ᠦᠪᠦᠷ ᠮᠤᠡᠭᠭᠤᠯ ᠲᠤᠮᠤ ᠪᠤᠯᠤᠡᠭ ᠤ᠋ᠨ ᠤᠷᠤᠨ ᠳ᠋ᠦ ᠮᠢᠬᠠᠨ ᠤ᠋ ᠦᠬᠡᠷ ᠢ᠋ ᠨᠢᠳᠤᠯᠤᠨ ᠡᠳ᠋ᠰᠢᠬᠦᠯᠵᠤ ᠤᠷᠢᠳᠴᠢᠯᠠᠨ ᠨᠦᠬᠡᠴᠡᠯᠡᠬᠦ ᠲᠦᠪ ᠪᠠᠢᠭᠤᠯᠬᠤ ᠪᠡᠷ ᠪᠤᠯᠪᠠ
2026-06-02 17:02:56
ᠵᠣᠬᠢᠶᠠᠭ᠍ᠴᠢ᠄
ᠼᠠᠢ ᠬᠤᠡᠭ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠬᠴᠢ ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠡ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠡᠴᠡ ᠤᠢᠯᠠᠭᠠᠭᠰᠠᠨ ᠶ᠋ᠢᠡᠷ᠂ ᠦᠪᠦᠷ ᠮᠤᠡᠭᠭᠤᠯ ᠤ᠋ᠨ ᠮᠢᠬᠠᠨ ᠤ᠋ ᠦᠬᠡᠷ ᠤ᠋ᠨ ᠠᠵᠤ ᠦᠢᠯᠡᠰ ᠤ᠋ᠨ ᠪᠦᠯᠦᠭᠯᠡᠯ ᠤᠢᠷ᠎ᠠ ᠳ᠋ᠤ ᠭᠤᠸᠠᠡᠭᠳᠦ᠋ᠡᠭ ᠤ᠋ᠨ ᠹᠦᠸᠸ ᠱᠠᠨ ᠪᠤᠯᠤᠨ ᠶᠦᠨ ᠹᠦ ᠳ᠋ᠦ ᠲᠤᠰᠪᠤᠷᠢ ᠮᠢᠬᠠᠨ ᠤ᠋ ᠦᠬᠡᠷ ᠢ᠋ ᠨᠢᠳᠤᠯᠤᠨ ᠡᠳ᠋ᠰᠢᠬᠦᠯᠵᠤ ᠤᠷᠢᠳᠴᠢᠯᠠᠨ ᠨᠦᠬᠡᠴᠡᠯᠡᠬᠦ ᠲᠦᠪ ᠢ᠋ ᠪᠦᠳᠦᠬᠡᠨ ᠪᠠᠢᠭᠤᠯᠬᠤ ᠭᠡᠷ᠎ᠡ ᠲᠤᠭᠲᠠᠵᠤ᠂ ᠲᠤᠮᠤ ᠪᠤᠯᠤᠡᠭ ᠤ᠋ᠨ ᠤᠷᠤᠨ ᠤ᠋ ᠬᠤᠰᠢᠭᠤᠴᠢ ᠠᠵᠤ ᠠᠬᠤᠢᠯᠠᠯ ᠲᠠᠢ ᠪᠠᠢᠯᠳᠤᠬᠤ ᠪᠤᠳᠤᠯᠭ᠎ᠠ ᠶ᠋ᠢᠨ ᠬᠦᠨᠵᠡᠭᠡᠢ ᠬᠠᠮᠲᠤᠷᠠᠯᠴᠠᠭ᠎ᠠ ᠦᠷᠨᠢᠬᠦᠯᠬᠦ ᠪᠡᠷ ᠲᠤᠭᠲᠠᠪᠠ᠃

