ᠦᠷᠯᠦᠭᠡ ᠵᠢᠨ ᠨᠠᠷᠠᠨ ᠠᠭᠤᠯᠠ ᠲᠠᠯ᠎ᠠ ᠵᠢ ᠬᠡᠷᠡᠯᠳᠤᠭᠦᠯᠬᠦ ᠳᠦ᠂ ᠥᠪᠥᠷ ᠮᠣᠩᠭᠣᠯ ᠤᠨ ᠡᠨᠧᠷᠭᠢ᠎ᠶ᠋ᠢᠨ ᠪᠦᠯᠦᠭᠯᠡᠯ ᠺᠤᠮᠫᠠᠨᠢ ᠵᠢᠨ ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤᠨ᠎ᠤ 50 ᠲᠦᠮᠡᠨ ᠺᠢᠯᠦᠸᠠᠲ᠎ᠤᠨ ᠰᠠᠯᠬᠢᠨ ᠬᠦᠴᠦᠨ ᠤ᠋ ᠴᠠᠬᠢᠯᠭᠠᠨ ᠬᠡᠷᠡᠯᠴᠢ ᠴᠡᠨᠡᠭ ᠤ᠋ᠨ ᠴᠠᠬᠢᠯᠭᠠᠨ ᠤ᠋ ᠲᠤᠷᠱᠢᠯᠲᠠ᠎ᠶ᠋ᠢᠨ ᠭᠡᠷᠡᠴᠢᠯᠡᠯ᠎ᠦᠨ ᠲᠥᠷᠥᠯ ᠵᠦᠶ᠋ᠯ᠎ᠦᠨ ᠲᠤᠬᠠᠶ᠎ᠶ᠋ᠢᠨ ᠲᠠᠯᠠᠪᠠᠶ᠎ᠳᠤ᠂ ᠤᠶᠤᠨᠲᠤ ᠮᠸᠬᠠᠨᠢᠭ ᠭᠠᠷ ᠣᠨᠣᠪᠴᠢᠲᠠᠶ᠎ᠪᠠᠷ 《ᠪᠥᠵᠢᠭ᠌ᠯᠡᠵᠦ᠍ 》᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠬᠦᠴᠦᠨ ᠤᠯᠭᠤᠭᠰᠠᠨ ᠪᠣᠬᠢᠷᠲᠤᠯ ᠥᠬᠡᠶ ᠡᠨᠧᠷᠭᠢ᠎ᠶ᠋ᠢᠨ ᠪᠥᠲᠥᠭᠡᠨ ᠪᠠᠢᠭᠤᠯᠤᠯᠲᠠ ᠶᠠᠭ ᠪᠥᠬᠥ᠌ ᠬᠤᠷᠳᠤᠴᠠ᠎ᠪᠠᠷ ᠠᠭᠢᠵᠤ᠂ ᠤᠮᠠᠷᠠᠲᠤ ᠬᠢᠯᠢ᠎ᠶ᠋ᠢᠨ ᠡᠬᠡ ᠭᠠᠵᠠᠷ᠎ᠲᠤ ᠴᠢᠨᠠᠷ ᠰᠠᠢᠲᠠᠶ ᠬᠥᠭ᠌ᠵᠢᠯᠲᠡ᠎ᠶ᠋ᠢᠨ ᠪᠣᠬᠢᠷᠲᠤᠯ ᠥᠬᠡᠶ ᠬᠥᠳᠡᠯᠭᠡᠬᠦ᠌ ᠬᠦᠴᠦᠨ᠎ᠢ ᠨᠡᠮᠡᠷᠢᠯᠡᠨ᠎ᠠ᠃
