ᠥᠪᠥᠷ ᠮᠣᠩᠭᠣᠯ᠎ᠤᠨ 4 ᠰᠢᠭᠦᠬᠦ ᠲᠢᠩᠬᠢᠮ ᠲᠦᠷᠦᠭᠦᠦ ᠪᠦᠯᠦᠭ᠎ᠤᠨ ᠪᠥᠬᠥ ᠤᠯᠤᠰ᠎ᠤᠨ 《ᠹᠧᠩᠴᠢᠶᠣᠤ ᠮᠠᠶᠢᠭ᠋᠎ᠤᠨ ᠠᠷᠠᠳ᠎ᠤᠨ ᠰᠢᠭᠦᠬᠦ ᠲᠢᠩᠬᠢᠮ》 ᠢ᠋ᠢᠡᠷ ᠨᠡᠷᠡᠢᠲᠦᠭᠲᠡᠪᠡ
2026-06-02 09:50:43
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠬᠴᠢ ᠦᠪᠦᠷ ᠮᠤᠩᠭᠤᠯ᠎ᠤᠨ ᠦᠪᠡᠷᠲᠡᠭᠡᠨ ᠵᠠᠰᠬᠠᠤ ᠤᠷᠤᠨ᠎ᠤ ᠠᠷᠠᠳ᠎ᠤᠨ ᠦᠨᠳᠦᠷ ᠵᠡᠷᠭᠡ ᠢ᠋ᠢᠨ ᠰᠢᠭᠦᠭᠦ ᠬᠤᠷᠢᠶ᠎ᠠ ᠡᠴᠡ ᠤᠢᠯᠠᠭᠠᠬᠰᠠᠨ ᠢ᠋ᠢᠡᠷ᠂ ᠤᠢᠷ᠎ᠠ ᠎ᠳᠤ᠂ ᠠᠷᠠᠳ᠎ᠤᠨ ᠲᠡᠭᠡᠲᠦ ᠰᠢᠭᠦᠭᠦ ᠬᠤᠷᠢᠶ᠎ᠠ ᠡᠴᠡ ᠲᠦᠷᠦᠭᠦᠦ ᠪᠦᠯᠦᠭ᠎ᠤᠨ 100 ᠨᠡᠷᠡᠰ ᠪᠦᠬᠦ ᠤᠯᠤᠰ᠎ᠤᠨ 《ᠹᠸᠩᠴᠢᠶᠤᠤ ᠮᠠᠶᠢᠭ᠋᠎ᠤᠨ ᠠᠷᠠᠳ᠎ᠤᠨ ᠰᠢᠭᠦᠬᠦ ᠲᠢᠩᠬᠢᠮ》 ᠢ᠋ ᠨᠡᠢᠲᠡᠯᠡᠵᠦ᠂ ᠡᠭᠦᠨ᠎ᠳᠤ ᠦᠪᠦᠷ ᠮᠤᠩᠭᠤᠯ᠎ᠤᠨ ᠦᠪᠡᠷᠲᠡᠭᠡᠨ ᠵᠠᠰᠬᠠᠤ ᠤᠷᠤᠨ᠎ᠤ 4 ᠰᠢᠭᠦᠬᠦ ᠲᠢᠩᠬᠢᠮ 《ᠹᠸᠩᠴᠢᠶᠤᠤ ᠮᠠᠶᠢᠭ᠋᠎ᠤᠨ ᠠᠷᠠᠳ᠎ᠤᠨ ᠰᠢᠭᠦᠬᠦ ᠲᠢᠩᠬᠢᠮ》 ᠢ᠋ᠢᠡᠷ ᠨᠡᠷᠡᠢᠲᠦᠭᠲᠡᠪᠡ᠃

ᠰᠢᠨ᠎ᠡ ᠴᠠᠭ ᠦᠶ᠎ᠡ᠎ᠶᠢᠨ 《ᠹᠸᠩᠴᠢᠶᠤᠤ ᠵᠢᠨ ᠲᠤᠷᠰᠢᠯᠭ᠎ᠠ》 ᠵᠢ ᠪᠠᠷᠢᠮᠲᠠᠯᠠᠨ ᠬᠥᠭᠵᠢᠭᠦᠯᠬᠦ ᠵᠢᠱ᠌ᠢᠶ᠎ᠡ ᠦᠵᠡᠭᠦᠯᠬᠦ ᠬᠡᠪ ᠳᠠᠭᠤᠷᠢᠶᠠᠯ᠎ᠢ ᠪᠤᠶ ᠪᠣᠯᠭᠠᠵᠦ᠂ ᠳᠣᠲᠣᠭᠠᠳᠤ ᠬᠥᠳᠡᠯᠭᠡᠬᠦ ᠬᠦᠴᠦᠨ᠎ᠢ ᠴᠢᠨᠠᠬᠰᠢᠲᠠ ᠬᠦᠭᠵᠢᠭᠡᠨ᠂ ᠠᠷᠠᠳ᠎ᠤᠨ ᠰᠢᠭᠦᠬᠦ ᠲᠢᠩᠬᠢᠮ᠎ᠦᠨ ᠪᠦᠬᠦ ᠲᠠᠯ᠎ᠠ᠎ᠶᠢᠨ ᠪᠠᠢᠭᠤᠯᠤᠯᠲᠠ᠎ᠶᠢᠨ ᠲᠠᠬᠢᠨ ᠰᠢᠨ᠎ᠡ ᠳᠡᠭᠲᠡᠷ᠎ᠲᠦ ᠭᠠᠷᠬᠤ᠎ᠶᠢ ᠠᠬᠢᠭᠤᠯᠵᠤ᠂ ᠪᠦᠬᠦ ᠲᠠᠯ᠎ᠠ᠎ᠪᠠᠷ ᠡᠭᠦᠳᠦᠨ ᠪᠠᠶ᠋ᠢᠭᠤᠯᠬᠤ᠂ ᠱᠠᠲᠤ ᠳᠠᠷᠠᠭᠠᠯᠠᠨ ᠲᠠᠨᠢᠯᠴᠠᠭᠤᠯᠬᠤ᠂ ᠦᠨᠡᠯᠡᠨ ᠵᠢᠱ᠌ᠢᠵᠦ ᠰᠢᠯᠭᠠᠨ ᠠᠪᠬᠤ ᠪᠠ ᠨᠡᠢᠭᠡᠮ ᠨᠡᠶ᠋ᠢᠲᠡ᠎ᠳᠦ ᠵᠠᠷᠯᠠᠨ ᠨᠡᠢᠲᠡᠯᠡᠬᠦ᠎ᠪᠡᠷ ᠳᠠᠮᠵᠢᠨ᠂ ᠠᠷᠠᠳ᠎ᠤᠨ ᠳᠡᠭᠡᠳᠦ ᠰᠢᠭᠦᠬᠦ ᠬᠣᠷᠢᠶ᠎ᠠ ᠡᠴᠡ 100 ᠠᠷᠠᠳ᠎ᠤᠨ ᠰᠢᠭᠦᠬᠦ ᠲᠢᠩᠬᠢᠮ᠎ᠢ ᠲᠦᠷᠦᠭᠦᠦ ᠪᠦᠯᠦᠭ᠎ᠦᠨ ᠪᠥᠬᠥ ᠤᠯᠤᠰ᠎ᠤᠨ 《ᠹᠸᠩᠴᠢᠶᠤᠤ ᠮᠠᠶᠢᠭ᠋᠎ᠤᠨ ᠠᠷᠠᠳ᠎ᠤᠨ ᠰᠢᠭᠦᠬᠦ ᠲᠢᠩᠬᠢᠮ》 ᠢ᠋ᠢᠡᠷ ᠨᠡᠷᠡᠢᠳᠬᠦ᠎ᠪᠡᠷ ᠲᠣᠭᠲᠠᠭᠠᠪᠠ᠃ ᠲᠤᠰ ᠤᠳᠠᠭ᠎ᠠ ᠵᠢᠨ ᠰᠤᠩᠭᠤᠬᠲᠠᠬᠰᠠᠨ ᠦᠪᠦᠷ ᠮᠤᠩᠭᠤᠯ᠎ᠤᠨ 4 ᠰᠢᠭᠦᠭᠦ ᠲᠢᠩᠬᠢᠮ᠎ᠳᠦ᠂ ᠲᠦᠮᠡᠳ ᠪᠠᠷᠠᠭᠤᠨ ᠬᠣᠰᠢᠭᠤᠨ᠎ᠤ ᠠᠷᠠᠳ᠎ᠤᠨ ᠰᠢᠭᠦᠬᠦ ᠬᠣᠷᠢᠶᠠᠨ᠎ᠤ ᠮᠠᠶ᠋ᠢᠳᠠᠷ ᠵᠣᠣ᠎ᠶᠢᠨ ᠠᠷᠠᠳ᠎ᠤᠨ ᠰᠢᠭᠦᠬᠦ ᠲᠢᠩᠬᠢᠮ᠂ ᠰᠢᠨ᠎ᠡ ᠪᠠᠷᠭᠤ ᠪᠠᠷᠠᠭᠤᠨ ᠬᠣᠰᠢᠭᠤᠨ᠎ᠤ ᠠᠷᠠᠳ᠎ᠤᠨ ᠰᠢᠭᠦᠬᠦ ᠬᠣᠷᠢᠶᠠᠨ᠎ᠤ ᠪᠣᠭᠳᠠ ᠠᠭᠤᠯᠠ ᠵᠢᠨ ᠠᠷᠠᠳ᠎ᠤᠨ ᠰᠢᠭᠦᠬᠦ ᠲᠢᠩᠬᠢᠮ᠂ ᠵᠠᠷᠤᠳ ᠬᠣᠰᠢᠭᠤᠨ᠎ᠤ ᠠᠷᠠᠳ᠎ᠤᠨ ᠰᠢᠭᠦᠬᠦ ᠬᠣᠷᠢᠶᠠᠨ᠎ᠤ ᠦᠯᠵᠡᠢᠮᠦ᠋ᠷᠡᠨ᠎ᠤ ᠠᠷᠠᠳ᠎ᠤᠨ ᠰᠢᠭᠦᠬᠦ ᠲᠢᠩᠬᠢᠮ᠂ ᠬᠡᠰᠢᠭᠲᠡᠨ ᠬᠣᠰᠢᠭᠤᠨ᠎ᠤ ᠠᠷᠠᠳ᠎ᠤᠨ ᠰᠢᠭᠦᠬᠦ ᠬᠣᠷᠢᠶᠠᠨ᠎ᠤ ᠳᠠᠯᠠᠢ ᠨᠠᠭᠤᠷ᠎ᠤᠨ ᠠᠷᠠᠳ᠎ᠤᠨ ᠰᠢᠭᠦᠬᠦ ᠲᠢᠩᠬᠢᠮ ᠪᠤᠯᠤᠨ᠎ᠠ᠃

2023 ᠣᠨ᠎ᠤ 11 ᠰᠠᠷ᠎ᠠ᠎ᠳᠤ ᠠᠷᠠᠳ᠎ᠤᠨ ᠳᠡᠭᠡᠳᠦ ᠰᠢᠭᠦᠬᠦ ᠬᠣᠷᠢᠶ᠎ᠠ 《ᠹᠸᠩᠴᠢᠶᠤᠤ ᠮᠠᠶᠢᠭ᠋᠎ᠤᠨ ᠠᠷᠠᠳ᠎ᠤᠨ ᠰᠢᠭᠦᠬᠦ ᠲᠢᠩᠬᠢᠮ》 ᠢ᠋ ᠡᠭᠦᠳᠦᠨ ᠪᠠᠶ᠋ᠢᠭᠤᠯᠬᠤ ᠵᠢᠱ᠌ᠢᠶ᠎ᠡ ᠦᠵᠡᠭᠦᠯᠬᠦ ᠠᠵᠢᠯᠯᠠᠭ᠎ᠠ ᠎ᠶᠢ ᠪᠠᠢᠷᠢᠯᠠᠭᠤᠯᠤᠨ ᠥᠷᠨᠢᠭᠦᠯᠦᠭᠰᠡᠨ᠎ᠡᠴᠡ ᠨᠠᠭᠠᠰᠢ᠂ ᠡᠯ᠎ᠡ ᠱᠠᠲᠤᠨ᠎ᠤ ᠠᠷᠠᠳ᠎ᠤᠨ ᠰᠢᠭᠦᠬᠦ ᠬᠣᠷᠢᠶ᠎ᠠ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠤᠯᠭᠠᠵᠦ᠂ ᠰᠢ᠎ᠶᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠎ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠶᠡᠷᠦᠩᠬᠡᠢ ᠱᠦᠵᠢ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ 《ᠹᠸᠩᠴᠢᠶᠤᠤ ᠵᠢᠨ ᠲᠤᠷᠰᠢᠯᠭ᠎ᠠ》 ᠵᠢ ᠪᠠᠷᠢᠮᠲᠠᠯᠠᠨ ᠬᠥᠭᠵᠢᠭᠦᠯᠬᠦ ᠲᠤᠬᠠᠢ ᠠᠯᠢ ᠣᠯᠠᠨ ᠴᠢᠬᠤᠯᠠ ᠥᠭᠦᠯᠡᠯᠲᠡ᠎ᠶᠢᠨ ᠵᠣᠷᠢᠭ᠋ ᠰᠠᠨᠠᠭ᠎ᠠ᠎ᠶᠢ ᠬᠢᠨᠠᠮᠠᠭᠠᠢ ᠰᠤᠷᠤᠯᠴᠠᠨ ᠲᠤᠭᠤᠰᠢᠯᠠᠭᠤᠯᠵᠦ᠂ ᠶᠡᠬᠡ ᠲᠠᠯ᠎ᠠ᠎ᠳᠤ ᠦᠢᠯᠡᠴᠢᠯᠡᠬᠦ᠂ ᠠᠷᠠᠳ᠎ᠤᠨ ᠲᠥᠯᠥᠭᠡ ᠬᠠᠤᠯᠢ ᠪᠠᠷᠢᠬᠤ᠎ᠶᠢ ᠪᠠᠷᠢᠮᠲᠠᠯᠠᠵᠤ᠂ ᠥᠷᠭᠡᠨ ᠤᠯᠠᠨ ᠠᠷᠠᠳ᠎ᠤᠨ ᠰᠢᠭᠦᠬᠦ ᠲᠢᠩᠬᠢᠮ᠎ᠢ ᠢᠳᠡᠪᠬᠢᠲᠡᠢ᠎ᠪᠡᠷ ᠲᠠᠢ᠍ᠢᠴᠢᠯᠠᠨ ᠵᠣᠬᠢᠶᠠᠨ ᠪᠠᠢᠭᠤᠯᠵᠤ ᠡᠭᠦᠳᠦᠨ ᠪᠠᠶ᠋ᠢᠭᠤᠯᠬᠤ ᠠᠵᠢᠯ᠎ᠢ ᠭᠦᠨᠵᠡᠭᠡᠢ ᠥᠷᠨᠢᠭᠦᠯᠵᠦ᠂ ᠨᠡᠢᠭᠡᠮ᠎ᠦᠨ ᠵᠥᠷᠢᠴᠡᠯ ᠵᠠᠭᠤᠷᠠᠯᠳᠤᠭᠠᠨ᠎ᠢ ᠤᠯᠠᠨ ᠡᠰᠢᠴᠢᠯᠡᠨ ᠤᠷᠢᠳᠴᠢᠯᠠᠨ ᠰᠡᠷᠭᠡᠢᠯᠡᠬᠦ ᠪᠠ ᠡᠶᠡᠳᠡᠭᠦᠯᠦᠨ ᠰᠢᠢᠳᠪᠦᠷᠢᠯᠡᠵᠦ ᠠᠷᠢᠯᠭᠠᠬᠤ ᠶᠡᠷᠦᠩᠬᠡᠢᠯᠡᠭᠰᠡᠨ ᠲᠣᠭᠲᠠᠴᠠ᠎ᠶᠢ ᠲᠠᠰᠤᠷᠠᠯᠳᠠ ᠦᠭᠡᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠮᠤᠭᠤᠯᠠᠩᠲᠦ ᠳᠤᠮᠳᠠᠳᠤ ᠤᠯᠤᠰ᠂ ᠬᠠᠤᠯᠢ᠎ᠪᠠᠷ ᠵᠠᠰᠠᠬᠤ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶᠢ ᠠᠬᠢᠭᠤᠯᠬᠤ᠎ᠳᠤ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠡᠨ ᠦᠵᠡᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号