ᠡᠨᠡ ᠵᠢᠯ ᠮᠠᠨ ᠤ᠋ ᠤᠷᠤᠨ 《ᠤᠮᠠᠷᠠᠲᠤ ᠶ᠋ᠢᠨ ᠦᠬᠡᠷ ᠢ᠋ ᠡᠮᠦᠨᠡᠰᠢ ᠵᠥᠭᠡᠭᠡᠪᠦᠷᠢᠯᠡᠬᠦ᠌᠂ ᠤᠮᠠᠷᠠᠲᠤ ᠤᠷᠤᠨ ᠤ᠋ ᠦᠬᠡᠷ ᠤ᠋ᠨ ᠮᠢᠬ᠎ᠠ ᠶ᠋ᠢ ᠡᠮᠦᠨᠡᠲᠦ ᠤᠷᠤᠨ ᠳ᠋ᠦ ᠬᠦᠷᠬᠡᠬᠦ》 ᠢᠨᠵᠧᠨᠧᠷᠢᠩ ᠢ᠋ ᠪᠥᠬᠥ᠌ ᠬᠦᠴᠦᠨ ᠵᠢᠡᠷ ᠵᠢᠡᠨ ᠠᠬᠢᠭᠤᠯᠵᠤ᠂ ᠴᠢᠨᠠᠷ ᠰᠠᠢᠲᠠᠶ ᠮᠢᠬᠠᠨ ᠤ᠋ ᠦᠬᠡᠷ ᠤ᠋ᠨ ᠡᠬᠢ ᠪᠠᠶᠠᠯᠢᠭ ᠢ᠋ ᠭᠤᠸᠠᠩᠳᠦ᠋ᠩ ᠱᠢᠶᠠᠩᠭᠠᠩ ᠣᠣᠮᠧᠨ ᠤ᠋ ᠲᠤᠮᠤ ᠪᠤᠯᠤᠩ ᠤ᠋ᠨ ᠣᠷᠣᠨ ᠤ᠋ ᠭᠤᠤᠯ ᠬᠡᠷᠡᠭ᠌ᠯᠡᠭᠡᠨ ᠤ᠋ ᠵᠠᠬ᠎ᠠ ᠳᠡᠯᠭᠡᠭᠦᠷ ᠤ᠋ᠨ ᠲᠤᠬᠠᠢ ᠶ᠋ᠢᠨ ᠭᠠᠵᠠᠷ ᠲᠤᠨᠢ ᠨᠠᠷᠢᠯᠢᠭ ᠪᠤᠯᠪᠠᠰᠤᠷᠠᠭᠤᠯᠬᠤ᠂ ᠪᠠᠢᠡᠭᠭᠤᠵᠢᠭᠤᠯᠤᠨ ᠨᠦᠬᠡᠴᠡᠯᠡᠬᠦ ᠪᠠ ᠲᠦᠷᠭᠡᠨ ᠬᠦᠷᠭᠡᠬᠦ ᠵᠢ ᠪᠡᠶᠡᠯᠡᠭᠦᠯᠪᠠ᠃ ᠦᠪᠤᠷ ᠮᠤᠩᠭᠤᠯ ᠤ᠋ᠨ ᠮᠢᠬᠠᠨ ᠤ᠋ ᠦᠬᠡᠷ ᠢ᠋ ᠭᠤᠸᠠᠡᠭᠳᠦ᠋ᠡᠭ ᠤ᠋ᠨ ᠨᠢᠳᠤᠯᠤᠨ ᠡᠳ᠋ᠰᠢᠬᠦᠯᠵᠤ ᠤᠷᠢᠳᠴᠢᠯᠠᠨ ᠨᠦᠬᠡᠴᠡᠯᠡᠬᠦ ᠲᠦᠪ ᠲᠦ᠍ ᠬᠦᠷᠭᠡᠬᠦ ᠳ᠋ᠦ ᠭᠠᠷᠤᠯᠲᠠ ᠶ᠋ᠢᠨ ᠤᠷᠤᠨ ᠳ᠋ᠤ ᠬᠢᠨᠠᠨ ᠬᠡᠮᠵᠢᠵᠦ ᠬᠢᠵᠢᠭ ᠢ᠋ ᠪᠠᠢᠴᠠᠭᠠᠵᠤ᠂ 2300 