ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶᠢᠨ ᠰᠢᠭᠦᠬᠦ ᠬᠣᠷᠢᠶ᠎ᠠ 《ᠵᠥᠷᠢᠴᠡᠯ ᠵᠠᠭᠤᠷᠠᠯᠳᠤᠭᠠᠨ᠎ᠢ ᠦᠨᠡᠨ ᠪᠣᠳᠠᠲᠠᠢ᠎ᠪᠠᠷ ᠰᠢᠢᠳᠪᠦᠷᠢᠯᠡᠬᠦ᠎ᠶᠢ ᠪᠥᠬᠥ ᠶᠠᠪᠤᠴᠠ᠎ᠪᠠᠷ ᠠᠬᠢᠭᠤᠯᠬᠤ ᠲᠤᠬᠠᠢ ᠬᠡᠷᠡᠭᠵᠢᠭᠦᠯᠬᠦ ᠲᠥᠰᠥᠯ》 (ᠲᠤᠷᠤᠭᠰᠢ 《ᠬᠡᠷᠡᠭᠵᠢᠭᠦᠯᠬᠦ ᠲᠦᠰᠦᠯ》 ᠭᠡᠵᠦ ᠲᠤᠪᠴᠢᠯᠠᠨ᠎ᠠ) ᠢ᠋ ᠳᠠᠷᠤᠮᠠᠯᠯᠠᠨ ᠲᠠᠷᠬᠠᠭᠠᠵᠤ᠂ ᠰᠢᠰᠲᠧᠮᠵᠢᠭᠦᠯᠦᠭᠰᠡᠨ ᠲᠣᠭᠲᠠᠴᠠ᠂ ᠪᠥᠬᠥ ᠬᠡᠯᠬᠢᠶᠡᠵᠢᠭᠰᠡᠨ ᠠᠷᠭ᠎ᠠ ᠬᠡᠮᠵᠢᠶ᠎ᠡ᠂ ᠪᠢᠲᠡᠭᠦᠦ ᠴᠠᠭᠠᠷᠢᠬ᠎ᠳᠦ ᠬᠠᠮᠢᠶᠠᠷᠤᠯᠲᠠ᠎ᠪᠠᠷ ᠵᠥᠷᠢᠴᠡᠯ ᠵᠠᠭᠤᠷᠠᠯᠳᠤᠭᠠᠨ᠎ᠢ ᠤᠷᠢᠳᠴᠢᠯᠠᠨ ᠰᠡᠷᠭᠡᠢᠯᠡᠵᠦ ᠰᠢᠢᠳᠪᠦᠷᠢᠯᠡᠬᠦ᠎ᠶᠢᠨ ᠬᠠᠤᠯᠢ᠎ᠪᠠᠷ ᠵᠠᠰᠠᠬᠤ ᠲᠦᠪᠰᠢᠨ᠎ᠢ ᠬᠦᠴᠦᠯᠡᠨ ᠳᠡᠭᠡᠭᠰᠢᠯᠡᠭᠦᠯᠦᠨ᠎ᠡ᠃
《ᠬᠡᠷᠡᠭᠵᠢᠭᠦᠯᠬᠦ ᠲᠥᠰᠥᠯ》᠎ᠳ᠋ᠤ᠂ ᠪᠥᠬᠥ ᠣᠷᠣᠨ᠎ᠤ ᠰᠢᠭᠦᠬᠦ ᠬᠣᠷᠢᠶ᠎ᠠ᠎ᠶᠢᠨ ᠠᠵᠢᠯ᠎ᠤᠨ ᠪᠣᠳᠠᠲᠤ ᠪᠠᠢᠳᠠᠯ᠎ᠳᠤ ᠰᠠᠭᠤᠷᠢᠯᠠᠨ᠂ ᠡᠬᠢ ᠡᠭᠦᠰᠦᠯ᠂ ᠬᠡᠷᠡᠭ ᠪᠣᠯᠭᠠᠨ ᠳᠠᠩᠰᠠᠯᠠᠬᠤ᠂ ᠡᠶᠡᠳᠡᠭᠦᠯᠬᠦ᠂ ᠰᠢᠭᠦᠨ ᠲᠠᠰᠤᠯᠬᠤ᠂ ᠭᠦᠢᠴᠡᠳᠬᠡᠬᠦ᠂ ᠵᠠᠬᠢᠳᠠᠯ ᠰᠣᠷᠪᠤᠯᠵᠢᠯᠠᠯ᠂ ᠵᠠᠰᠠᠯᠲᠠ ᠵᠡᠷᠭᠡ ᠡᠯ᠎ᠡ ᠭᠣᠭᠴᠣᠭ᠎ᠠ᠎ᠶᠢ ᠵᠤᠯᠭᠠᠭᠤᠯᠬᠤ 《ᠲᠤᠯᠤᠭᠠᠨ ᠠᠯᠬᠤᠮ᠎ᠤᠨ ᠵᠠᠭᠤᠷᠠᠯᠳᠤᠭᠠᠨ᠎ᠢ ᠰᠢᠢᠳᠪᠦᠷᠢᠯᠡᠬᠦ ᠠᠷᠭ᠎ᠠ》ᠵᠢ ᠪᠤᠢ ᠪᠤᠯᠭᠠᠨ᠎ᠠ᠄ ᠲᠠᠷᠤᠢ ᠡᠬᠢ ᠡᠭᠦᠰᠦᠯ᠎ᠡᠴᠡ ᠨᠢ ᠵᠠᠰᠠᠬᠤ ᠰᠡᠷᠭᠡᠢᠯᠡᠯᠲᠡ᠎ᠶᠢᠨ ᠱᠤᠭᠤᠮ᠎ᠢ ᠪᠠᠲᠤ ᠪᠠᠢᠭᠤᠯᠵᠤ᠂ ᠶᠡᠷᠦᠩᠬᠡᠢᠯᠡᠨ ᠵᠠᠰᠠᠬᠤ ᠲᠥᠪ᠎ᠦᠨ ᠪᠦᠲᠦᠭᠡᠨ ᠪᠠᠢᠭᠤᠯᠤᠯᠲᠠ᠎ᠳᠤ ᠢᠳᠡᠪᠬᠢᠲᠡᠢ ᠣᠷᠣᠯᠴᠠᠵᠤ᠂ ᠵᠥᠷᠢᠴᠡᠯ ᠵᠠᠭᠤᠷᠠᠯᠳᠤᠭᠠᠨ᠎ᠢ ᠡᠬᠢ ᠡᠭᠦᠰᠦᠯ᠎ᠡᠴᠡ ᠨᠢ ᠤᠷᠢᠳᠴᠢᠯᠠᠨ ᠰᠡᠷᠭᠡᠢᠯᠡᠬᠦ᠂ ᠴᠤᠬᠤᠢᠯᠳᠠ ᠵᠢᠨ ᠬᠤᠭᠤᠴᠠᠭᠠᠨ᠎ᠳᠦ᠎ᠨᠢ ᠡᠵᠡᠮᠳᠡᠬᠦ᠎ᠶᠢ ᠠᠬᠢᠭᠤᠯᠤᠨ᠎ᠠ; ᠬᠡᠷᠡᠭ ᠪᠣᠯᠭᠠᠨ ᠳᠠᠩᠰᠠᠯᠠᠬᠤ ᠦᠢᠯᠡᠴᠢᠯᠡᠭᠡᠨ᠎ᠦ ᠰᠢᠰᠲ᠋ᠸᠮ᠎ᠢ ᠰᠢᠯᠢᠳᠡᠭᠵᠢᠭᠦᠯᠵᠦ᠂ ᠬᠡᠷᠡᠭ ᠪᠣᠯᠭᠠᠨ ᠳᠠᠩᠰᠠᠯᠠᠬᠤ ᠳᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠵᠢᠱ᠌ᠢᠶ᠎ᠡ ᠦᠵᠡᠭᠦᠯᠬᠦ ᠪᠢᠴᠢᠭ᠎ᠢ ᠪᠦᠬᠦ ᠲᠠᠯ᠎ᠠ᠎ᠪᠠᠷ ᠳᠡᠯᠭᠡᠷᠡᠭᠦᠯᠦᠨ᠎ᠡ; ᠪᠦᠬᠦ ᠬᠡᠯᠬᠢᠶ᠎ᠡ᠎ᠪᠡᠷ ᠡᠶᠡᠳᠡᠭᠦᠯᠬᠦ ᠲᠣᠭᠲᠠᠴᠠ᠎ᠶᠢ ᠪᠦᠷᠢᠨᠰᠢᠭᠦᠯᠵᠦ᠂ ᠰᠢᠭᠦᠯᠲᠡ᠎ᠡᠴᠡ ᠡᠮᠦᠨᠡᠬᠢ ᠡᠶᠡᠳᠡᠭᠦᠯᠭᠡ᠎ᠶᠢ ᠴᠢᠩᠭᠠᠳᠬᠠᠵᠤ᠂ ᠰᠢᠭᠦᠨ ᠲᠠᠰᠤᠯᠬᠤ᠎ᠠᠴᠠ ᠡᠮᠦᠨᠡᠬᠢ ᠡᠶᠡᠳᠡᠭᠦᠯᠭᠡ᠎ᠶᠢ ᠵᠢᠷᠤᠮᠵᠢᠭᠤᠯᠵᠤ᠂ ᠳᠡᠭᠡᠭᠰᠢ ᠵᠠᠭᠠᠯᠳᠤᠬᠤ ᠱᠠᠲᠤᠨ᠎ᠤ ᠡᠶᠡᠳᠡᠭᠦᠯᠭᠡ᠎ᠶᠢ ᠲᠡᠭᠦᠯᠳᠡᠷᠵᠢᠭᠦᠯᠵᠦ᠂ ᠭᠦᠢᠴᠡᠳᠬᠡᠬᠦ ᠡᠶᠡᠳᠡᠭᠦᠯᠭᠡ᠎ᠶᠢ ᠭᠦᠨᠵᠡᠭᠡᠢᠷᠡᠭᠦᠯᠬᠦ᠎ᠶᠢᠨ ᠬᠠᠮᠲᠤ ᠡᠶᠡᠳᠡᠭᠦᠯᠭᠡ᠎ᠶᠢ ᠵᠠᠷᠭᠤ᠎ᠳᠤ ᠬᠣᠯᠪᠣᠭᠳᠠᠭᠰᠠᠨ ᠵᠠᠬᠢᠳᠠᠯ ᠰᠣᠷᠪᠤᠯᠵᠢᠯᠠᠯ᠎ᠤᠨ ᠬᠡᠷᠡᠭ᠎ᠢ ᠰᠢᠢᠳᠪᠦᠷᠢᠯᠡᠬᠦ ᠪᠦᠬᠦ ᠶᠠᠪᠤᠴᠠ᠎ᠳᠤ ᠲᠤᠭᠤᠰᠢᠯᠠᠭᠤᠯᠤᠨ᠎ᠠ; ᠰᠢᠭᠦᠨ ᠲᠠᠰᠤᠯᠬᠤ ᠠᠵᠢᠯ᠎ᠤᠨ ᠶᠠᠰᠦ ᠴᠢᠨᠠᠷ ᠦᠷ᠎ᠡ ᠪᠦᠲᠦᠮᠵᠢ᠎ᠶᠢ ᠳᠡᠭᠡᠭᠰᠢᠯᠡᠭᠦᠯᠵᠦ᠂ ᠲᠠᠰᠤᠯᠤᠨ ᠲᠣᠭᠲᠠᠭᠠᠯᠲᠠ᠎ᠶᠢᠨ ᠪᠢᠴᠢᠭ᠎ᠤᠨ ᠬᠠᠤᠯᠢ᠎ᠶᠢ ᠲᠠᠢᠯᠪᠤᠷᠢᠯᠠᠨ ᠶᠣᠰᠣ᠌ ᠶᠠᠷᠢᠬᠤ᠎ᠶᠢ ᠴᠢᠩᠭᠠᠳᠬᠠᠵᠤ᠂ ᠠᠳᠠᠯᠢ ᠲᠦᠷᠦᠯ᠎ᠤᠨ ᠬᠡᠷᠡᠭ᠎ᠦᠨ ᠲᠠᠰᠤᠯᠤᠨ ᠲᠣᠭᠲᠠᠭᠠᠯᠲᠠ᠎ᠶᠢᠨ ᠵᠢᠯᠣᠭᠣᠳᠤᠯᠭ᠎ᠠ᠎ᠶᠢ ᠴᠢᠩᠭᠠᠳᠬᠠᠨ᠎ᠠ; ᠭᠦᠢᠴᠡᠳᠭᠡᠬᠦ᠎ᠶᠢ ᠪᠤᠲᠠᠲᠠᠢᠵᠢᠭᠤᠯᠬᠤ ᠠᠵᠢᠯ᠎ᠢ ᠴᠢᠩᠭ᠎ᠠ ᠠᠳᠬᠤᠵᠤ᠂ ᠡᠶᠡᠲᠡᠭᠦᠯᠦᠨ ᠬᠦᠢᠴᠡᠳᠬᠡᠬᠦ ᠪᠣᠯᠣᠨ ᠢᠲᠡᠭᠡᠮᠵᠢ ᠵᠢ ᠰᠡᠷᠬᠦᠭᠡᠬᠦ᠎ᠶᠢᠨ ᠬᠣᠯᠪᠣᠯᠳᠤᠯ᠎ᠢ ᠠᠬᠢᠭᠤᠯᠵᠤ᠂ ᠬᠦᠢᠴᠡᠳᠬᠡᠬᠦ ᠪᠠ ᠲᠠᠮᠫᠤᠷᠠᠯ᠎ᠤᠨ ᠠᠭᠤᠰᠤᠯᠴᠠᠯ᠎ᠢ ᠭᠦᠨᠵᠡᠭᠡᠢᠷᠡᠭᠦᠯᠦᠨ᠎ᠡ; ᠵᠠᠷᠭᠤ᠎ᠳᠤ ᠬᠣᠯᠪᠣᠭᠳᠠᠭᠰᠠᠨ ᠵᠠᠬᠢᠳᠠᠯ ᠰᠣᠷᠪᠤᠯᠵᠢᠯᠠᠯ᠎ᠤᠨ ᠬᠠᠤᠯᠢ ᠪᠡᠷ ᠵᠠᠰᠠᠬᠤ ᠵᠢ ᠠᠬᠢᠭᠤᠯᠵᠤ᠂ 《ᠵᠠᠬᠢᠳᠠᠯ ᠰᠤᠷᠪᠤᠯᠵᠢᠯᠠᠯ ᠪᠠᠢᠪᠠᠯ ᠵᠠᠪᠠᠯ ᠬᠠᠷᠢᠭᠤ ᠦᠭᠬᠦ》 ᠵᠢ ᠪᠠᠢᠭᠤᠯᠤᠨ ᠪᠦᠷᠢᠨᠰᠢᠭᠦᠯᠵᠦ᠂ ᠬᠠᠮᠳᠤᠷᠠᠯᠴᠠᠨ ᠵᠠᠬᠢᠲᠠᠯ ᠰᠤᠷᠪᠤᠯᠵᠢᠯᠠᠯ᠎ᠤᠨ ᠵᠦᠷᠢᠴᠡᠯ ᠵᠠᠭᠤᠷᠠᠯᠳᠤᠭᠠᠨ ᠢ᠋ ᠨᠠᠮᠲᠠᠭᠤᠯᠬᠤ ᠵᠢ ᠴᠢᠩᠭᠠᠳᠬᠠᠨ᠎ᠠ; ᠨᠡᠢᠭᠡᠮ᠎ᠦᠨ ᠵᠠᠰᠠᠯᠲᠠ᠎ᠳᠤ ᠢᠳᠡᠪᠬᠢᠲᠡᠢ ᠠᠭᠤᠰᠤᠯᠴᠠᠵᠤ᠂ ᠬᠠᠤᠯᠢ ᠴᠠᠭᠠᠵᠠ᠎ᠶᠢᠨ ᠰᠠᠨᠠᠭᠤᠯᠭ᠎ᠠ᠎ᠶᠢᠨ ᠡᠬᠢ ᠡᠭᠦᠰᠦᠯ᠎ᠡᠴᠡ ᠨᠢ ᠵᠠᠰᠠᠬᠤ ᠦᠢᠯᠡᠳᠦᠯ᠎ᠢ ᠪᠠᠳᠠᠷᠠᠭᠤᠯᠵᠤ᠂ ᠵᠥᠷᠢᠴᠡᠯ ᠵᠠᠭᠤᠷᠠᠯᠳᠤᠭᠠᠨ᠎ᠢ ᠬᠠᠮᠵᠢᠯᠴᠠᠨ ᠰᠢᠢᠳᠪᠦᠷᠢᠯᠡᠬᠦ᠎ᠶᠢ ᠠᠬᠢᠭᠤᠯᠤᠨ᠎ᠠ᠃
《ᠬᠡᠷᠡᠭᠵᠢᠭᠦᠯᠬᠦ ᠲᠥᠰᠥᠯ》 ᠳ᠋ᠤ ᠪᠠᠰᠠ ᠭᠤᠷᠪᠠᠨ ᠱᠠᠲᠤᠨ᠎ᠤ ᠰᠢᠭᠦᠬᠦ ᠬᠣᠷᠢᠶᠠᠨ᠎ᠤ ᠲᠤᠰᠢᠶᠠᠯ ᠬᠠᠷᠢᠭᠤᠴᠠᠯᠭ᠎ᠠ᠎ᠶᠢᠨ ᠠᠵᠢᠯ᠎ᠤᠨ ᠬᠤᠪᠢᠶᠠᠷᠢᠯᠠᠯ᠎ᠢ ᠲᠣᠳᠣᠷᠬᠠᠢᠯᠠᠭᠰᠠᠨᠤ ᠬᠠᠮᠲᠤ ᠵᠢᠭ᠍ᠰᠠᠭᠠᠯ᠎ᠤᠨ ᠭᠠᠵᠠᠷ᠎ᠤᠨ ᠬᠠᠲᠠᠭᠤ ᠲᠤᠨᠤᠭ᠎ᠦᠨ ᠪᠠᠲᠤᠯᠠᠭ᠎ᠠ ᠵᠡᠷᠭᠡ᠎ᠳᠦ ᠪᠣᠳᠠᠲᠠᠢ ᠱᠠᠭᠠᠷᠳᠠᠯᠭ᠎ᠠ ᠳᠤᠷᠠᠳᠴᠠᠢ᠃