢᠭᠤᠷ ᠪᠠᠷᠢᠮᠵᠢᠶᠠᠲᠤ ᠴᠢᠩᠭᠡᠯᠢᠭ ᠲᠤ᠌ ᠬᠦᠷᠴᠤ᠂ ᠲᠡᠭᠡᠷ᠎ᠠ ᠵᠢᠯ ᠤ᠋ᠨ ᠠᠳᠠᠯᠢ ᠬᠤᠭᠤᠴᠠᠭᠠᠨ᠎ᠤ᠎ᠬᠢ᠎ᠡᠴᠡ 7.2% ᠵᠢᠡᠷ ᠨᠡᠮᠡᠭ᠌ᠳᠡᠪᠡ᠃

ᠵᠠᠮ ᠬᠠᠷᠢᠯᠴᠠᠭᠠᠨ᠎ᠤ ᠲᠣᠭ᠍ᠲᠠᠮᠠᠯ ᠬᠥᠷᠥᠩᠭᠡ᠎ᠶ᠋ᠢᠨ ᠪᠠᠯᠠ ᠣᠷᠣᠭᠤᠯᠤᠯᠲᠠ᠎ᠶ᠋ᠢᠨ ᠲᠠᠯ᠎ᠠ᠎ᠪᠠᠷ᠂ ᠲᠦᠷᠦᠭᠦᠦ 4 ᠰᠠᠷ᠎ᠠ᠎ᠳᠤ᠂ ᠮᠠᠨ᠎ᠤ ᠤᠯᠤᠰ ᠵᠠᠮ ᠬᠠᠷᠢᠯᠴᠠᠭᠠᠨ᠎ᠤ ᠲᠣᠭ᠍ᠲᠠᠮᠠᠯ ᠬᠥᠷᠥᠩᠭᠡ᠎ᠶ᠋ᠢᠨ ᠪᠠᠯᠠ ᠣᠷᠣᠭᠤᠯᠤᠯᠲᠠ᠎ᠶ᠋ᠢ 8944 ᠳ᠋ᠦᠩᠱᠢᠭᠤᠷ ᠲᠥᠭᠥᠷᠢᠭ ᠪᠡᠶᠡᠯᠡᠭᠦᠯᠪᠡ᠂ ᠡᠭᠦᠨ᠎ᠳᠦ ᠵᠠᠰᠠᠮᠠᠯ ᠵᠠᠮ᠂ ᠤᠰᠤᠨ ᠲᠡᠭᠡᠭᠡᠪᠦᠷᠢ ᠲᠣᠰ ᠲᠣᠰ 6004 ᠳ᠋ᠦᠩᠱᠢᠭᠤᠷ ᠲᠥᠭᠥᠷᠢᠭ ᠪᠠ 650 ᠳ᠋ᠦᠩᠱᠢᠭᠤᠷ ᠲᠥᠭᠥᠷᠢᠭ ᠎ᠦᠨ ᠪᠠᠯᠠ ᠣᠷᠣᠭᠤᠯᠤᠯᠲᠠ᠎ᠶ᠋ᠢ ᠪᠡᠶᠡᠯᠡᠭᠦᠯᠪᠡ᠃

ᠵᠠᠮ ᠬᠠᠷᠢᠯᠴᠠᠭ᠎ᠠ ᠲᠡᠭᠡᠭᠡᠪᠦᠷᠢ ᠎ᠶ᠋ᠢᠨ ᠶᠠᠮᠤᠨ ᠎ᠤ ᠬᠣᠯᠪᠣᠭ᠍ᠳᠠᠯ ᠪᠥᠬᠥᠶ ᠬᠠᠷᠢᠭᠤᠴᠠᠯᠭᠠᠲᠠᠨ᠂ 4 ᠰᠠᠷ᠎ᠠ᠎ᠳᠤ᠂ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠠᠵᠤ ᠠᠬᠤᠶ᠎ᠶ᠋ᠢᠨ ᠡᠷᠬᠢᠯᠳᠠ ᠶᠡᠷᠦᠩᠬᠡᠶ᠎ᠳᠡᠭᠡᠨ ᠲᠣᠭ᠍ᠲᠠᠭᠤᠨ ᠪᠠᠢᠵᠤ᠂ ᠪᠠᠷᠠᠭᠠᠨ᠎ᠤ ᠲᠡᠭᠡᠭᠡᠪᠦᠷᠢ᠎ᠶ᠋ᠢᠨ ᠬᠡᠮᠵᠢᠶ᠎ᠡ᠂ ᠭᠠᠷᠠᠮ᠎ᠤᠨ ᠪᠠᠷᠠᠭ᠎ᠠ ᠣᠷᠣᠭᠤᠯᠵᠤ ᠭᠠᠷᠭᠠᠬᠤ ᠬᠡᠮᠵᠢᠶ᠎ᠡ᠂  ᠣᠷᠣᠨ ᠪᠦᠰᠡ ᠠᠯᠤᠰᠯᠠᠬᠰᠡᠨ ᠬᠦᠮᠦᠨ ᠬᠠᠷ᠎ᠠ ᠵᠢᠨ ᠰᠢᠯᠵᠢᠯᠳᠠ ᠵᠢᠨ ᠬᠡᠮᠵᠢᠶ᠎ᠡ ᠵᠡᠷᠭᠡ ᠭᠤᠤᠯ ᠪᠤᠯᠬᠤ ᠭᠦᠶ᠋ᠴᠡᠳᠭᠡᠯ ᠲᠣᠭ᠎ᠠ ᠦᠷᠭᠦᠯᠵᠢᠯᠡᠨ ᠨᠡᠮᠡᠭ᠌ᠳᠡᠵᠦ᠍ ᠪᠠᠢᠨ᠎ᠠ ᠭᠡᠵᠤ ᠢᠯᠡᠳᠭᠡᠪᠡ᠃

ᠱᠢᠨᠬᠤᠸᠠ ᠬᠣᠷᠢᠢ᠎ᠠ ᠵᠢᠨ ᠪᠡᠭᠡᠵᠢᠩ᠎ᠦᠨ 5 ᠰᠠᠷ᠎ᠠ᠎ᠶ᠋ᠢᠨ 27 ᠎ᠤ᠋ ᠴᠠᠬᠢᠯᠭᠠᠨ ᠮᠡᠳᠡᠭᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号