ᠭᠠᠷᠤᠢ ᠺᠢᠯᠦᠮᠸᠲᠷ ᠠᠶᠠᠯᠠᠨ ᠭᠤᠸᠠᠡᠭᠳᠦ᠋ᠡᠭ ᠳ᠋ᠤ ᠬᠦᠷᠦᠭᠰᠡᠨ ᠤ᠋ ᠲᠠᠷᠠᠭ᠎ᠠ ᠲᠤᠬᠠᠢ ᠶ᠋ᠢᠨ ᠭᠠᠵᠠᠷ ᠤ᠋ᠨ ᠬᠢᠵᠢᠭ ᠤ᠋ᠨ ᠪᠠᠢᠴᠠᠭᠠᠯᠲᠠ ᠵᠢ ᠦᠡᠭᠭᠡᠷᠡᠭᠦᠯᠵᠦ᠂ 24 ᠴᠠᠭ ᠤ᠋ᠨ ᠳᠠᠷᠠᠭ᠎ᠠ ᠨᠢᠳᠤᠯᠤᠨ ᠡᠳ᠋ᠰᠢᠬᠦᠯᠵᠤ ᠤᠷᠢᠳᠴᠢᠯᠠᠨ ᠨᠦᠬᠡᠴᠡᠯᠡᠬᠦ ᠲᠦᠪ ᠲᠦ᠍ ᠬᠦᠷᠭᠡᠵᠦ᠂ 1 ᠴᠠᠭ ᠤ᠋ᠨ ᠲᠤᠳᠤᠷ᠎ᠠ ᠨᠢᠳᠤᠯᠤᠨ ᠬᠡᠰᠡᠭᠯᠡᠵᠦ ᠰᠠᠯᠭᠠᠬᠤ ᠪᠦᠬᠦ ᠶᠠᠪᠤᠴᠠ ᠵᠢ ᠳᠠᠭᠤᠰᠬᠠᠨ ᠵᠠᠬ᠎ᠠ ᠳᠡᠯᠭᠡᠭᠦᠷ ᠲᠦ᠍ ᠭᠠᠷᠭᠠᠬᠤ ᠪᠤᠯᠤᠨ᠎ᠠ᠃

ᠮᠠᠨ ᠤ᠋ ᠤᠷᠤᠨ ᠮᠢᠬᠠᠨ ᠤ᠋ ᠦᠬᠡᠷ ᠎ᠤᠨ ᠳᠤᠭ᠎ᠠ ᠬᠡᠮᠵᠢᠶ᠎ᠡ ᠪᠠ ᠦᠬᠡᠷ ᠤ᠋ᠨ ᠮᠢᠬᠠᠨ ᠤ᠋ ᠭᠠᠷᠭᠠᠯᠲᠠ ᠪᠡᠷ ᠴᠥᠮ ᠪᠥᠬᠥ᠌ ᠤᠯᠤᠰ ᠤ᠋ᠨ ᠲᠦᠷᠦᠬᠦᠨ ᠳ᠋ᠤ ᠣᠷᠣᠵᠤ᠂ ᠵᠢᠯ ᠳ᠋ᠤ 500 ᠲᠦᠮᠡ ᠭᠠᠷᠤᠶ ᠮᠢᠬᠠᠨ ᠤ᠋ ᠦᠬᠡᠷ ᠪᠤᠷᠤᠯᠠᠭᠤᠯᠵᠤ᠂ ᠴᠢᠨᠠᠷ ᠰᠠᠢᠲᠠᠶ ᠱᠢᠨ᠎ᠡ ᠰᠣᠷᠭᠣᠭ ᠦᠬᠡᠷ ᠤ᠋ᠨ ᠮᠢᠬᠠᠨ ᠤ᠋ 60% ᠨᠢ ᠪᠥᠬᠥ᠌ ᠤᠯᠤᠰ ᠤ᠋ᠨ ᠳᠡᠭᠡᠳᠦ ᠲᠠᠰ ᠤ᠋ᠨ ᠵᠠᠬ᠎ᠠ ᠳᠡᠯᠭᠡᠭᠦᠷ ᠲᠦ᠍ ᠪᠤᠷᠤᠯᠠᠭᠤᠯᠤᠭᠳᠠᠵᠤ ᠪᠠᠢᠨ᠎ᠠ᠃ ᠡᠨᠡ ᠵᠢᠯ ᠮᠠᠨ ᠤ᠋ ᠤᠷᠤᠨ《ᠥᠪᠥᠷ ᠮᠣᠩᠭᠣᠯ — ᠭᠤᠸᠠᠩᠳᠦ᠋ᠩ ᠱᠢᠶᠠᠩᠭᠠᠩ ᠣᠣᠮᠧᠨ ᠤ᠋ ᠲᠣᠮᠣ ᠪᠤᠯᠤᠩ ᠤ᠋ᠨ ᠣᠷᠣᠨ》 ᠤ᠋ ᠬᠦᠶ᠋ᠲᠡᠨ ᠬᠡᠯᠬᠢᠶᠡᠲᠦ ᠡᠳ᠋ ᠪᠠᠷᠠᠭᠠᠨ ᠤ᠋ ᠭᠦᠢᠯᠭᠡᠭᠡ ᠶ᠋ᠢᠨ ᠲᠤᠤᠷ ᠢ᠋ ᠪᠠᠢᠭᠤᠯᠵᠤ᠂ ᠬᠤᠷᠠᠮᠠᠯ ᠲᠣᠭ᠍ᠲᠠᠮᠠᠯ ᠳᠤᠯᠠᠭᠠᠨ ᠤ᠋ ᠱᠢᠰᠲ᠋ᠧᠮ᠂ ᠡᠷᠡᠭᠦᠯ ᠮᠡᠨᠳᠦ᠍ ᠶ᠋ᠢᠨ ᠬᠢᠨᠠᠨ ᠬᠡᠮᠵᠢᠯᠲᠡ ᠶ᠋ᠢᠨ ᠬᠡᠰᠡᠭ ᠤ᠋ᠨ ᠣᠶᠤᠨᠴᠢ ᠲᠤᠰᠭᠠᠶ ᠬᠡᠷᠡᠭᠯᠡᠭᠡᠨ ᠤ᠋ ᠦᠬᠡᠷ ᠲᠡᠭᠡᠭᠡᠬᠦ ᠲᠡᠷᠭᠡ ᠪᠡᠷ 48 ᠴᠠᠭ ᠲᠦ᠍ ᠵᠦᠵᠢᠶᠠᠩ ᠮᠥᠷᠡᠨ ᠤ᠋ ᠭᠤᠷᠪᠠᠯᠵᠢᠨ ᠬᠣᠢᠭ ᠲᠦ᠍ ᠱᠢᠭᠤᠳ ᠬᠥᠷᠬᠥ ᠶ᠋ᠢ ᠪᠡᠶᠡᠯᠡᠭᠦᠯᠪᠡ᠃ ᠡᠭᠦᠨ ᠤ᠋ ᠬᠠᠮᠲᠤ᠂ ᠬᠡᠷᠡᠭ᠌ᠯᠡᠭ᠌ᠴᠢᠳ ᠬᠤᠶᠠᠷ ᠬᠡᠮᠵᠢᠯᠲᠦ ᠺᠣᠳ᠋ ᠢ᠋ ᠱᠢᠷᠪᠢᠭᠰᠡᠬᠡᠷ ᠲᠡᠵᠢᠭᠡᠨ ᠦᠷᠡᠵᠢᠭᠦᠯᠦᠭᠰᠡᠨ ᠲᠠᠩᠰᠠ ᠡᠪᠬᠡᠮᠡᠯ᠂ ᠬᠢᠵᠢᠭ ᠤ᠋ᠨ ᠪᠠᠢᠴᠠᠭᠠᠯᠲᠠ ᠶ᠋ᠢᠨ ᠮᠡᠳᠡᠭᠡ ᠵᠠᠩᠭᠢ ᠬᠢᠭᠡᠳ ᠲᠡᠭᠡᠭᠡᠪᠦᠷᠢ ᠶ᠋ᠢᠨ ᠤᠯᠠ ᠮᠥᠷ ᠢ᠋ ᠪᠠᠢᠴᠠᠭᠠᠨ ᠦᠵᠡᠵᠦ ᠳᠡᠢᠯᠬᠦ ᠪᠤᠯᠵᠤ᠂ ᠪᠥᠬᠥ᠌ ᠶᠠᠪᠤᠴᠠ ᠶ᠋ᠢᠨ ᠮᠦᠷᠳᠡᠯᠲᠡ ᠵᠢ  ᠦᠨᠡᠨ ᠬᠦ᠌ ᠪᠠᠲᠤᠯᠠᠵᠤ ᠪᠤᠢ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号