《ᠬᠦᠬᠡᠬᠤᠳᠠ ᠵᠢᠨ ᠪᠠᠢᠴᠠᠭᠠᠬᠤ ᠠᠵᠢᠯᠳᠠᠨ ᠤ᠋ ᠬᠤᠰᠢᠭᠤᠴᠢ》 ᠬᠠᠤᠯᠢ ᠪᠡᠷ ᠵᠠᠰᠠᠬᠤ ᠦᠶ᠋ᠯᠡᠴᠢᠯᠡᠭᠡᠨ᠎ᠦ ᠠᠩᠭᠢ ᠪᠠᠢᠭᠤᠯᠤᠬᠳᠠᠵᠠᠢ
2026-06-02 09:48:18
ᠵᠣᠬᠢᠶᠠᠭ᠍ᠴᠢ᠄
ᠰᠢᠨᠡᠪᠢᠯᠢᠭ
ᠣᠩᠱᠢᠭ᠍ᠰᠠᠨ ᠣᠳᠠᠭ᠎ᠠ᠄
★★★☆☆

ᠪᠠᠢᠴᠠᠭᠠᠬᠤ ᠠᠵᠢᠯ᠎ᠤᠨ ᠬᠠᠮᠵᠢᠯᠴᠠᠭ᠎ᠠ᠎ᠶ᠋ᠢ ᠭᠦᠨᠵᠡᠭᠡᠶ ᠠᠬᠢᠭᠤᠯᠵᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠣᠳᠣᠬᠢᠴᠢᠯᠠᠯᠳᠠ ᠵᠢᠨ ᠪᠥᠲᠥᠭᠡᠨ ᠪᠠᠢᠭᠤᠯᠤᠯᠲᠠ᠎ᠳᠤ ᠬᠦᠴᠦᠨ ᠨᠡᠮᠡᠷᠢᠯᠡᠬᠦ᠌᠎ᠶ᠋ᠢᠨ ᠲᠥᠯᠥᠭᠡ ᠲᠦᠷᠦᠬᠦᠬᠡᠨ ᠬᠥᠬᠡᠬᠣᠲᠠ᠎ᠶ᠋ᠢᠨ ᠠᠷᠠᠳ᠎ᠤᠨ ᠪᠠᠢᠴᠠᠭᠠᠬᠤ ᠬᠣᠷᠢᠶ᠎ᠠ᠂ ᠬᠥᠬᠡᠬᠣᠲᠠ᠎ᠶ᠋ᠢᠨ ᠴᠡᠷᠢᠭ᠎ᠦᠨ ᠶᠠᠪᠤᠳᠠᠯ᠎ᠤᠨ ᠪᠠᠢᠴᠠᠭᠠᠬᠤ ᠬᠣᠷᠢᠶ᠎ᠠ᠎ᠲᠠᠶ ᠬᠠᠮᠲᠤᠷᠠᠨ᠂ 《ᠬᠦᠬᠡᠬᠤᠳᠠ ᠵᠢᠨ ᠪᠠᠢᠴᠠᠭᠠᠬᠤ ᠠᠵᠢᠯᠳᠠᠨ ᠤ᠋ ᠬᠤᠰᠢᠭᠤᠴᠢ》 ᠬᠠᠤᠯᠢ ᠪᠡᠷ ᠵᠠᠰᠠᠬᠤ ᠦᠶ᠋ᠯᠡᠴᠢᠯᠡᠭᠡᠨ᠎ᠦ ᠠᠩᠭᠢ᠎ᠳᠤ ᠲᠣᠭ ᠣᠯᠭᠣᠬᠤ ᠶᠣᠰᠣᠯᠠᠯ ᠶᠠᠪᠤᠭᠤᠯᠪᠠ᠃

《ᠬᠦᠬᠡᠬᠤᠳᠠ ᠵᠢᠨ ᠪᠠᠢᠴᠠᠭᠠᠬᠤ ᠠᠵᠢᠯᠳᠠᠨ ᠤ᠋ ᠬᠤᠰᠢᠭᠤᠴᠢ》 ᠬᠠᠤᠯᠢ ᠪᠡᠷ ᠵᠠᠰᠠᠬᠤ ᠦᠢᠯᠡᠴᠢᠯᠡᠭᠡᠨ᠎ᠦ ᠠᠩᠬᠢ᠎ᠶ᠋ᠢ ᠬᠥᠬᠡᠬᠣᠲᠠ᠎ᠶ᠋ᠢᠨ ᠠᠷᠠᠳ᠎ᠤᠨ ᠪᠠᠢᠴᠠᠭᠠᠬᠤ ᠬᠤᠷᠢᠶ᠎ᠠ ᠪᠠ ᠬᠥᠬᠡᠬᠣᠲᠠ᠎ᠶ᠋ᠢᠨ ᠴᠡᠷᠢᠭ᠎ᠦᠨ ᠶᠠᠪᠤᠳᠠᠯ ᠤ᠋ᠨ ᠪᠠᠢᠴᠠᠭᠠᠬᠤ ᠬᠤᠷᠢᠶ᠎ᠠ ᠬᠠᠮᠲᠤᠷᠠᠨ ᠵᠣᠬᠢᠶᠠᠨ ᠪᠠᠢᠭᠤᠯᠵᠠᠢ᠃ ᠲᠤᠰ ᠡᠩᠨᠡᠬᠡ ᠨᠢ ᠪᠠᠢᠴᠠᠭᠠᠬᠤ ᠪᠠᠢᠭᠤᠯᠭ᠎ᠠ᠎ᠶ᠋ᠢᠨ ᠱᠢᠯᠢᠳᠡᠭ ᠪᠠᠢᠴᠠᠭᠠᠬᠤ ᠬᠦᠴᠦᠨ᠎ᠢ ᠨᠢᠭ᠍ᠲᠠᠷᠠᠭᠤᠯᠵᠤ᠂ ᠪᠦᠬᠦ᠌ ᠣᠷᠣᠨ ᠪᠦᠰᠡ ᠵᠢ ᠬᠠᠮᠤᠷᠤᠬᠰᠠᠨ ᠪᠠᠢᠷᠢᠱᠢᠯ᠎ᠢ ᠪᠤᠢ ᠪᠣᠯᠭᠠᠵᠤ᠂ ᠡᠷᠡᠭᠦᠦ᠍᠎ᠶ᠋ᠢᠨ ᠬᠡᠷᠡᠭ᠂ ᠢᠷᠭᠡᠨ᠎ᠦ ᠬᠡᠷᠡᠭ᠂ ᠵᠠᠰᠠᠭ ᠵᠠᠬᠢᠷᠭᠠᠨ᠂ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ ᠵᠢᠴᠢ ᠵᠠᠭᠠᠯᠳᠤᠯᠭ᠎ᠠ ᠭᠣᠮᠣᠳᠠᠯ ᠲᠤᠭᠠᠴᠢᠯᠲᠠ ᠵᠡᠷᠭᠡ ᠲᠠᠪᠤᠨ ᠶᠡᠬᠡ ᠲᠤᠬᠠᠢᠯᠠᠭ᠍ᠰᠠᠨ ᠠᠵᠢᠯ᠎ᠢ ᠨᠡᠪᠲᠡᠷᠡᠭᠦᠯᠪᠡ᠃

ᠲᠤᠰ ᠡᠩᠨᠡᠭᠡ ᠨᠢ ᠪᠠᠢᠴᠠᠭᠠᠬᠤ ᠠᠵᠢᠯ᠎ᠤᠨ ᠬᠠᠮᠵᠢᠯᠴᠠᠬᠤ ᠵᠦᠢᠯᠡᠰ᠎ᠦᠨ ᠠᠵᠢᠯ᠎ᠤᠨ ᠪᠠᠢᠷᠢᠯᠠᠭᠤᠯᠤᠯᠲᠠ ᠪᠠ ᠬᠠᠤᠯᠢ᠎ᠪᠠᠷ ᠵᠠᠰᠠᠬᠤ ᠪᠠᠢᠭᠤᠯᠤᠯᠲᠠ᠎ᠶ᠋ᠢᠨ ᠪᠣᠳᠠᠲᠠᠢ ᠬᠡᠷᠡᠭ᠌ᠴᠡᠭᠡ᠎ᠲᠡᠶ ᠨᠢᠭ᠍ᠲᠠ ᠤᠶᠠᠯᠳᠤᠨ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠠᠱᠢᠭ ᠲᠤᠰᠠ᠎ᠶ᠋ᠢ ᠬᠠᠮᠠᠭᠠᠯᠠᠬᠤ᠂ ᠴᠡᠷᠢᠭ ᠪᠠ ᠴᠡᠷᠢᠭ᠎ᠦᠨ ᠭᠡᠷ ᠪᠦᠯᠢ᠎ᠶ᠋ᠢᠨ ᠬᠢᠨ᠎ᠦ ᠡᠷᠬᠡ ᠠᠱᠢᠭ᠎ᠢ ᠪᠠᠲᠤᠯᠠᠬᠤ ᠵᠡᠷᠭᠡ ᠭᠣᠣᠯᠳᠠᠯᠭ᠎ᠠ᠎ᠲᠠᠶ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠡᠢ᠃ ᠮᠦᠨ ᠨᠢᠭᠡ ᠴᠤᠭ᠍ᠴᠠᠵᠢᠭᠤᠯᠤᠨ ᠲᠤᠱᠢᠶᠠᠯ ᠬᠠᠷᠢᠭᠤᠴᠠᠯᠭ᠎ᠠ ᠎ᠪᠠᠨ ᠭᠦᠢᠴᠡᠳᠭᠡᠬᠦ᠌᠂ ᠲᠤᠱᠢᠶᠠᠯ ᠬᠠᠷᠢᠭᠤᠴᠠᠯᠭ᠎ᠠ᠎ᠪᠠᠨ ᠶᠡᠷᠦᠩᠬᠡᠢᠯᠡᠨ ᠭᠦᠢᠴᠡᠳᠭᠡᠬᠦ᠌᠎ᠪᠡᠷ ᠲᠠᠮᠵᠢᠨ᠂ ᠪᠠᠢᠴᠠᠭᠠᠬᠤ ᠡᠭᠦᠷᠭᠡ ᠴᠢᠳᠠᠪᠬᠢ᠎ᠶ᠋ᠢ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠬᠠᠮᠤᠭ᠎ᠤᠨ ᠡᠮᠦᠨ᠎ᠡ ᠵᠠᠬ᠎ᠠ᠎ᠳᠤ ᠬᠦᠷᠲᠡᠯ᠎ᠡ ᠤᠷᠲᠤᠳᠭᠠᠵᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠠᠱᠢᠭ ᠲᠤᠰᠠ᠎ᠶ᠋ᠢᠨ ᠰᠠᠢᠨ 《ᠬᠠᠮᠠᠭᠠᠯᠠᠭ᠍ᠴᠢ》 ᠪᠠ ᠴᠡᠷᠢᠭ ᠬᠥᠮᠦᠨ ᠪᠠ ᠴᠡᠷᠢᠭ᠎ᠦᠨ ᠭᠡᠷ ᠪᠦᠯᠢ᠎ᠶ᠋ᠢᠨ ᠬᠢᠨ᠎ᠦ ᠬᠠᠤᠯᠢ ᠶᠣᠰᠣᠨ᠎ᠤ ᠡᠷᠬᠡ ᠠᠱᠢᠭ᠎ᠤᠨ ᠰᠠᠢᠨ 《ᠬᠠᠮᠠᠭᠠᠯᠠᠭ᠍ᠴᠢ》 ᠪᠤᠯᠬᠤ ᠵᠢ ᠵᠤᠷᠢᠬᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号