ᠥᠪᠥᠷ ᠮᠣᠩᠭᠣᠯ᠎ᠤᠨ ᠡᠨᠧᠷᠭᠢ᠎ᠶ᠋ᠢᠨ ᠪᠦᠯᠦᠭᠯᠡᠯ ᠺᠤᠮᠫᠠᠨᠢ ᠵᠢᠨ ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤᠨ ᠳ᠋ᠡᠬᠢ 50 ᠲᠦᠮᠡᠨ ᠺᠢᠯᠦᠸᠠᠲ᠎ᠤᠨ ᠰᠠᠯᠬᠢᠨ ᠬᠦᠴᠦᠨ ᠤ᠋ ᠴᠠᠬᠢᠯᠭᠠᠨ ᠬᠡᠷᠡᠯᠴᠢ ᠴᠡᠨᠡᠭ ᠤ᠋ᠨ ᠴᠠᠬᠢᠯᠭᠠᠨ ᠤ᠋ ᠲᠤᠷᠱᠢᠯᠲᠠ᠎ᠶ᠋ᠢᠨ ᠭᠡᠷᠡᠴᠢᠯᠡᠯ᠎ᠦᠨ ᠲᠥᠷᠥᠯ ᠵᠦᠶ᠋ᠯ᠎ᠦᠨ ᠬᠡᠷᠡᠯᠴᠢ ᠴᠡᠨᠡᠭ ᠤ᠋ᠨ ᠲᠤᠭᠤᠷᠢᠭ ᠤ᠋ᠨ ᠪᠠᠷᠢᠯᠭ᠎ᠠ᠎ᠶ᠋ᠢᠨ ᠲᠤᠬᠠᠶ᠎ᠶ᠋ᠢᠨ ᠲᠠᠯᠠᠪᠠᠶ᠎ᠳᠤ᠂ ᠨᠢᠭᠡ ᠬᠡᠷᠡᠯᠴᠢ ᠴᠡᠨᠡᠭ ᠤ᠋ᠨᠲᠣᠨᠣᠭ᠍ᠯᠠᠭᠠᠰᠤ ᠤᠭ᠍ᠰᠠᠷᠠᠬᠤ ᠮᠠᠱᠢᠨ ᠬᠥᠮᠦᠨ ᠵᠢᠱ᠌ᠢᠭ᠌ᠰᠡᠨ ᠲᠣᠭᠣᠷᠢᠯᠲᠠ᠎ᠶ᠋ᠢᠨ ᠵᠠᠮ᠎ᠢᠶᠠᠷ ᠲᠣᠭ᠍ᠲᠠᠭᠤᠨ᠎ᠢᠶᠠᠷ ᠱᠢᠯᠵᠢᠵᠦ᠍᠂ ᠮᠧᠬᠠᠨᠢᠭ ᠭᠠᠷ᠎ᠢᠶᠠᠷ ᠬᠡᠷᠡᠯᠴᠢ ᠴᠡᠨᠡᠭ ᠤ᠋ᠨ ᠬᠠᠪᠲᠠᠰᠤ᠎ᠶ᠋ᠢ ᠣᠨᠣᠪᠴᠢᠲᠠᠶ ᠠᠳᠭᠤᠨ ᠠᠪᠴᠤ᠌᠂ ᠬᠠᠷᠭᠤᠭᠤᠯᠤᠨ᠂ ᠵᠣᠯᠭᠠᠭᠤᠯᠵᠤ᠂ ᠬᠥᠳᠡᠯᠦᠯ ᠨᠢ ᠪᠤᠯᠪᠠᠰᠤᠷᠠᠡᠭᠭᠤᠢ ᠪᠠᠢᠵᠤ᠂ ᠣᠬᠣᠷᠬᠠᠨ 80 ᠰᠧᠺᠦ᠋ᠨ᠋ᠳ᠋᠎ᠲᠦ ᠬᠡᠷᠡᠯᠴᠢ ᠴᠡᠨᠡᠭ᠎ᠤᠨ ᠬᠠᠪᠲᠠᠰᠤ᠎ᠶ᠋ᠢ ᠲᠤᠯᠬᠤ ᠵᠢᠶᠠᠰᠠᠨ ᠳᠡᠭᠡᠷ᠎ᠡ ᠯᠠᠪᠳᠠᠭᠤᠨ ᠤᠭ᠍ᠰᠠᠷᠠᠵᠤ ᠪᠠᠢᠯ᠎ᠠ᠃
ᠥᠪᠥᠷ ᠮᠣᠩᠭᠣᠯ᠎ᠤᠨ ᠡᠨᠧᠷᠭᠢ᠎ᠶ᠋ᠢᠨ ᠪᠦᠯᠦᠭᠯᠡᠯ ᠺᠤᠮᠫᠠᠨᠢ ᠵᠢᠨ ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤᠨ ᠳ᠋ᠡᠬᠢ 50 ᠲᠦᠮᠡᠨ ᠺᠢᠯᠦᠸᠠᠲ᠎ᠤᠨ ᠰᠠᠯᠬᠢᠨ ᠬᠦᠴᠦᠨ ᠤ᠋ ᠴᠠᠬᠢᠯᠭᠠᠨ ᠬᠡᠷᠡᠯᠴᠢ ᠴᠡᠨᠡᠭ ᠤ᠋ᠨ ᠴᠠᠬᠢᠯᠭᠠᠨ ᠤ᠋ ᠲᠤᠷᠱᠢᠯᠲᠠ᠎ᠶ᠋ᠢᠨ ᠭᠡᠷᠡᠴᠢᠯᠡᠯ᠎ᠦᠨ ᠲᠥᠷᠥᠯ ᠵᠦᠶ᠋ᠯ ᠪᠣᠯ ᠮᠠᠨ ᠤ᠋ ᠣᠷᠣᠨ᠎ᠤ ᠠᠩᠬᠠᠳᠠᠭ᠍ᠴᠢ ᠲᠣᠮᠣ ᠬᠡᠯᠪᠡᠷᠢ᠎ᠶ᠋ᠢᠨ ᠶᠡᠷᠦᠩᠬᠡᠢᠯᠡᠭ᠌ᠰᠡᠨ ᠴᠢᠨᠠᠷᠲᠠᠶ ᠱᠢᠨ᠎ᠡ ᠡᠨᠧᠷᠭᠢ᠎ᠶ᠋ᠢᠨ ᠲᠤᠷᠱᠢᠯᠲᠠ᠎ᠶ᠋ᠢᠨ ᠭᠡᠷᠡᠴᠢᠯᠡᠯ᠎ᠦᠨ ᠰᠠᠭᠤᠷᠢᠨ ᠤ ᠲᠥᠷᠥᠯ ᠵᠦᠶ᠋ᠯ ᠪᠣᠯᠬᠤ ᠪᠥᠭᠡᠳ ᠪᠠᠰᠠ ᠴᠤ᠌ ᠤᠯᠤᠰ ᠤᠨ ᠳᠣᠲᠣᠭᠠᠳᠤ ᠶ᠋ᠢᠨ ᠠᠩᠬᠠᠳᠠᠭ᠍ᠴᠢ ᠰᠠᠯᠬᠢ᠂ ᠬᠡᠷᠡᠯ᠂ ᠤᠰᠤᠲᠥ᠋ᠷᠥᠭ᠌ᠴᠢ᠂ ᠪᠦᠷᠢᠨ ᠲᠥᠷᠥᠯ ᠵᠤᠢᠯ ᠤ᠋ᠨ ᠡᠨᠧᠷᠭᠢ ᠬᠠᠳᠠᠭᠠᠯᠠᠬᠤ ᠵᠢ ᠬᠠᠮᠤᠷᠤᠭᠰᠠᠨ ᠶᠡᠷᠦᠩᠬᠡᠢᠯᠡᠭ᠌ᠰᠡᠨ ᠲᠤᠷᠱᠢᠯᠲᠠ᠎ᠶ᠋ᠢᠨ ᠭᠡᠷᠡᠴᠢᠯᠡᠯ᠎ᠦᠨ ᠢᠨᠵᠧᠨᠧᠷᠢᠩ ᠪᠣᠯᠤᠨ᠎ᠠ᠃ ᠲᠥᠷᠥᠯ ᠵᠦᠶ᠋ᠯ᠎ᠦᠨ ᠶᠡᠷᠦᠩᠬᠡᠶ ᠮᠠᠱᠢᠨ ᠴᠣᠭ᠍ᠴᠠᠯᠠᠪᠤᠷᠢ᠎ᠶ᠋ᠢᠨ ᠪᠠᠭ᠍ᠲᠠᠭᠠᠮᠵᠢ᠎ᠨᠢ 500MW ᠪᠠᠢᠵᠤ᠂ ᠰᠠᠯᠬᠢᠨ ᠬᠦᠴᠦᠨ᠎ᠦ ᠴᠠᠬᠢᠯᠭᠠᠨ ᠤ ᠭᠡᠷᠡᠴᠢᠯᠡᠯ᠎ᠦᠨ ᠰᠠᠭᠤᠷᠢᠨ᠂ ᠬᠡᠷᠡᠯᠴᠢ ᠴᠡᠨᠡᠭ᠎ᠦᠨ ᠲᠤᠷᠱᠢᠯᠲᠠ᠎ᠶ᠋ᠢᠨ ᠰᠠᠭᠤᠷᠢᠨ᠂ ᠱᠢᠨ᠎ᠡ ᠬᠡᠯᠪᠡᠷᠢ᠎ᠶ᠋ᠢᠨ ᠴᠠᠬᠢᠯᠭᠠᠨ ᠬᠦᠴᠦᠨ᠎ᠦ ᠱᠢᠰᠲ᠋ᠧᠮ᠎ᠦᠨ ᠲᠤᠷᠱᠢᠯᠲᠠ᠎ᠶ᠋ᠢᠨ ᠭᠡᠷᠡᠴᠢᠯᠡᠯ᠎ᠦᠨ ᠲᠠᠪᠴᠠᠩ ᠵᠡᠷᠭᠡ 《ᠭᠤᠷᠪᠠᠨ ᠰᠠᠭᠤᠷᠢᠨ ᠭᠠᠵᠠᠷ᠂ ᠨᠢᠭᠡ ᠲᠠᠪᠴᠠᠩ᠂ ᠨᠢᠭᠡ ᠲᠥᠪ》 ᠢ᠋ ᠲᠥᠯᠥᠪᠵᠢᠭᠦᠯᠦᠨ ᠪᠠᠢᠭᠤᠯᠵᠤ᠂ 400MW ᠰᠠᠯᠬᠢᠨ ᠬᠦᠴᠦᠨ᠎ᠦ ᠴᠠᠬᠢᠯᠭᠠᠨ᠂ 100MW ᠬᠡᠷᠡᠯ ᠴᠡᠨᠡᠭ᠎ᠦᠨ ᠴᠠᠬᠢᠯᠭᠠᠨ ᠵᠢᠴᠢ ᠢᠵᠢ ᠪᠥᠷᠢᠳᠦᠭᠦᠯᠬᠦ ᠡᠨᠧᠷᠭᠢ ᠬᠠᠳᠠᠭᠠᠯᠠᠬᠤ ᠲᠦᠭᠦᠭᠡᠷᠤᠮᠵᠢ᠎ᠶ᠋ᠢ ᠬᠠᠮᠤᠷᠴᠤ᠌᠂ ᠣᠳᠣᠬᠠᠨ᠎ᠳᠤ ᠡᠯ᠎ᠡ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢᠨ ᠠᠵᠢᠯ ᠶᠠᠭ ᠲᠥᠯᠥᠪᠵᠢᠭᠦᠯᠭᠡ ᠶᠣᠰᠣᠭᠠᠷ ᠯᠠᠪᠳᠠᠭᠤᠨ᠎ᠢᠶᠠᠷ ᠠᠭᠢᠵᠤ᠂ ᠣᠶᠤᠨᠴᠢᠯᠠᠭ᠍ᠰᠠᠨ ᠪᠠᠷᠢᠯᠭ᠎ᠠ ᠪᠠᠷᠢᠬᠤ ᠪᠠ ᠣᠯᠠᠨ ᠴᠡᠭ᠎ᠤᠨ ᠱᠢᠪᠲᠤᠯᠤᠯᠲᠠ᠎ᠶ᠋ᠢ ᠵᠡᠷᠭᠡ᠎ᠪᠡᠷ ᠶᠠᠪᠤᠭ᠍ᠳᠠᠭᠤᠯᠵᠤ ᠪᠠᠢᠨ᠎ᠠ᠃
《ᠰᠠᠯᠬᠢᠨ ᠬᠦᠴᠦᠨ᠎ᠦ ᠦᠢᠯᠡᠳᠪᠦᠷᠢ᠎ᠶ᠋ᠢᠨ ᠲᠣᠭᠣᠷᠢᠭ ᠲᠤ᠌ 30 ᠰᠠᠭᠤᠷᠢ ᠡᠡᠭ ᠤ᠋ᠨ ᠰᠠᠯᠬᠢᠨ ᠬᠦᠴᠦᠨ᠎ᠦ ᠮᠠᠱᠢᠨ᠂ ᠳᠥᠷᠪᠡᠨ ᠰᠠᠭᠤᠷᠢ ᠲᠤᠷᠱᠢᠯᠲᠠ᠎ᠶ᠋ᠢᠨ ᠮᠠᠱᠢᠨ ᠤᠭᠰᠠᠷᠠᠬᠤ ᠪᠡᠷ ᠲᠦᠯᠦᠪᠯᠡᠵᠤ᠂ ᠤᠳᠤ ᠨᠢᠭᠡᠨᠲᠡ 4 ᠰᠠᠭᠤᠷᠢ ᠡᠩ᠎ᠦᠨ ᠰᠠᠯᠬᠢᠨ ᠬᠦᠴᠦᠨ ᠤ᠋ ᠮᠠᠰᠢᠨ ᠢ᠋ ᠪᠦᠬᠦᠯᠢ ᠴᠣᠭ᠍ᠴᠠ᠎ᠪᠠᠷ ᠨᠢ ᠳᠡᠭᠦᠵᠢᠯᠡᠨ ᠤᠭ᠍ᠰᠠᠷᠠᠨ ᠲᠠᠭᠤᠰᠬᠠᠪᠠ᠃ ᠮᠠᠨ᠎ᠤ ᠬᠡᠷᠡᠯ ᠴᠡᠨᠡᠭ᠎ᠦᠨ ᠲᠤᠭᠤᠷᠢᠭ ᠲᠤ᠌ ᠨᠡᠢᠲᠡ 21 ᠬᠤᠪᠢᠶᠠᠷᠢ ᠵᠢᠭ᠍ᠰᠠᠭᠠᠯ ᠪᠠᠢᠭᠤᠯᠬᠤ ᠪᠡᠷ ᠲᠦᠯᠦᠪᠯᠡᠵᠤ᠂ ᠣᠳᠣᠬᠠᠨ᠎ᠳᠤ 2 ᠬᠤᠪᠢᠶᠠᠷᠢ ᠵᠢᠭ᠍ᠰᠠᠭᠠᠯ ᠨᠢ ᠨᠢᠭᠡᠨᠲᠡ ᠲᠤᠤᠷ ᠲᠤ᠌ ᠨᠡᠢᠯᠡᠭᠦᠯᠦᠨ ᠴᠠᠬᠢᠯᠭᠠᠨ ᠭᠠᠷᠭᠠᠬᠤ ᠨᠥᠬᠥᠴᠡᠯ ᠢ ᠪᠦᠷᠢᠯᠳᠦᠭᠦᠯᠪᠡ᠃ ᠪᠢᠳᠠᠨ ᠤ᠋ ᠪᠠᠰᠠ ᠨᠢᠭᠡ ᠡᠨᠧᠷᠭᠢ ᠬᠠᠳᠠᠭᠠᠯᠠᠬᠤ ᠲᠤᠭᠤᠷᠢᠭ ᠪᠠᠢᠵᠤ᠂ ᠤᠳᠤ ᠪᠢᠳᠡ 8 ᠲᠦᠷᠦᠯ᠎ᠦᠨ ᠡᠨᠧᠷᠭᠢ ᠬᠠᠳᠠᠭᠠᠯᠠᠬᠤ ᠠᠷᠭ᠎ᠠ ᠬᠡᠯᠪᠡᠷᠢ ᠵᠢ ᠬᠡᠷᠡᠭᠯᠡᠵᠤ᠂ ᠣᠳᠣᠬᠠᠨ᠎ᠳᠤ ᠹᠣᠰᠹᠣᠷ ᠬᠦᠴᠢᠯ᠎ᠦᠨ ᠲᠡᠮᠦᠷ ᠯᠢᠲ᠋ᠢ ᠪᠣᠯᠤᠨ ᠪᠦᠷᠢᠨ ᠸᠠᠨᠠᠳᠢ᠎ᠶ᠋ᠢᠨ ᠱᠢᠩᠭᠡᠨ ᠤᠷᠤᠰᠬᠠᠯ ᠡᠨᠡ ᠬᠣᠶᠠᠷ ᠲᠦᠷᠦᠯ ᠤ᠋ᠨ ᠡᠨᠧᠷᠬᠢ ᠬᠠᠳᠠᠭᠠᠯᠠᠬᠤ ᠲᠦᠷᠦᠯ ᠵᠤᠢᠯ ᠨᠢᠭᠡᠨᠲᠡ ᠳᠠᠭᠠᠭᠠᠴᠢᠯᠠᠯᠲᠠ ᠵᠠᠷᠯᠠᠨ ᠳᠠᠭᠤᠰᠴᠤ᠂ 5 ᠰᠠᠷ᠎ᠠ᠎ᠶ᠋ᠢᠨ ᠳᠤᠮᠳᠠᠴᠢ᠎ᠪᠠᠷ ᠪᠠᠷᠢᠯᠭ᠎ᠠ ᠡᠬᠢᠯᠡᠭᠦᠯᠬᠦ ᠨᠥᠬᠥᠴᠡᠯ᠎ᠢ ᠪᠦᠷᠢᠯᠳᠦᠭᠦᠯᠦᠨ᠎ᠡ᠃ ᠬᠦᠴᠦᠳᠡᠯ ᠳᠡᠭᠡᠭ᠌ᠰᠢᠯᠡᠭᠦᠯᠬᠦ᠌ ᠥᠷᠲᠡᠭᠡᠨ᠎ᠦ ᠬᠡᠰᠡᠭ ᠨᠢ ᠣᠳᠣᠬᠠᠨ᠎ᠳᠤ ᠲᠣᠣᠷ ᠲᠤ ᠨᠡᠢᠯᠡᠭᠦᠯᠦᠨ ᠴᠠᠬᠢᠯᠭᠠᠨ ᠭᠠᠷᠭᠠᠬᠤ ᠨᠥᠬᠥᠴᠡᠯ᠎ᠢ ᠪᠦᠷᠢᠯᠳᠦᠭᠦᠯᠦᠭ᠌ᠰᠡᠨ ᠪᠠᠢᠨ᠎ᠠ᠂ 220 ᠺᠢᠯᠦᠸᠠᠲ ᠴᠠᠬᠢᠯᠭᠠᠨ ᠬᠦᠷᠭᠡᠬᠦ᠌ ᠵᠠᠮ ᠨᠢᠭᠡᠨᠲᠡ ᠰᠠᠭᠠᠳ ᠦᠭᠡᠢ ᠨᠡᠪᠲᠡᠷᠡᠵᠤ ᠲᠤᠷᠱᠢᠨ ᠲᠣᠬᠢᠷᠠᠭᠤᠯᠵᠤ ᠲᠠᠭᠤᠰᠪᠠ︾ᠬᠡᠵᠤ ᠲᠦᠷᠦᠯ ᠵᠦᠢᠯ᠎ᠦᠨ ᠳᠡᠳ᠋ ᠳᠠᠭᠠᠭᠠᠮᠠᠯ ᠴᠠᠩ ᠵᠢᠶᠦ᠋ᠨ ᠹᠸᠩ ᠶᠠᠷᠢᠪᠠ᠃
ᠣᠳᠣᠬᠠᠨ᠎ᠳᠤ᠂ ᠲᠣᠰ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ ᠶᠠᠭ ᠡᠷᠴᠢᠮ᠎ᠲᠠᠢ ᠠᠬᠢᠵᠤ ᠪᠠᠢᠨ᠎ᠠ᠃ ᠠᠱᠢᠭ᠍ᠯᠠᠯᠲᠠ᠎ᠳᠤ ᠤᠷᠤᠭ᠍ᠰᠠᠨ᠎ᠤ ᠳᠠᠷᠠᠭ᠎ᠠ᠂ ᠣᠷᠣᠨ ᠪᠦᠰᠡ᠎ᠶ᠋ᠢᠨ ᠡᠨᠧᠷᠭᠢ᠎ᠶ᠋ᠢᠨ ᠬᠠᠩᠭᠠᠯᠭ᠎ᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠬᠦ᠌᠎ᠳᠦ ᠪᠦᠲᠦᠮᠵᠢᠲᠡᠶ ᠬᠦᠴᠦᠨ ᠨᠡᠮᠡᠷᠢᠯᠡᠵᠦ᠍᠂ ᠡᠨᠧᠷᠭᠢ᠎ᠶ᠋ᠢᠨ ᠲᠣᠨᠣᠭ᠍ᠯᠠᠯ ᠦᠶ᠋ᠯᠡᠳᠬᠦ᠌ ᠠᠵᠤ ᠦᠶ᠋ᠯᠡᠰ᠎ᠦᠨ ᠲᠠᠰ ᠳᠡᠪᠱᠢᠬᠦ᠌᠎ᠶ᠋ᠢ ᠠᠬᠢᠭᠤᠯᠬᠤ ᠪᠣᠯᠤᠨ᠎ᠠ᠃