ᠥᠪᠥᠷ ᠮᠣᠩᠭᠣᠯ 9615 ᠲᠦᠮᠡᠨ ᠲᠦᠬᠦᠷᠢᠭ ᠪᠠᠭᠤᠯᠭᠠᠵᠤ 641 ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ ᠳ᠋ᠤ ᠨᠦᠬᠦᠪᠤᠷᠢ ᠤᠯᠭᠤᠪᠠ
2026-06-02 16:46:56
ᠵᠣᠬᠢᠶᠠᠭ᠍ᠴᠢ᠄
ᠰᠠᠷᠭᠠᠢ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ  ᠣᠷᠣᠨ᠎ᠤ  ᠡᠳ᠋᠎ᠦᠨ ᠵᠠᠰᠠᠭ᠎ᠤᠨ ᠲᠢᠩᠬᠢᠮ᠎ᠤᠨ ᠬᠢᠨ ᠦᠪᠤᠷ ᠮᠤᠨᠭᠭᠤᠯ ᠤ᠋ᠨ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠢᠩᠬᠢᠮ᠎ᠲᠡᠶ ᠬᠠᠮᠲᠤᠷᠠᠨ ᠂ 9615 ᠲᠦᠮᠡᠨ ᠲᠥᠭᠥᠷᠢᠭ᠎ᠦᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢᠨ ᠲᠤᠰᠭᠠᠶ ᠪᠠᠯᠠ ᠮᠥᠩᠭᠥ᠌ ᠪᠠᠭᠤᠯᠭᠠᠵᠤ᠂ ᠪᠥᠬᠥ᠌ ᠣᠷᠣᠨ᠎ᠤ ᠠᠩᠬ᠎ᠠ ᠤᠳᠠᠭ᠎ᠠ ᠮᠠᠭᠠᠳᠯᠠᠨ ᠲᠣᠭ᠍ᠲᠠᠭᠠᠭ᠍ᠰᠠᠨ ᠤᠯᠤᠰ ᠎ᠤᠨ 641 ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ ᠎ᠳᠤ  ᠱᠢᠨᠵᠢᠯᠡᠬᠦ᠌  ᠤᠬᠠᠭᠠᠨ ᠎ᠤ  ᠰᠤᠳᠤᠯᠭᠠᠨ᠎ᠤ   ᠵᠠᠷᠤᠳᠠᠯ᠎ᠤᠨ ᠨᠥᠬᠥᠪᠥᠷᠢ  ᠤᠯᠭᠤᠪᠠ᠃

ᠣᠢᠷ᠎ᠠ᠎ᠶ᠋ᠢᠨ ᠵᠢᠯ᠎ᠡᠴᠡ ᠨᠠᠭᠠᠰᠢ᠂ ᠥᠪᠥᠷ ᠮᠣᠩᠭᠣᠯ ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ᠎ᠢ ᠪᠣᠢᠵᠢᠭᠤᠯᠬᠤ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ ᠤᠷᠢᠳ ᠬᠣᠵᠢᠳ  《 〈ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠥᠪᠥᠷ ᠮᠣᠩᠭᠣᠯ᠎ᠢᠶᠠᠨ ᠮᠠᠨᠳᠤᠭᠤᠯᠬᠤ〉 ᠠᠵᠢᠯᠯᠠᠭ᠎ᠠ᠎ᠶ᠋ᠢ ᠲᠦᠷᠭᠡᠳᠭᠡᠨ ᠠᠬᠢᠭᠤᠯᠵᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠳᠡᠮᠵᠢᠬᠦ᠌ ᠲᠤᠬᠠᠶ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠨᠦᠭᠦᠳ》 ᠂ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠤᠯᠠᠮ ᠴᠢᠨᠠᠭ᠍ᠰᠢᠳᠠ ᠳᠡᠭᠡᠭ᠌ᠰᠢᠯᠡᠭᠦᠯᠬᠦ᠌ ᠲᠤᠬᠠᠶ ᠰᠠᠨᠠᠯ》 ᠵᠡᠷᠭᠡ ᠪᠢᠴᠢᠭ ᠮᠠᠲ᠋ᠧᠷᠢᠶᠠᠯ᠎ᠳᠤ ᠳᠡᠭᠡᠳᠦ ᠱᠢᠨ᠎ᠡ ᠮᠡᠷᠭᠡᠵᠢᠯ ᠎ᠦᠨ ᠠᠵᠤ ᠠᠬᠤᠢᠯᠠᠯ᠎ᠢ ᠱᠠᠩᠨᠠᠨ ᠳᠡᠮᠵᠢᠬᠦ᠌ ᠲᠥᠷᠥ᠎ᠶ᠋ᠢᠨ ᠪᠣᠳᠣᠯᠭ᠎ᠠ᠎ᠶ᠋ᠢ ᠲᠣᠳᠣᠷᠬᠠᠢᠯᠠᠵᠤ᠂ ᠳᠡᠭᠡᠳᠦ ᠱᠢᠨ᠎ᠡ ᠮᠡᠷᠭᠡᠵᠢᠯ ᠎ᠦᠨ ᠠᠵᠤ ᠠᠬᠤᠢᠯᠠᠯ᠎ᠢ ᠪᠣᠢᠵᠢᠭᠤᠯᠬᠤ ᠱᠢᠰᠲ᠋ᠧᠮ ᠎ᠤᠨ  ᠪᠠᠢᠭᠤᠯᠤᠯᠲᠠ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ᠎ᠤᠨ ᠬᠡᠮᠵᠢᠶ᠎ᠡ ᠪᠤᠯᠤᠨ ᠶᠠᠰᠤ ᠴᠢᠨᠠᠷ ᠢ᠋ ᠵᠡᠷᠭᠡ᠎ᠪᠡᠷ ᠳᠡᠭᠡᠭ᠌ᠰᠢᠯᠡᠬᠦᠯᠬᠦ᠎ᠶ᠋ᠢ ᠪᠥᠬᠥ᠌ ᠬᠦᠴᠦᠨ᠎ᠢᠶᠡᠷ ᠠᠬᠢᠭᠤᠯᠪᠠ᠃ 《ᠠᠷᠪᠠᠨ ᠳᠥᠷᠪᠡᠳᠦᠭᠡᠷ ᠲᠠᠪᠤᠨ ᠵᠢᠯ》 ᠎ᠤ᠋ᠨ ᠬᠤᠭᠤᠴᠠᠭᠠᠨ᠎ᠳᠤ ᠥᠪᠡᠷᠲᠡᠭᠡᠨ ᠵᠠᠰᠠᠬᠤ ᠣᠷᠣᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠎ᠦᠨ ᠲᠤᠰᠭᠠᠶ ᠪᠠᠯᠠ ᠮᠥᠩᠭᠥ᠎ᠶ᠋ᠢ ᠨᠡᠢᠲᠡ 5.12 ᠳ᠋ᠦᠩᠱᠢᠭᠤᠷ ᠲᠥᠭᠥᠷᠢᠭ ᠪᠠᠭᠤᠯᠭᠠᠵᠤ᠂ ᠥᠪᠡᠷᠲᠡᠭᠡᠨ ᠵᠠᠰᠠᠬᠤ ᠣᠷᠣᠨ᠎ᠤ ᠠᠩᠬ᠎ᠠ ᠤᠳᠠᠭ᠎ᠠ ᠮᠠᠭᠠᠳᠯᠠᠨ ᠲᠣᠭ᠍ᠲᠠᠭᠠᠭ᠍ᠰᠠᠨ ᠤᠯᠤᠰ ᠎ᠤᠨ 2116 ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ᠎ᠳᠤ ᠱᠢᠨᠵᠢᠯᠡᠬᠦ᠌ ᠤᠬᠠᠭᠠᠨ ᠎ᠤ ᠰᠤᠳᠤᠯᠭᠠᠨ᠎ᠤ ᠵᠠᠷᠤᠳᠠᠯ᠎ᠤᠨ ᠨᠥᠬᠥᠪᠥᠷᠢ ᠤᠯᠭᠤᠵᠤ᠂ ᠠᠵᠤ ᠠᠬᠤᠢᠯᠠᠯ᠎ᠢ ᠬᠥᠲᠥᠯᠥᠨ ᠵᠢᠯᠣᠭᠣᠳᠴᠤ᠌ ᠰᠤᠳᠤᠯᠤᠨ ᠨᠡᠭᠡᠭᠡᠬᠦ᠌ ᠣᠷᠣᠭᠤᠯᠤᠯᠲᠠ᠎ᠶ᠋ᠢ ᠦᠷᠭᠦᠯᠵᠢᠯᠡᠨ ᠨᠡᠮᠡᠭ᠌ᠳᠡᠭᠦᠯᠪᠡ᠃ 2025 ᠣᠨ᠎ᠳᠤ ᠥᠪᠡᠷᠲᠡᠭᠡᠨ ᠵᠠᠰᠠᠬᠤ ᠣᠷᠣᠨ᠎ᠤ ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ 2000 ᠡᠷᠦᠬᠡ᠎ᠶ᠋ᠢ ᠳᠠᠪᠠᠵᠤ᠂ 《ᠠᠷᠪᠠᠨ ᠳᠥᠷᠪᠡᠳᠦᠭᠡᠷ ᠲᠠᠪᠤᠨ ᠵᠢᠯ》 ᠳ᠋ᠤ᠌ ᠲᠣᠭ᠍ᠲᠠᠭᠠᠭ᠍ᠰᠠᠨ ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ᠎ᠢ ᠪᠣᠢᠵᠢᠭᠤᠯᠬᠤ ᠬᠠᠷᠠᠯᠲᠠ᠎ᠪᠠᠨ ᠤᠷᠤᠭ᠍ᠰᠢᠲᠠᠶ ᠪᠡᠶᠡᠯᠡᠭᠦᠯᠪᠡ᠃

ᠬᠤᠢᠰᠢᠳᠠ ᠥᠪᠥᠷ ᠮᠣᠩᠭᠣᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠠᠯᠠ ᠮᠥᠩᠭᠥ᠎ᠶ᠋ᠢ ᠬᠡᠷᠡᠭ᠌ᠯᠡᠬᠦ᠌ ᠠᠵᠢᠯ᠎ᠤᠨ ᠠᠮᠵᠢᠯᠲᠠ ᠪᠦᠲᠦᠮᠵᠢ᠎ᠶ᠋ᠢᠨ ᠬᠠᠮᠢᠶᠠᠷᠤᠯᠲᠠ᠎ᠶ᠋ᠢ ᠦᠷᠭᠦᠯᠵᠢᠯᠡᠨ ᠴᠢᠩᠭᠠᠳᠭᠠᠵᠤ᠂ ᠲᠤᠰᠭᠠᠶ ᠪᠠᠯᠠ ᠮᠥᠩᠭᠥ᠎ᠶ᠋ᠢ  ᠲᠤᠰᠭᠠᠶ ᠬᠡᠷᠡᠭ᠌ᠯᠡᠬᠦ᠌᠂ ᠥᠨᠳᠥᠷ ᠪᠦᠲᠦᠮᠵᠢᠲᠡᠶ ᠬᠡᠷᠡᠭ᠌ᠯᠡᠬᠦ᠌᠎ᠶ᠋ᠢ ᠦᠨᠡᠨ ᠬᠦ᠌ ᠪᠠᠲᠤᠯᠠᠵᠤ᠂ ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢᠨ ᠭᠤᠤᠯ ᠬᠦᠴᠦᠨ ᠪᠣᠯᠵᠣ ᠬᠦᠭᠵᠢᠬᠦ ᠳ᠋ᠤ᠌ ᠬᠦᠴᠦᠨ ᠨᠡᠮᠡᠷᠢᠯᠡᠵᠦ᠍᠂ ᠥᠪᠡᠷᠲᠡᠭᠡᠨ ᠵᠠᠰᠠᠬᠤ ᠣᠷᠣᠨ᠎ᠤ ᠱᠢᠨ᠎ᠡ ᠴᠢᠨᠠᠷ ᠤ᠋ᠨ ᠦᠶ᠋ᠯᠡᠳᠪᠦᠷᠢᠯᠡᠯ᠎ᠦᠨ ᠬᠦᠴᠦᠨ᠎ᠦ ᠬᠥᠭ᠌ᠵᠢᠯᠲᠡ᠎ᠶ᠋ᠢ ᠱᠢᠨ᠎ᠡ ᠱᠢᠪᠲᠤᠯᠤᠯᠲᠠ᠎ᠲᠠᠶ ᠪᠣᠯᠭᠠᠵᠤ᠂ ᠥᠪᠥᠷ ᠮᠣᠩᠭᠣᠯ᠎ᠤᠨ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠨᠡᠮᠡᠷᠢᠯᠡᠬᠦ ᠪᠤᠯᠤᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号